ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠥᠷᠨᠢᠭᠦᠯᠵᠦ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠳᠡᠭᠡᠭᠰᠢᠯᠡᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/4/9

    ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠪᠡ᠃

    ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠪᠠᠷ ᠰᠠᠭᠤᠷᠢ ᠪᠣᠯᠭᠠᠵᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠳ᠋ᠠᠶᠢᠲ᠋ᠠ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ

    ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠭᠠᠷᠴᠠᠭ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ᠢ ᠴᠢᠩᠭ᠎ᠠ ᠵᠢᠷᠤᠮᠯᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠠᠬᠢ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠶ ᠵᠦᠶ ᠵᠣᠬᠢᠰᠲᠠᠶ ᠡᠮᠬᠢᠯᠡᠨ ᠨᠡᠶᠢᠯᠡᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ ᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ︽ᠮᠡᠳᠡᠭᠦᠯᠪᠡᠰᠦ ᠵᠣᠬᠢᠬᠤ ᠶᠢ ᠨᠢ ᠪᠦᠬᠦᠨ ᠢ ᠮᠡᠳᠡᠭᠦᠯᠵᠦ ᠨᠡᠶᠢᠲᠡᠯᠡᠪᠡᠰᠦ ᠵᠣᠬᠢᠬᠤ ᠶᠢ ᠨᠢ ᠪᠦᠬᠦᠨ ᠢ ᠨᠡᠶᠢᠲᠡᠯᠡᠬᠦ︾ ᠶᠢ ᠪᠡᠶᠡᠯᠡᠭᠦᠯᠦᠨ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠭᠰᠠᠨ ᠦᠷ᠎ᠡ ᠳ᠋ᠦᠩ ᠢ ᠬᠥᠳᠡᠯᠦᠩᠭᠦᠶ ᠪᠠᠷ ᠰᠢᠨᠡᠳᠬᠡᠬᠦ ᠳᠤ ᠲᠤᠬᠠᠶ ᠶᠢᠨ ᠴᠠᠭ ᠤᠨ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠪᠠ᠃ ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠡᠶᠢᠲᠡ 323516 ᠵᠤᠷᠪᠤᠰ ᠴᠤᠭᠯᠠᠭᠤᠯᠪᠠ᠃ ᠪᠦᠬᠦ ᠬᠤᠲᠠ ᠶᠢᠨ 133412 ᠠᠵᠤ ᠠᠬᠤᠶᠢᠯᠠᠯ ᠢ ᠳᠡᠰ ᠲᠥᠷᠥᠯ ᠬᠤᠪᠢᠶᠠᠬᠤ ᠶᠢᠨ ᠬᠠᠮᠲᠤ ᠦᠷ᠎ᠡ ᠳ᠋ᠦᠩ ᠢ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠪᠦᠬᠦ ᠬᠤᠲᠠ ᠶᠢᠨ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠰᠤᠭᠤᠴᠢᠨ ᠪᠠᠶᠢᠴᠠᠭᠠᠬᠤ ᠳᠤᠮᠳᠠ ᠬᠡᠷᠡᠭᠯᠡᠵᠡᠢ᠃

    ︽ᠶᠠᠪᠤᠳᠠᠯ ᠤᠨ ᠡᠮᠦᠨᠡᠬᠢ ᠦᠨᠡᠨᠴᠢ ᠢᠲᠡᠭᠡᠮᠵᠢ ᠶᠢᠨ ᠠᠮᠠᠯᠠᠯᠲᠠ + ᠶᠠᠪᠤᠳᠠᠯ ᠤᠨ ᠳᠤᠮᠳᠠ ᠲᠠᠰ ᠲᠥᠷᠥᠯ ᠬᠤᠪᠢᠶᠠᠬᠤ + ᠶᠠᠪᠤᠳᠠᠯ ᠤᠨ ᠳᠠᠷᠠᠭᠠᠬᠢ ᠦᠨᠡᠨᠴᠢ ᠢᠲᠡᠭᠡᠮᠵᠢ ᠶᠢᠨ ᠱᠠᠩᠨᠠᠯ ᠲᠣᠷᠭᠠᠭᠤᠯᠢ︾ ᠪᠠᠷ ᠭᠤᠤᠯᠳᠠᠯᠭ᠎ᠠ ᠪᠣᠯᠭᠠᠵᠤ ᠡᠵᠡᠩᠨᠡᠯᠲᠡ ᠶᠢᠨ ᠭᠤᠤᠯ ᠴᠣᠭᠴᠠ ᠶᠢᠨ ︽ᠢᠲᠡᠭᠡᠮᠵᠢ ᠶᠢᠨ ᠲᠡᠩᠭᠡᠯᠢᠭ ᠱᠤᠭᠤᠮ︾ ᠢᠶᠠᠷ ᠶᠠᠪᠤᠬᠤ ᠶᠢ ᠠᠬᠢᠭᠤᠯᠪᠠ

    ᠨᠢᠭᠡ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠠᠮᠠᠯᠠᠯᠲᠠ ᠬᠢᠬᠦ ᠶᠢ ᠵᠣᠷᠢᠭᠵᠢᠭᠤᠯᠤᠨ᠂ ᠢᠲᠡᠭᠡᠮᠵᠢ ᠶᠢᠨ ᠠᠮᠠᠯᠠᠯᠲᠠ ᠳᠤ ᠳᠣᠭᠢᠷᠠᠬᠤ ᠵᠠᠰᠠᠭ ᠵᠠᠬᠢᠷᠭᠠᠨ ᠤ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠠᠷᠭᠠᠵᠤ᠂ ᠢᠲᠡᠭᠡᠮᠵᠢ ᠶᠢᠨ ᠠᠮᠠᠯᠠᠯᠲᠠ ᠪᠠᠷ ᠭᠡᠷᠡᠴᠢᠯᠡᠬᠦ ᠮᠠᠲ᠋ᠧᠷᠢᠶᠠᠯ ᠢ ᠣᠷᠣᠯᠠᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠦᠢᠯᠡᠰ ᠲᠤ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠬᠤᠶᠠᠷ ᠲᠤ ︽ᠢᠲᠡᠭᠡᠮᠵᠢ + ᠬᠤᠶᠠᠷ ᠢ ᠰᠤᠭᠤᠴᠢᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠬᠢᠭᠡᠳ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠰᠤᠭᠤᠴᠢᠨ ᠪᠠᠶᠢᠴᠠᠭᠠᠬᠤ ᠠᠵᠢᠯ ᠢ ᠣᠷᠭᠠᠨᠢᠭ ᠢᠶᠠᠷ ᠠᠭᠤᠰᠤᠯᠴᠠᠭᠤᠯᠪᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠰᠤᠭᠤᠴᠢᠨ ᠪᠠᠶᠢᠴᠠᠭᠠᠬᠤ ᠠᠵᠢᠯ ᠤᠨ ᠡᠭᠦᠷᠭᠡ ᠶᠢ ᠲᠣᠭᠲᠠᠭᠠᠬᠤ ᠳᠤᠮᠳᠠ᠂ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠭᠦᠢᠴᠡᠳ ᠬᠡᠷᠡᠭᠯᠡᠨ᠂ ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠶᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠭᠤᠤᠯ ᠴᠣᠭᠴᠠ ᠶᠢ ᠬᠢᠨᠠᠨ ᠬᠠᠮᠢᠶᠠᠷᠬᠤ ᠳᠤ ︽ᠤᠴᠢᠷ ᠥᠬᠡᠶ ᠪᠣᠯ ᠦᠢᠮᠡᠭᠦᠯᠬᠦ ᠥᠬᠡᠶ︾᠂ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠢᠨᠠᠨ ᠬᠠᠮᠢᠶᠠᠷᠬᠤ ᠳᠤ ︽ᠭᠠᠵᠠᠷ ᠰᠠᠶ ᠥᠬᠡᠶ ᠬᠢᠨᠠᠨ ᠪᠠᠶᠢᠴᠠᠭᠠᠨ᠎ᠠ︾᠃ ᠭᠤᠷᠪᠠ ᠳᠤ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠪᠠ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠢ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠠᠮᠢᠶᠠᠷᠬᠤ ᠪᠠ ᠦᠢᠯᠡᠴᠢᠯᠡᠬᠦ ᠶᠠᠪᠤᠴᠠ ᠳᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠨᠢᠭᠡ ᠭᠠᠵᠠᠷ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠯᠳᠦᠭᠦᠯᠪᠡ︔ ᠦᠨᠡᠨᠴᠢ ᠢᠲᠡᠭᠡᠮᠵᠢᠲᠡᠶ ᠬᠥᠮᠦᠰ ᠲᠤ ᠬᠠᠤᠯᠢ ᠲᠣᠭᠲᠠᠭᠠᠯ ᠶᠣᠰᠣᠭᠠᠷ ᠤᠷᠢᠳᠠᠪᠠᠷ ᠭᠦᠢᠴᠡᠳᠬᠡᠬᠦ᠂ ᠴᠤᠪᠤᠷᠠᠯ ᠢ ᠳᠥᠭᠦᠮᠴᠢᠯᠡᠬᠦ᠂ ᠳᠤᠲᠠᠭᠳᠠᠯ ᠢ ᠠᠭᠤᠴᠢᠯᠠᠨ ᠰᠢᠢᠳᠪᠦᠷᠢᠯᠡᠬᠦ ᠵᠡᠷᠭᠡ ︽ᠰᠠᠭᠠᠳ ᠥᠬᠡᠶ ᠨᠡᠪᠲᠡᠷᠡᠬᠦ ᠵᠠᠮ︾ ᠢᠶᠠᠷ ᠳᠡᠮᠵᠢᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃

    ᠢᠲᠡᠭᠡᠮᠵᠢ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠪᠠᠷ ᠬᠠᠷᠠᠯᠲᠠ ᠪᠣᠯᠭᠠᠨ ᠦᠨᠡᠨᠴᠢ ᠢᠲᠡᠭᠡᠮᠵᠢᠲᠡᠶ ᠲᠥᠪ ᠭᠤᠤᠯᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ

    ᠨᠢᠭᠡ ᠳᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠪᠡᠯᠡ ᠲᠣᠬᠢᠷᠠᠭᠤᠯᠭ᠎ᠠ ᠶᠢ ᠳᠡᠮᠵᠢᠪᠡ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠤᠳᠤᠷᠢᠳᠤᠮᠵᠢ ᠶᠢᠨ ᠦᠢᠯᠡᠳᠦᠯ ᠪᠠ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ︽ᠢᠲᠡᠭᠡᠮᠵᠢᠲᠦ ᠲᠥᠬᠦᠮ ᠵᠢᠭᠡᠯᠡᠯᠭᠡ︾ ᠵᠡᠷᠭᠡ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠳᠤ ᠲᠦᠰᠢᠭᠯᠡᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠳᠥᠭᠦᠮ ᠳᠥᠲᠡ ︽ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠪᠠ ᠣᠨᠣᠴᠠᠲᠠᠢ ᠮᠥᠩᠭᠦᠨ  ᠭᠦᠢᠯᠭᠡᠭᠡᠨ  ᠤ ᠦᠢᠯᠡᠴᠢᠯᠡᠭᠡ ᠬᠠᠩᠭᠠᠪᠠ᠃ ᠬᠤᠶᠠᠷ ᠲᠤ ᠢᠲᠡᠭᠡᠮᠵᠢ ᠶᠢ ᠰᠡᠷᠭᠦᠭᠡᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠢᠲᠡᠭᠡᠮᠵᠢ ᠶᠢ ᠰᠡᠷᠭᠦᠭᠡᠬᠦ ᠳᠤ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠨᠡᠪᠲᠡᠷᠡᠭᠦᠯᠵᠦ᠂ ︽ᠬᠤᠶᠠᠷ ᠪᠢᠴᠢᠭ ᠢ ᠵᠡᠷᠭᠡ ᠳᠤᠨᠢ ᠬᠦᠷᠭᠡᠬᠦ︾ ᠲᠣᠭᠲᠠᠴᠠ ᠶᠢ ᠬᠡᠷᠡᠭᠵᠢᠭᠦᠯᠦᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷ᠎ᠡ ᠢᠲᠡᠭᠡᠮᠵᠢ ᠪᠠᠨ ᠰᠡᠷᠭᠦᠭᠡᠬᠦ ᠪᠠᠷ ᠭᠤᠶᠤᠴᠢᠯᠠᠬᠤ᠂ ᠰᠦᠯᠵᠢᠶᠡᠨ ᠳᠡᠭᠡᠷ᠎ᠡ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠪᠣᠯᠭᠠᠵᠤ᠂ ︽ᠬᠡᠵᠢᠶ᠎ᠡ ᠭᠤᠶᠤᠴᠢᠯᠠᠪᠠᠯ᠂ ᠬᠡᠵᠢᠶ᠎ᠡ ᠬᠦᠯᠢᠶᠡᠨ ᠠᠪᠴᠤ ᠰᠢᠢᠳᠪᠦᠷᠢᠯᠡᠬᠦ᠂ ᠬᠡᠵᠢᠶ᠎ᠡ ᠰᠡᠷᠭᠦᠭᠡᠬᠦ︾ ᠶᠢ ᠬᠡᠷᠡᠭᠵᠢᠭᠦᠯᠵᠦ᠂ ︽ᠠᠮᠠᠯᠠᠯᠲᠠ ᠶᠢᠨ ᠳᠤᠲᠠᠭᠳᠠᠯ ᠢ ᠪᠠᠭᠲᠠᠭᠠᠬᠤ︾ ︽ᠠᠮᠠᠯᠠᠯᠲᠠ ᠶᠢ ᠥᠯᠥ ᠪᠠᠶᠢᠴᠠᠭᠠᠬᠤ︾ ᠵᠡᠷᠭᠡ ᠢᠲᠡᠭᠡᠮᠵᠢ ᠶᠢ ᠰᠡᠷᠭᠦᠭᠡᠬᠦ ᠵᠠᠭᠪᠤᠷ ᠢ ᠰᠦᠪᠡᠭᠴᠢᠯᠡᠨ᠂ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠬᠠᠪᠰᠤᠷᠤᠨ ᠢᠲᠡᠭᠡᠮᠵᠢ ᠶᠢ ᠨᠢ ᠳᠠᠬᠢᠨ ᠱᠤᠭᠤᠵᠤ᠂ ᠢᠲᠡᠭᠡᠮᠵᠢ ᠶᠢ ᠨᠢ ᠰᠡᠷᠭᠦᠭᠡᠬᠦ ᠬᠦᠴᠦᠨ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ ᠪᠥᠬᠦ ᠬᠤᠲᠠ ᠶᠢᠨ 2034 ᠡᠷᠦᠬᠡ ᠢᠲᠡᠭᠡᠮᠵᠢ ᠠᠯᠳᠠᠭᠰᠠᠨ ᠭᠤᠤᠯ ᠴᠣᠭᠴᠠ ᠶᠢᠨ ᠢᠲᠡᠭᠡᠮᠵᠢ ᠶᠢ ᠨᠢ ᠰᠡᠷᠭᠦᠭᠡᠵᠦ᠂ ᠠᠵᠤ ᠠᠬᠤᠶᠢᠯᠠᠯ ᠤᠨ ᠢᠲᠡᠭᠡᠮᠵᠢ ᠪᠠᠨ ᠳᠠᠬᠢᠨ ᠱᠤᠭᠤᠵᠤ᠂ ᠵᠠᠬ᠎ᠠ ᠳᠡᠯᠭᠡᠭᠦᠷ ᠲᠤ ᠳᠠᠬᠢᠨ ᠪᠤᠴᠠᠬᠤ ᠳᠤ ᠬᠦᠴᠦᠨ ᠨᠡᠮᠡᠷᠢᠯᠡᠪᠡ᠃

    ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠪ ᠲᠠᠯ᠎ᠠ ᠶᠢᠨ ᠤᠬᠠᠭᠤᠯᠭ᠎ᠠ ᠬᠥᠲᠥᠯᠥᠨ ᠵᠢᠯᠣᠭᠤᠳᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠢ ᠵᠢᠷᠤᠮᠯᠠᠨ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠥᠷᠭᠡᠨ ᠣᠯᠠᠨ ᠡᠵᠡᠩᠨᠡᠭᠴᠢ ᠶᠢᠨ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢᠨ ᠬᠡᠪ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢᠲᠡᠶ ᠬᠤᠳᠠᠯᠳᠤᠭ᠎ᠠ ᠶᠢ ᠬᠥᠭᠵᠢᠭᠦᠯᠬᠦ ᠰᠣᠶᠣᠯ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ