310 ᠪᠦᠯᠦᠭ ᠤᠳᠠᠭ᠎ᠠ ᠶᠢᠨ ᠢᠳᠡᠭᠡᠨ ᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠳᠡᠯ ︵2024 ᠣᠨ ᠤ 5 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/5/11

    ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠦᠨᠡᠯᠡᠬᠦ ᠴᠢᠨᠠᠷᠲᠠᠶ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠭᠤᠷᠤᠭᠰᠠᠨ ᠢᠳᠡᠭᠡᠨ ᠵᠢᠴᠢ ᠬᠠᠲᠠᠭᠤ ᠵᠢᠮᠢᠰ ᠤᠨ ᠪᠦᠲᠦᠭᠡᠭᠳᠡᠬᠦᠨ᠂ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ᠂ ᠠᠮᠲᠠ ᠣᠷᠣᠭᠤᠯᠬᠤ ᠡᠳ᠋᠂ ᠪᠤᠷᠴᠠᠭ ᠤᠨ ᠪᠦᠲᠦᠭᠡᠭᠳᠡᠬᠦᠨ᠂ ᠳᠥᠭᠦᠮ ᠢᠳᠡᠭᠡᠨ᠂ ᠪᠣᠭᠤᠷᠰᠤᠭ᠂ ᠭᠤᠸᠠᠨᠲᠤᠤ᠂ ᠠᠷᠢᠬᠢᠨ ᠵᠦᠢᠯ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ᠂ ᠮᠢᠬᠠᠨ ᠤ ᠪᠦᠲᠦᠭᠡᠭᠳᠡᠬᠦᠨ᠂ ᠴᠠᠭᠠᠨ ᠢᠳᠡᠭᠡᠨ᠂ ᠰᠢᠬᠢᠷ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ ᠲᠣᠰᠣ᠂ ᠲᠣᠰᠣ ᠵᠢᠴᠢ ᠲᠡᠭᠦᠨ ᠤ ᠪᠦᠲᠦᠭᠡᠭᠳᠡᠬᠦᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ᠂ ᠵᠢᠮᠢᠰ ᠤᠨ ᠪᠦᠲᠦᠭᠡᠭᠳᠡᠬᠦᠨ᠂ ᠰᠢᠬᠢᠷ ᠵᠢᠮᠢᠰ ᠤᠨ ᠪᠦᠲᠦᠭᠡᠭᠳᠡᠬᠦᠨ᠂ ᠤᠮᠳᠠᠭᠠᠨ᠂ ᠢᠳᠡᠭᠡᠨ ᠵᠡᠷᠭᠡ 19 ᠶᠡᠭᠡ ᠲᠥᠷᠥᠯ ᠤᠨ ᠢᠳᠡᠭᠡᠨ ᠢ ᠨᠡᠶᠢᠲᠡ 310 ᠪᠦᠯᠦᠭ ᠤᠳᠠᠭ᠎ᠠ ᠪᠠᠶᠢᠴᠠᠭᠠᠨ ᠭᠠᠷᠭᠠᠵᠤ᠂ ᠡᠭᠦᠨ ᠳᠤ 10 ᠪᠦᠯᠦᠭ ᠤᠳᠠᠭ᠎ᠠ ᠶᠢᠨ ᠬᠢᠷᠢ ᠲᠡᠩᠴᠡᠬᠦ ᠥᠬᠡᠶ ᠥᠯᠢᠭᠡᠷ ᠡᠳ᠋ ᠢ ᠪᠠᠶᠢᠴᠠᠭᠠᠨ‌ᠭᠠᠷᠭᠠᠵᠤ᠂ ᠭᠤᠣᠯᠳᠠᠭᠤ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ᠂ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ᠂ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠲᠠᠪᠠᠭᠰᠠᠨ᠂ ᠮᠢᠺᠷᠣᠪ ᠤᠨ ᠪᠣᠬᠢᠷᠳᠣᠯ ᠵᠡᠷᠭᠡ ᠠᠰᠠᠭᠤᠳᠠᠯ ᠪᠣᠯᠣᠨ᠎ᠠ᠃

    ᠰᠤᠭᠤᠴᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠢᠷᠢ ᠲᠡᠩᠴᠡᠭᠰᠡᠨ ᠥᠬᠡᠶ ᠢᠳᠡᠭᠡᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠥᠬᠡᠬᠤᠲᠠ᠂ ᠣᠷᠳᠣᠰ ᠬᠤᠲᠠ᠂ ᠤᠯᠠᠭᠠᠨᠴᠠᠪ ᠬᠤᠲᠠ᠂ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠪᠠᠶᠢᠴᠠᠭᠠᠨ ᠲᠣᠳᠣᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠷᠢ ᠲᠡᠩᠴᠡᠭᠰᠡᠨ ᠥᠬᠡᠶ ᠦᠢᠯᠡᠳᠬᠦᠨ ᠢᠶᠠᠨ ᠪᠠᠭᠤᠯᠭᠠᠵᠤ ᠡᠭᠡᠭᠦᠯᠦᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠦᠭᠰᠢᠭᠦᠷᠢ ᠶᠢ ᠡᠵᠡᠮᠳᠡᠪᠡ︔ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠡ︔ ᠠᠵᠤ ᠠᠬᠤᠶᠢᠯᠠᠯ ᠤᠨ ᠠᠪᠤᠭᠰᠠᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠪᠡ᠃

    ᠡᠳᠦᠭᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠣᠳᠠᠲᠠᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄

ᠨᠢᠭᠡ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ ᠠᠰᠠᠭᠤᠳᠠᠯ

    ︵ᠨᠢᠭᠡ︶ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳ᠋ᠦ᠋ ᠯᠧ ᠮᠠ ᠬᠡᠲᠦ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠪᠣᠷᠣᠯᠠᠭᠤᠯᠤᠭᠰᠠᠨ᠂ ᠤᠯᠠᠭᠠᠨᠴᠠᠪ ᠬᠤᠲᠠ ᠶᠢᠨ ᠯᠢᠦᠶ ᠹᠧᠩ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠤᠨ ᠦᠢᠯᠡᠳᠪᠦᠷᠢᠯᠡᠭᠰᠡᠨ ᠲᠥᠮᠥᠰᠥ ᠶᠢᠨ ᠴᠠᠷᠳᠠᠭᠤᠯ ᠤᠨ ᠹᠧᠨᠲ᠋ᠢᠶᠣᠤᠷ᠂ ᠠᠭᠤᠯᠠᠨ ᠠᠯᠢᠮ᠎ᠠ ᠶᠢᠨ ᠬᠦᠴᠢᠯ ᠵᠢᠴᠢ ᠺᠠᠯᠢ ᠶᠢᠨ ᠳᠠᠪᠤᠰᠤ ︵ᠠᠭᠤᠯᠠᠨ ᠠᠯᠢᠮ᠎ᠠ ᠶᠢᠨ ᠬᠦᠴᠢᠯ ᠢᠶᠠᠷ ᠪᠣᠳᠣᠨ᠎ᠠ︶᠂ ᠬᠥᠩᠭᠡᠨ ᠴᠠᠭᠠᠨ ᠤ ᠦᠯᠡᠳᠡᠭᠳᠡᠯ ᠤᠨ ᠬᠡᠮᠵᠢᠶ᠎ᠡ ︵ᠬᠠᠭᠤᠷᠠᠶ ᠦᠯᠢᠭᠡᠷ ᠡᠳ᠋᠂ Al ᠪᠠᠷ ᠪᠣᠳᠣᠨ᠎ᠠ︶ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠱᠠᠨᠳᠦ᠋ᠩ ᠮᠤᠵᠢ ᠶᠢᠨ ᠢᠳᠡᠭᠡᠨ ᠪᠠ ᠡᠮ ᠤᠨ ᠵᠦᠢᠯ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ᠃

    ︵ᠬᠤᠶᠠᠷ︶ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠺᠠᠢ ᠲᠢᠶᠠᠨ ᠬᠤᠸᠠ ᠶᠤᠸᠠᠨ ᠬᠡᠳᠦ ᠳᠡᠯᠭᠡᠭᠦᠷ ᠤᠨ ᠪᠣᠷᠣᠯᠠᠭᠤᠯᠤᠭᠰᠠᠨ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠶᠢᠨ ᠰᠦᠢ ᠹᠧᠨᠲ᠋ᠢᠶᠣᠤᠷ ᠳ᠋ᠧᠦᠹᠦ᠋ ᠪᠣᠯᠪᠠᠰᠤᠷᠠᠭᠤᠯᠬᠤ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠭᠰᠡᠨ ᠹᠧᠨᠲ᠋ᠢᠶᠣᠤᠷ ᠨᠢ ᠬᠥᠩᠭᠡᠨᠴᠠᠭᠠᠨ ᠤ ᠦᠯᠡᠳᠡᠭᠳᠡᠯ ᠤᠨ ᠬᠡᠮᠵᠢᠶ᠎ᠡ ︵ᠬᠠᠭᠤᠷᠠᠢ ᠦᠯᠢᠭᠡᠷ ᠡᠳ᠋᠂ Al ᠪᠠᠷ ᠪᠣᠳᠣᠨ᠎ᠠ︶ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠱᠠᠨᠳᠦ᠋ᠩ ᠮᠤᠵᠢ ᠶᠢᠨ ᠢᠳᠡᠭᠡᠨ ᠪᠠ ᠡᠮ ᠤᠨ ᠵᠦᠢᠯ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ᠃

ᠬᠤᠶᠠᠷ᠂ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ

    ︵ᠨᠢᠭᠡ︶ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠶᠠᠩ ᠭᠤᠸᠠᠩ ᠬᠡᠳᠦ ᠳᠡᠯᠭᠡᠭᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠾᠧ ᠰᠢᠶᠧ ᠳᠡᠯᠭᠡᠭᠦᠷ ᠤᠨ ᠪᠣᠷᠣᠯᠠᠭᠤᠯᠤᠭᠰᠠᠨ ᠭᠠ ᠶᠢᠨ ᠲᠢᠶᠠᠲ ᠠᠮᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠣᠷᠳᠣᠰ ᠬᠤᠲᠠ ᠶᠢᠨ ᠳᠠᠯᠠᠳ ᠬᠤᠰᠢᠭᠤᠨ ᠤ ᠱᠣᠣ ᠧᠨ ᠵᠢᠮᠢᠰ ᠤᠨ ᠬᠦᠷᠢᠶᠡᠯᠡᠩ ᠤᠨ ᠪᠣᠷᠣᠯᠠᠭᠤᠯᠤᠭᠰᠠᠨ ᠪᠠᠨᠠᠨᠠ ᠶᠢᠨ ᠲᠢᠶᠠᠲ ᠠᠮᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠭᠤᠷᠪᠠ︶ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠶᠠᠩ ᠭᠤᠸᠠᠩ ᠬᠡᠳᠦ ᠳᠡᠯᠭᠡᠭᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠢ ᠶᠦᠨ ᠳᠡᠯᠭᠡᠭᠦᠷ ᠤᠨ ᠪᠣᠷᠣᠯᠠᠭᠤᠯᠤᠭᠰᠠᠨ ᠭᠠ ᠶᠢᠨ ᠲᠢᠶᠠᠲ ᠠᠮᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠲᠦᠷᠪᠡ︶ ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠭᠤᠣ ᠼᠦᠨ ᠱᠧᠩ ᠢᠳᠡᠰᠢᠨ ᠨᠣᠭᠤᠭ᠎ᠠ ᠡᠵᠡᠩᠨᠡᠨ ᠪᠣᠷᠣᠯᠠᠭᠤᠯᠬᠤ ᠭᠠᠵᠠᠷ ᠤᠨ ᠪᠣᠷᠣᠯᠠᠭᠤᠯᠤᠭᠰᠠᠨ ᠭᠠ ᠶᠢᠨ ᠲᠢᠶᠠᠲ ᠠᠮᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠭᠤᠷᠪᠠ᠂ ᠮᠢᠺᠷᠣᠪ ᠤᠨ ᠪᠣᠬᠢᠷᠳᠣᠯ ᠤᠨ ᠠᠰᠠᠭᠤᠳᠠᠯ

    ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠢᠨ ᠱᠠᠨ ᠰᠤᠷᠭᠠᠭᠤᠯᠢ ᠶᠢᠨ ᠲᠣᠭᠤᠷᠢᠭ ᠤᠨ ᠰᠤᠷᠤᠭᠴᠢᠳ ᠤᠨ ᠬᠤᠭᠤᠯᠠᠨ ᠭᠡᠷ ᠤᠨ ᠬᠡᠷᠡᠭᠯᠡᠬᠦ ᠫᠢᠯᠠ ᠶᠢᠨ ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠦᠯᠦᠭᠯᠡᠯ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠲᠦᠷᠪᠡ᠂ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠲᠠᠪᠠᠭᠰᠠᠨ ᠠᠰᠠᠭᠤᠳᠠᠯ

    ︵ᠨᠢᠭᠡ︶ ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠢᠩᠲᠦ ᠶᠢᠨ ᠤᠰᠤᠨ ᠤ ᠭᠠᠷᠤᠯᠲᠠ ᠪᠣᠷᠣᠯᠠᠭᠤᠯᠬᠤ ᠭᠠᠵᠠᠷ ᠤᠨ ᠪᠣᠷᠣᠯᠠᠭᠤᠯᠤᠭᠰᠠᠨ ᠭᠠᠼᠠᠨᠢ ᠶᠢᠨ ᠧᠨ ᠱᠠ ᠨᠥᠸᠧ ᠰᠢᠩ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ ︶ ᠲᠦᠩᠯᠢᠶᠣᠤ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠶᠠᠩ ᠴᠢᠶᠦ᠋ᠨ ᠦᠬᠡᠷ ᠬᠤᠨᠢᠨ ᠮᠢᠬ᠎ᠠ ᠶᠢ ᠪᠥᠭᠡᠮ ᠢᠶᠠᠷ ᠬᠤᠳᠠᠯᠳᠤᠬᠤ ᠭᠠᠵᠠᠷ ᠤᠨ ᠪᠣᠷᠣᠯᠠᠭᠤᠯᠤᠭᠰᠠᠨ᠂ ᠲᠦᠩᠯᠢᠶᠣᠤ ᠬᠤᠲᠠ ᠶᠢᠨ ᠮᠢᠩ ᠴᠢᠩ ᠮᠢᠬᠠᠨ ᠤ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠦᠬᠡᠷ ᠤᠨ ᠮᠢᠬ᠎ᠠ ᠶᠢᠨ ᠬᠦᠬᠦᠷᠯᠢᠭ ᠠᠮᠢᠨ ᠤ ᠲᠥᠷᠥᠯ ︵ᠶᠡᠷᠦᠩᠬᠡᠶ ᠬᠡᠮᠵᠢᠶ᠎ᠡ︶ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠾᠧᠹᠧᠢ ᠪᠣᠭᠤᠮᠲᠠ ᠶᠢᠨ ᠮᠡᠷᠭᠡᠵᠢᠯ ᠤᠨ ᠲᠥᠪ ᠪᠣᠯᠣᠨ᠎ᠠ᠃

    ︵ᠭᠤᠷᠪᠠ︶ ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠯᠢᠨ ᠯᠢ ᠤᠰᠤᠨ ᠤ ᠭᠠᠷᠤᠯᠲᠠ ᠡᠵᠡᠩᠨᠡᠨ ᠪᠣᠷᠣᠯᠠᠭᠤᠯᠬᠤ ᠭᠠᠵᠠᠷ ᠤᠨ ᠪᠣᠷᠣᠯᠠᠭᠤᠯᠤᠭᠰᠠᠨ ᠠᠮᠤᠷ ᠵᠢᠭᠠᠰᠤ ︵ᠴᠡᠩᠭᠡᠭ ᠤᠰᠤᠨ ᠤ ᠵᠢᠭᠠᠰᠤ︶ ᠶᠢᠨ ᠳ᠋ᠢᠰᠢᠫᠠᠩ ᠨᠢ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠢᠭᠤᠯᠤᠮᠵᠢ ᠨᠢ ᠦᠬᠠᠨ ᠤ ᠢᠳᠡᠭᠡᠨ ᠭᠤᠶᠣᠯᠠᠯ ᠤᠨ ᠡᠳ᠋ ᠤᠨ ᠰᠢᠯᠭᠠᠨ ᠪᠠᠢᠴᠠᠭᠠᠬᠤ ᠭᠠᠵᠠᠷ ᠪᠣᠯᠣᠨ᠎ᠠ᠃   

    ᠡᠭᠦᠨ ᠤ ᠲᠤᠯᠠ ᠣᠨᠴᠠᠭᠠᠶᠢᠯᠠᠨ ᠵᠠᠷᠯᠠᠪᠠ᠃

 

ᠳᠠᠭᠠᠯᠳᠤᠭᠤᠯᠤᠯ᠄  

    1. ᠬᠢᠷᠢ ᠲᠡᠩᠴᠡᠭᠰᠡᠨ ᠦᠢᠯᠡᠳᠬᠦᠨ ᠤ ᠮᠡᠳᠡᠭᠡ ᠵᠠᠩᠭᠢ

    2. ᠬᠢᠷᠢ ᠲᠡᠩᠴᠡᠭᠰᠡᠨ ᠦᠭᠡᠶ ᠦᠢᠯᠡᠳᠬᠦᠨ ᠤ ᠮᠡᠳᠡᠭᠡ ᠵᠠᠩᠭᠢ

    3. ᠬᠡᠰᠡᠭ ᠬᠢᠷᠢ ᠲᠡᠩᠴᠡᠬᠦ ᠦᠭᠡᠢ ᠰᠢᠯᠭᠠᠨ ᠪᠠᠶᠢᠴᠠᠭᠠᠬᠤ ᠲᠥᠷᠥᠯ ᠵᠦᠢᠯ ᠤᠨ ᠵᠢᠵᠢᠭ ᠮᠡᠳᠡᠯᠭᠡ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

            2024 ᠣᠨ ᠤ 5 ᠳ᠋ᠤᠭᠠᠷ ᠰᠠᠷ᠎ᠠ ᠶᠢᠨ 11 ᠤ ᠡᠳᠦᠷ

 

ᠢᠷᠡᠯᠲᠡ᠄ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ