ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠷᠡᠭᠦᠯᠵᠢᠯ ᠤᠨ ᠢᠳᠡᠭᠡᠨ ᠤ ᠠᠵᠢᠯ ᠲᠥᠷᠥᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/4/9

    ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠷᠡᠭᠦᠯᠵᠢᠯ ᠤᠨ ᠢᠳᠡᠭᠡᠨ ᠤ ᠠᠵᠢᠯ ᠲᠥᠷᠥᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃

    ᠨᠢᠭᠡ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠪᠠ᠃ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠬᠡᠷᠡᠭᠵᠢᠭᠦᠯᠪᠡ︔ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠯᠦᠭᠡ ᠣᠷᠭᠠᠨᠢᠭ ᠢᠶᠠᠷ ᠤᠶᠠᠯᠳᠤᠭᠤᠯᠬᠤ ᠶᠢ ᠰᠢᠮᠳᠠᠭᠤᠯᠤᠨ ᠵᠢᠯᠣᠭᠤᠳᠴᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠂ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠳᠣᠭᠢᠷᠠᠭᠤᠯᠬᠤ︾ ᠱᠠᠭᠠᠷᠳᠠᠯᠭ᠎ᠠ ᠶᠢ ᠡᠳᠦᠷ ᠲᠤᠲᠤᠮ ᠤᠨ ᠬᠠᠮᠢᠶᠠᠷᠤᠯᠲᠠ ᠳᠤ ᠰᠢᠭᠢᠳᠬᠡᠨ ᠣᠷᠣᠭᠤᠯᠪᠠ᠃

    ᠬᠤᠶᠠᠷ ᠲᠤ ᠴᠢᠩᠭ᠎ᠠ ᠨᠢᠮᠪᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠡᠷᠡᠭᠦᠯᠵᠢᠯ ᠤᠨ ᠢᠳᠡᠭᠡᠨ ᠤ ᠲᠤᠰᠬᠠᠶ ᠡᠵᠡᠩᠨᠡᠯᠲᠡ ᠶᠢᠨ ᠳᠡᠯᠭᠡᠭᠦᠷ᠂ ᠶᠡᠷᠦᠩᠬᠡᠶᠢᠯᠡᠭᠰᠡᠨ ᠬᠤᠳᠠᠯᠳᠤᠭᠠᠨ ᠤ ᠬᠡᠲᠦ ᠳᠡᠯᠭᠡᠭᠦᠷ᠂ ᠡᠬᠡ ᠨᠢᠯᠬᠠᠰ ᠤᠨ ᠬᠡᠷᠡᠭᠰᠡᠯ ᠤᠨ ᠳᠡᠯᠭᠡᠭᠦᠷ ᠪᠠ ᠵᠢᠵᠢᠭᠯᠡᠨ ᠬᠤᠳᠠᠯᠳᠤᠬᠤ ᠬᠡᠯᠬᠢᠶ᠎ᠡ ᠡᠮ ᠤᠨ ᠳᠡᠯᠭᠡᠭᠦᠷ ᠢᠶᠠᠷ ᠭᠤᠤᠯᠳᠠᠯᠭ᠎ᠠ ᠪᠣᠯᠭᠠᠵᠤ᠂ ᠮᠠᠷᠢᠶ᠎ᠠ ᠰᠢᠭᠤᠷᠠᠭᠤᠯᠬᠤ ᠲᠥᠷᠥᠯ᠂ ᠲᠠᠮᠢᠷᠳᠠᠬᠤ ᠶᠢ ᠨᠠᠮᠵᠢᠭᠤᠯᠬᠤ ᠲᠥᠷᠥᠯ᠂ ᠸᠢᠲ᠋ᠠᠮᠢᠨ ᠤ ᠲᠥᠷᠥᠯ ᠵᠡᠷᠭᠡ ︽ᠥᠲᠡᠭᠦᠰ ᠨᠢᠯᠬᠠᠰ︾ ᠲᠤ ᠬᠤᠯᠪᠣᠭᠳᠠᠬᠤ ᠬᠡᠷᠡᠭᠯᠡᠭᠡᠨ ᠤ ᠬᠡᠮᠵᠢᠶ᠎ᠡ ᠪᠠᠷ ᠶᠡᠭᠡ ᠂ ᠠᠮᠠᠷᠬᠠᠨ ᠬᠠᠤᠯᠢ ᠪᠤᠰᠤ ᠪᠠᠷ ᠨᠡᠮᠡᠬᠦ᠂ ᠬᠤᠳᠠᠯ ᠬᠠᠭᠤᠷᠮᠠᠭ ᠢᠶᠠᠷ ᠶᠡᠬᠡᠰᠬᠡᠨ ᠤᠬᠠᠭᠤᠯᠤᠭᠰᠠᠨ ᠡᠷᠡᠭᠦᠯᠵᠢᠯ ᠤᠨ ᠢᠳᠡᠭᠡᠨ ᠢᠶᠠᠷ ᠭᠤᠤᠯᠳᠠᠯᠭ᠎ᠠ ᠲᠠᠢ ᠲᠥᠷᠥᠯ ᠵᠦᠢᠯ ᠪᠣᠯᠭᠠᠵᠤ᠂ ᠭᠡᠨᠡᠳᠲᠡ ᠶᠢᠨ ᠪᠠᠶᠢᠴᠠᠭᠠᠯᠲᠠ ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ︽ᠡᠷᠭᠢᠵᠦ ᠪᠠᠶᠢᠴᠠᠭᠠᠬᠤ︾ ᠪᠠᠷ ᠭᠤᠤᠯ ᠪᠠᠶᠢᠴᠠᠭᠠᠬᠤ ᠠᠷᠭ᠎ᠠ ᠮᠠᠶ᠋ᠢᠭ ᠪᠣᠯᠭᠠᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠬᠤ ᠂ ᠭᠡᠷᠡᠴᠢ ᠲᠡᠮᠳᠡᠭ ᠠᠪᠬᠤ ᠪᠠ ᠪᠠᠷᠠᠭ᠎ᠠ ᠣᠷᠣᠭᠤᠯᠬᠤ ᠰᠢᠯᠭᠠᠨ ᠪᠠᠶᠢᠴᠠᠭᠠᠯᠲᠠ᠂ ᠬᠤᠶᠠᠷ ᠲᠤᠰᠬᠠᠶ ᠨᠢᠭᠡ ᠬᠠᠭᠤᠳᠠᠰᠤ ᠵᠡᠷᠭᠡ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ᠂ ᠵᠢᠴᠢ ᠬᠠᠤᠯᠢ ᠪᠤᠰᠤ ᠪᠠᠷ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠴᠢᠳᠠᠮᠵᠢ ᠲᠠᠢ ᠭᠡᠵᠦ ᠤᠬᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠠᠰᠠᠪᠠ᠃

    ᠭᠤᠷᠪᠠ ᠳᠤ ᠨᠡᠶᠢᠭᠡᠮ ᠤᠨ ᠬᠠᠮᠲᠤ ᠶᠢᠨ ᠵᠠᠰᠠᠯᠲᠠ ᠶᠢ ᠭᠦᠨᠵᠡᠭᠡᠶᠢᠷᠡᠭᠦᠯᠦᠨ ᠴᠢᠩᠭᠠᠳᠬᠠᠪᠠ᠃ ᠡᠯ᠎ᠡ ᠲᠥᠷᠥᠯ ᠤᠨ ᠲᠠᠪᠴᠠᠩ ᠢ ᠠᠰᠢᠭᠯᠠᠨ ᠡᠷᠡᠭᠦᠯᠵᠢᠯ ᠤᠨ ᠢᠳᠡᠭᠡᠨ ᠤ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠷᠡᠭᠦᠯᠵᠢᠯ ᠤᠨ ᠢᠳᠡᠭᠡᠨ ᠤ ᠬᠡᠷᠡᠭᠯᠡᠭᠡᠨ ᠤ ᠶᠡᠷᠦ ᠶᠢᠨ ᠮᠡᠳᠡᠯᠭᠡ᠂ ᠪᠠᠶᠢᠩᠭᠤ ᠲᠣᠬᠢᠶᠠᠯᠳᠤᠳᠠᠭ ᠮᠡᠬᠡᠯᠡᠨ ᠬᠢᠬᠠᠬᠤ ᠠᠷᠭ᠎ᠠ  ᠮᠠᠶ᠋ᠢᠭ ᠪᠠ ᠬᠤᠳᠠᠯ ᠬᠠᠭᠤᠷᠮᠠᠭ ᠢᠶᠠᠷ ᠶᠡᠬᠡᠰᠬᠡᠭᠰᠡᠨ ᠤᠬᠠᠭᠤᠯᠤᠭᠰᠠᠨ ᠬᠡᠷᠡᠭ ᠤᠨ ᠵᠢᠱᠢᠶ᠎ᠡ ᠵᠡᠷᠭᠡ ᠲᠠᠯ᠎ᠠ ᠶᠢᠨ ᠡᠷᠴᠢᠮ ᠢ ᠨᠡᠮᠡᠭᠳᠡᠭᠦᠯᠦᠨ᠂ ᠬᠡᠷᠡᠭᠯᠡᠭᠴᠢᠳ ᠢ ᠬᠦᠳᠦᠯᠦᠨ ᠵᠢᠯᠣᠭᠤᠳᠴᠤ ᠪᠠᠶᠢᠭᠠᠳ  ᠡᠷᠡᠭᠦᠯᠵᠢᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠬᠦ ᠦᠵᠡᠯ ᠤᠬᠠᠮᠰᠠᠷ᠂ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠬᠡᠷᠡᠭᠯᠡᠭᠡᠨ ᠤ ᠦᠵᠡᠯ ᠤᠬᠠᠮᠰᠠᠷ᠂ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠡᠷᠬᠡ ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠢ ᠨᠢ ᠲᠠᠰᠤᠷᠠᠯᠲᠠ ᠦᠭᠡᠢ ᠨᠡᠮᠡᠭᠳᠡᠭᠦᠯᠵᠦ᠂ ᠡᠷᠡᠭᠦᠯᠵᠢᠯ ᠤᠨ ᠢᠳᠡᠭᠡᠨ ᠤ ᠢᠳᠡᠭᠡᠨ ᠤ ᠠᠮᠤᠷ ᠲᠦᠪᠰᠢᠨ ᠢ ᠨᠡᠶᠢᠭᠡᠮ ᠢᠶᠠᠷ ᠢᠶᠠᠨ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠪᠠ᠃

    ᠣᠳᠣᠬᠠᠨ ᠪᠣᠯᠲᠠᠯ᠎ᠠ᠂ ᠤᠯᠠᠭᠠᠨᠬᠠᠳᠠ ᠬᠤᠲᠠ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 1400 ᠭᠠᠷᠤᠶ ᠬᠥᠮᠦᠨ ᠤᠳᠠᠭ᠎ᠠ ᠬᠥᠳᠡᠯᠭᠡᠵᠦ᠂ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠨᠢᠭᠡᠴᠢ ᠶᠢ 771 ᠶᠢ ᠰᠤᠭᠤᠴᠢᠨ ᠪᠠᠶᠢᠴᠠᠭᠠᠵᠤ᠂ ᠡᠷᠡᠭᠦᠯᠵᠢᠯ ᠤᠨ ᠢᠳᠡᠭᠡᠨ ᠤ ᠡᠵᠡᠩᠨᠡᠯᠲᠡ ᠶᠢᠨ ᠨᠢᠭᠡᠴᠢ ᠶᠢ 123 ᠶᠢ ︽ᠡᠷᠭᠢᠵᠦ ᠪᠠᠶᠢᠴᠠᠭᠠᠨ ᠦᠵᠡᠵᠦ︾᠂ 35 ᠵᠦᠢᠯ ᠤᠨ ᠠᠰᠠᠭᠤᠳᠠᠯ ᠢ ᠲᠤᠬᠠᠶ ᠶᠢᠨ ᠲᠠᠯᠠᠪᠠᠶ ᠳᠤ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠵᠤ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ 20 ᠬᠤᠪᠢ ᠪᠠᠭᠤᠯᠭᠠᠪᠠ᠃ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡ 6 ᠤᠳᠠᠭ᠎ᠠ ᠡᠷᠭᠢᠯᠡᠵᠦ᠂ ᠤᠬᠠᠭᠤᠯᠭ᠎ᠠ ᠶᠢᠨ ᠲᠠᠶᠢᠯᠤᠮᠵᠢ ᠶᠢ 2 ᠤᠳᠠᠭ᠎ᠠ ᠬᠢᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 8000 ᠭᠠᠷᠤᠶ ᠬᠠᠭᠤᠳᠠᠰᠤ ︵ᠳᠡᠪᠲᠡᠷ︶ ᠲᠠᠷᠬᠠᠭᠠᠪᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ