ᠪᠤᠭᠤᠲᠤ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠣᠳᠣ ᠦᠨᠡᠯᠡᠨ ᠳᠡᠰ ᠲᠣᠭᠲᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/8

    ᠣᠶᠢᠷ᠎ᠠ ᠶᠢᠨ ᠵᠢᠯ ᠳᠤ᠂ ᠦᠪᠤᠷ ᠮᠣᠩᠭᠤᠯ ᠤᠨ ᠦᠪᠠᠷᠳᠠᠬᠡᠠ ᠵᠠᠰᠠᠬᠤ ᠣᠷᠣᠨ ᠤ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠨᠤᠮᠵᠢᠲᠠᠢ ᠦᠢᠯᠡᠴᠢᠯᠡᠬᠦ ᠪᠠᠷ ᠬᠠᠷᠠᠯᠲᠠ ᠪᠣᠯᠭᠠᠨ᠂ ᠨᠠᠷᠢᠯᠢᠭ ᠬᠠᠮᠢᠶᠠᠷᠤᠯᠲᠠ ᠠᠴᠠ ᠭᠠᠷᠳᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ᠬᠥᠲᠥᠯᠦᠨ ᠵᠢᠯᠣᠭᠤᠳᠴᠤ ᠨᠡᠷᠡᠲᠦ ᠲᠥᠷᠥᠯ ᠲᠡᠮᠳᠡᠭ ᠤᠨ ᠦᠵᠡᠯ ᠤᠬᠠᠮᠰᠠᠷ ᠢ ᠪᠣᠢ ᠪᠣᠯᠭᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠣᠳᠣ ᠦᠨᠡᠯᠡᠨ ᠳᠡᠰ ᠲᠣᠭᠲᠠᠭᠠᠬᠤ ᠠᠵᠢᠯ ᠢ ᠰᠢᠨ᠎ᠡ ᠶᠢ ᠡᠭᠦᠳᠦᠨ ᠥᠷᠨᠢᠭᠦᠯᠪᠡ᠃

    ᠲᠣᠰ ᠲᠣᠪᠴᠢᠶ᠎ᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ︽ᠳᠥᠷᠪᠡᠨ ᠲᠥᠷᠥᠯ ᠤᠨ ᠲᠠᠪᠤᠨ ᠣᠳᠣ︾ ᠶᠣᠰᠣᠭᠠᠷ ᠬᠠᠮᠢᠶᠠᠷᠴᠤ᠂ ᠲᠤᠬᠠᠶᠢᠯᠠᠪᠠᠯ ᠨᠡᠶᠢᠭᠡᠮ ᠤᠨ ᠢᠳᠡᠭᠡᠨ ᠤᠮᠳᠠᠭᠠᠨ᠂ ᠲᠥᠪᠯᠡᠷᠡᠭᠦᠯᠦᠨ ᠬᠤᠭᠤᠯᠠ ᠢᠳᠡᠬᠦ ᠨᠢᠭᠡᠴᠢ᠂ ᠵᠢᠵᠢᠭ ᠢᠳᠡᠭᠡᠨ ᠤᠮᠳᠠᠭᠠᠨ᠂ ᠵᠢᠵᠢᠭ ᠬᠤᠭᠤᠯᠠᠨ ᠰᠢᠷᠡᠭᠡ ᠵᠡᠷᠭᠡ ᠳᠥᠷᠪᠡᠨ ᠲᠥᠷᠥᠯ ᠤᠨ ᠠᠳᠠᠯᠢ ᠪᠤᠰᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠣᠨᠴᠠᠯᠢᠭ ᠲᠤ ᠴᠢᠭᠯᠡᠭᠦᠯᠦᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠠᠵᠤ ᠠᠬᠤᠶᠢᠯᠠᠯ ᠤᠨ ᠦᠨᠡᠮᠯᠡᠯ ᠲᠠᠢ ᠵᠢᠷᠤᠮᠵᠢᠯ ᠲᠠᠢ ᠡᠵᠡᠩᠨᠡᠬᠦ᠂ ᠬᠤᠭᠤᠯᠠᠨ ᠤ ᠲᠣᠭᠤᠷᠢᠭ ᠨᠢ ᠴᠡᠪᠡᠷ ᠴᠡᠮᠴᠡᠭᠡᠷ ᠲᠣᠬᠢᠯᠢᠭ᠂ ᠲᠣᠭᠤᠭᠠᠨ ᠬᠡᠷ ᠤᠨ ᠠᠷᠢᠭᠤᠨ ᠴᠡᠪᠡᠷ ᠢ ᠪᠠᠷᠢᠮᠵᠢᠶ᠎ᠠ ᠳᠤ ᠬᠦᠷᠭᠡᠬᠦ᠂ ᠡᠳ᠋ᠰᠢᠭᠦᠯᠦᠨ ᠦᠢᠯᠡᠳᠬᠦ ᠵᠢᠷᠤᠮᠵᠢᠯ᠂ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠵᠡᠷᠭᠡ ᠲᠠᠯ᠎ᠠ ᠠᠴᠠ ᠲᠣᠭᠲᠠᠭᠠᠯ ᠳᠤ ᠨᠡᠶᠢᠴᠡᠭᠰᠡᠨ ᠤᠳᠤᠨ᠂ ᠬᠤᠭᠤᠯᠠᠨ ᠤ ᠲᠣᠭᠤᠷᠢᠭ ᠤᠨ ᠴᠡᠪᠡᠷ ᠴᠡᠮᠴᠡᠭᠡᠷ ᠣᠳᠣᠨ᠂ ᠲᠣᠭᠤᠭᠠᠨ ᠬᠡᠷ ᠤᠨ ᠪᠠᠷᠢᠮᠵᠢᠶ᠎ᠠ ᠳᠤ ᠬᠦᠷᠦᠭᠰᠡᠨ ᠣᠳᠣᠨ᠂ ᠰᠠᠨᠠᠭ᠎ᠠ ᠠᠮᠤᠷ ᠡᠳ᠋ᠰᠢᠭᠦᠯᠵᠦ ᠦᠢᠯᠡᠳᠦᠭᠰᠡᠨ ᠣᠳᠣᠨ᠂ ᠰᠢᠯᠢᠳᠡᠭ ᠬᠠᠮᠢᠶᠠᠷᠤᠯᠲᠠ ᠶᠢᠨ ᠣᠳᠣᠨ ᠵᠡᠷᠭᠡ ︽ᠲᠠᠪᠤᠨ ᠣᠳᠣᠨ ᠲᠠᠰ︾ ᠤᠨ ᠬᠠᠮᠢᠶᠠᠷᠤᠯᠲᠠ ᠶᠢᠨ ᠵᠠᠭᠪᠤᠷ ᠢ ᠲᠣᠬᠢᠷᠠᠭᠤᠯᠤᠨ ᠪᠠᠶᠢᠭᠤᠯᠪᠠ᠃

    ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠣᠳᠣ ᠦᠨᠡᠯᠡᠨ ᠲᠡᠰ ᠲᠣᠭᠲᠠᠭᠠᠬᠤ ᠨᠢ ᠭᠤᠷᠪᠠᠨ 100% ᠶᠢ ᠲᠣᠭᠲᠠᠭᠠᠵᠤ᠂ ᠲᠤᠬᠠᠶᠢᠯᠠᠪᠠᠯ ᠢᠳᠡᠭᠡᠨ ᠤᠮᠳᠠᠭᠠᠨ ᠤ ᠨᠢᠭᠡᠴᠢ ᠶᠢᠨ ᠦᠨᠡᠮᠯᠡᠯ ᠲᠠᠢ ᠨᠣᠷᠮ᠎ᠠ ︵ᠪᠦᠷᠢᠳᠬᠡᠨ ᠳᠠᠩᠰᠠᠯᠠᠭᠤᠯᠤᠭᠰᠠᠨ ᠨᠣᠷᠮ᠎ᠠ︶ 100% ᠳᠤ ᠬᠦᠷᠴᠦ᠂ ᠦᠨᠡᠮᠯᠡᠯ ᠤᠨ ᠮᠡᠳᠡᠭᠡ ᠵᠠᠩᠭᠢ ᠶᠢ ᠢᠯᠡ ᠨᠡᠶᠢᠲᠡᠯᠡᠭᠰᠡᠨ ᠨᠣᠷᠮ᠎ᠠ 100% ᠳᠤ ᠬᠦᠷᠴᠦ᠂ ᠣᠳᠣ ᠦᠨᠡᠯᠡᠨ ᠳᠡᠰ ᠲᠣᠭᠲᠠᠭᠠᠭᠰᠠᠨ ᠬᠠᠮᠢᠶᠠᠷᠤᠯᠲᠠ 100% ᠳᠤ ᠬᠦᠷᠴᠦ᠂ ᠪᠦᠬᠦ ᠬᠤᠲᠠ ᠶᠢᠨ 1.2 ᠲᠦᠮᠡ ᠭᠠᠷᠤᠶ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠳᠤ ᠣᠳᠣ ᠦᠨᠡᠯᠡᠨ ᠳᠡᠰ ᠲᠣᠭᠲᠠᠭᠠᠬᠤ ᠶᠢ ᠥᠷᠨᠢᠭᠦᠯᠵᠦ᠂ ᠲᠠᠪᠤᠨ ᠣᠳᠣᠨ ᠲᠠᠰ ᠤᠨ ᠬᠤᠭᠤᠯᠠᠨ ᠭᠡᠷ 161᠂ ᠳᠥᠷᠪᠡᠨ ᠣᠳᠣᠨ ᠲᠠᠰ ᠤᠨ ᠬᠤᠭᠤᠯᠠᠨ ᠭᠡᠷ 1961᠂ ᠭᠤᠷᠪᠠᠨ ᠣᠳᠣᠨ ᠲᠠᠰ ᠤᠨ ᠬᠤᠭᠤᠯᠠᠨ ᠭᠡᠷ 7425᠂ ᠬᠤᠶᠠᠷ ᠣᠳᠣᠨ ᠲᠠᠰ ᠤᠨ ᠬᠤᠭᠤᠯᠠᠨ ᠭᠡᠷ 2101᠂ ᠨᠢᠭᠡ ᠣᠳᠣᠨ ᠲᠠᠰ ᠤᠨ ᠬᠤᠭᠤᠯᠠᠨ ᠭᠡᠷ 469 ᠶᠢ ᠰᠢᠯᠭᠠᠷᠠᠭᠤᠯᠤᠨ ᠭᠠᠷᠭᠠᠪᠠ᠃ ᠬᠡᠷᠡᠭᠯᠡᠭᠴᠢᠳ ︽ᠣᠳᠣ︾ ᠪᠠᠷ ᠬᠤᠭᠤᠯᠠᠨ ᠲᠢᠩᠬᠢᠮ ᠢ ᠰᠣᠩᠭᠤᠬᠤ ᠨᠢ ᠨᠢᠭᠡᠨᠲᠡ ᠪᠤᠭᠤᠲᠤ ᠶᠢᠨ ᠢᠳᠡᠭᠡᠨ ᠤᠮᠳᠠᠭᠠᠨ ᠤ ᠬᠡᠷᠡᠭᠯᠡᠭᠡᠨ ᠤ ᠰᠢᠨ᠎ᠡ ᠬᠠᠨᠳᠤᠰᠢ ᠪᠣᠯᠵᠠᠢ᠃

    ᠣᠳᠣ ᠦᠨᠡᠯᠡᠨ ᠳᠡᠰ ᠲᠣᠭᠲᠠᠭᠠᠬᠤ ᠠᠵᠢᠯ ᠨᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ︽ᠲᠠᠪᠤᠨ ᠣᠳᠣᠨ ᠳᠡᠰ︾ ᠤᠨ ᠰᠢᠯᠭᠠᠷᠠᠭᠤᠯᠤᠯᠲᠠ ᠪᠠᠷ ᠳᠠᠮᠵᠢᠨ ᠢᠳᠡᠭᠡᠨ ᠤᠮᠳᠠᠭᠠᠨ ᠤ ᠡᠵᠡᠩᠨᠡᠭᠴᠢ ᠶᠢ ︽ᠰᠠᠨᠠᠭᠠᠴᠢᠯᠠᠭᠠᠲᠤ ᠪᠤᠰᠤ ᠬᠠᠮᠢᠶᠠᠷᠤᠯᠲᠠ︾ ᠠᠴᠠ ︽ᠰᠠᠨᠠᠭᠠᠴᠢᠯᠠᠭ᠎ᠠ ᠠᠴᠠ ᠪᠠᠨ ᠠᠳᠬᠤᠬᠤ︾ ᠲᠡᠰᠢ ᠬᠤᠪᠢᠷᠠᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ᠂ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠨᠡᠶᠢᠳᠡᠮ ᠴᠢᠩᠭᠠᠷᠠᠭᠤᠯᠬᠤ ᠶᠢ ᠠᠬᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠳ᠋ᠰᠢᠭᠦᠯᠬᠦ ᠨᠥᠬᠦᠴᠡᠯ ᠪᠠ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠣᠳᠣᠨ ᠳᠡᠰ ᠤᠨ ᠫᠠᠶᠢᠰᠠ ᠣᠯᠭᠤᠬᠤ ᠪᠠᠷ ᠳᠠᠮᠵᠢᠭᠤᠯᠤᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢᠨ ᠢᠷᠠᠭᠤ ᠠᠯᠳᠠᠷᠲᠤ ᠰᠡᠳᠬᠢᠯᠭᠡ᠂ ᠣᠯᠠᠨ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠵᠢᠴᠢ ᠣᠳᠣ ᠪᠠᠨ ︽ᠬᠠᠮᠠᠭᠠᠯᠠᠬᠤ︾ ᠳᠠᠷᠤᠯᠲᠠ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠢᠳᠡᠭᠡᠨ ᠤᠮᠳᠠᠭᠠᠨ ᠤ ᠨᠢᠭᠡᠴᠢ ᠶᠢᠨ ᠬᠠᠮᠢᠶᠠᠷᠤᠯᠲᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠥᠬᠡᠶ ᠬᠥᠭᠵᠢᠭᠡᠵᠦ᠂ ᠪᠤᠭᠤᠲᠤ ᠶᠢᠨ ᠢᠳᠡᠭᠡᠨ ᠤᠮᠳᠠᠭᠠᠨ ᠤ ᠠᠵᠢᠯ ᠲᠥᠷᠥᠯ ᠤᠨ ᠶᠠᠰᠤ ᠴᠢᠨᠠᠷ ᠤᠨ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠪᠠ᠃
    ︽ᠬᠤᠭᠤᠯᠠᠨ ᠲᠢᠩᠬᠢᠮ ᠢ ᠣᠳᠣᠨ ᠳᠡᠰ ᠢᠶᠠᠷ ᠨᠢ ᠰᠣᠩᠭᠤᠨ᠎ᠠ︾᠂ ᠣᠳᠣᠨ ᠳᠡᠰ ᠨᠢ ᠬᠡᠳᠦᠢ ᠥᠨᠳᠥᠷ ᠪᠣᠯ᠂ ᠬᠤᠭᠤᠯᠠᠨ ᠲᠢᠩᠬᠢᠮ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠨᠢ ᠤᠯᠠᠮ ᠥᠨᠳᠥᠷ ᠪᠠᠶᠢᠳᠠᠭ᠃ ᠣᠳᠣ ᠦᠨᠡᠯᠡᠨ ᠳᠡᠰ ᠲᠣᠭᠲᠠᠭᠠᠬᠤ ᠠᠵᠢᠯ ᠨᠢ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠥᠲᠥᠯᠥᠨ ᠵᠢᠯᠣᠭᠤᠳᠬᠤ ᠪᠠᠷ ᠤᠳᠤᠷᠢᠳᠤᠮᠵᠢ ᠪᠣᠯᠭᠠᠵᠤ᠂ ︽ᠲᠠᠪᠤᠨ ᠣᠳᠣᠨ ᠲᠠᠰ︾ ᠤᠨ ᠰᠢᠯᠭᠠᠷᠠᠭᠤᠯᠤᠯᠲᠠ ᠪᠠᠷ ᠳᠠᠮᠵᠢᠭᠤᠯᠤᠨ᠂ ᠬᠡᠷᠡᠭᠯᠡᠭᠴᠢᠳ ᠢ ︽ᠳᠤᠷ᠎ᠠ ᠪᠠᠷ ᠢᠳᠡᠵᠦ︾ ᠪᠠᠶᠢᠭᠰᠠᠨ ᠠᠴᠠ ︽ᠡᠷᠡᠭᠦᠯ ᠮᠡᠨᠳᠦ ᠪᠠᠷ ᠢᠳᠡᠬᠦ︾ ᠪᠣᠯᠭᠠᠨ  ᠬᠤᠪᠢᠷᠠᠭᠤᠯᠪᠠ᠃ ᠣᠳᠣ ᠰᠢᠯᠭᠠᠷᠠᠭᠤᠯᠬᠤ ᠠᠵᠢᠯ ᠤᠨ ᠳᠤᠮᠳᠠ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ᠣᠳᠣᠨ ᠲᠠᠰ ᠤᠨ ᠫᠠᠶᠢᠰᠠ ᠢᠯᠡᠷᠬᠡᠶᠢᠯᠡᠯ ᠢ ᠡᠵᠡᠩᠨᠡᠯᠲᠡ ᠶᠢᠨ ᠲᠠᠯᠠᠪᠤᠷ ᠤᠨ ᠢᠯᠡ ᠭᠠᠵᠠᠷ ᠲᠤ ᠡᠯᠭᠦᠵᠦ᠂ ᠮᠧᠢ ᠲᠤᠸᠠᠨ᠂ ᠧ ᠯᠧ ᠮᠠ ᠵᠡᠷᠭᠡ ᠵᠠᠬᠢᠶᠠᠯᠠᠭ᠎ᠠ ᠶᠢᠨ ᠲᠠᠪᠴᠠᠩ ᠤᠨ ᠠᠵᠤ ᠠᠬᠤᠶᠢᠯᠠᠯ ᠤᠨ ᠣᠳᠣᠨ ᠲᠠᠰ ᠤᠨ ᠦᠨᠡᠯᠡᠨ ᠲᠣᠭᠲᠠᠭᠠᠯᠲᠠ ᠶᠢᠨ ᠦᠷ᠎ᠡ ᠳ᠋ᠦᠩ ᠢ ᠪᠠᠰᠠ ︽ᠢᠳᠡᠭᠡᠨ ᠤ ᠠᠮᠤᠷ ᠲᠦᠪᠰᠢᠨ ᠤ ᠲᠠᠩᠰᠠ ᠡᠪᠬᠡᠮᠡᠯ︾ ᠤᠨ ᠲᠠᠪᠴᠠᠩ ᠳᠡᠭᠡᠷ᠎ᠡ ᠢᠯᠡ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ᠃ ᠣᠳᠣᠬᠠᠨ ᠳᠤ᠂ ᠣᠳᠣᠨ ᠦᠨᠡᠯᠡᠨ ᠳᠡᠰ ᠲᠣᠭᠲᠠᠭᠠᠬᠤ ᠨᠢ ᠨᠢᠭᠡᠨᠲᠡ ᠪᠥᠬᠦ ᠬᠤᠲᠠ ᠶᠢᠨ ᠢᠳᠡᠭᠡᠨ ᠤᠮᠳᠠᠭᠠᠨ ᠤ ᠬᠡᠷᠡᠭᠯᠡᠭᠡᠨ ᠤ ᠵᠦᠭᠯᠡᠭᠦᠷ ᠪᠣᠯᠤᠭᠰᠠᠨ ᠪᠠᠶᠢᠨ᠎ᠠ᠃

 

ᠢᠷᠡᠯᠲᠡ᠄ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠣᠨᠢᠨ