ᠣᠷᠳᠣᠰ ᠤᠨ ᠵᠠᠭᠤᠨ ᠪᠠᠭᠤᠳᠠᠯ ᠦᠨ᠎ᠡ ᠬᠠᠩᠰᠢ ᠶᠢᠨ ᠠᠮᠠᠯᠠᠯᠲᠠ ᠬᠢᠵᠦ ︽ᠬᠤᠲᠠ ᠶᠢ ᠳᠤᠯᠠᠭᠠᠴᠠᠭᠤᠯᠬᠤ︾ ᠵᠢᠭᠤᠯᠴᠢᠯᠠᠯ ᠤᠨ ᠦᠨᠡᠨᠴᠢ ᠢᠲᠡᠭᠡᠮᠵᠢᠲᠡᠶ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠦᠨᠡᠨ ᠬᠦ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/5/13

    ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠪᠥᠬᠦ ᠬᠤᠲᠠ ᠶᠢᠨ ᠵᠠᠭᠤᠨ ᠲᠣᠮᠣ ᠳᠤᠮᠳᠠ ᠬᠡᠯᠪᠡᠷᠢ ᠶᠢᠨ ᠪᠠᠭᠤᠳᠠᠯ ᠬᠤᠨᠤᠭ ᠤᠨ ᠠᠵᠢᠯ ᠲᠥᠷᠥᠯ ᠤᠨ ᠡᠵᠡᠩᠨᠡᠭᠴᠢᠳ ᠢ ᠵᠣᠬᠢᠶᠠᠨ ᠪᠠᠶᠢᠭᠤᠯᠤᠨ ᠦᠨ᠎ᠡ ᠬᠠᠩᠰᠢ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠵᠤ᠂ ᠦᠨᠡᠨᠴᠢ ᠢᠲᠡᠭᠡᠮᠵᠢᠲᠡᠶ ᠪᠠᠶᠢᠵᠤ᠂ ᠡᠵᠡᠩᠨᠡᠯᠲᠡ ᠶᠢ ᠨᠢ ᠵᠢᠷᠤᠮᠵᠢᠭᠤᠯᠬᠤ ᠶᠢ ᠦᠨᠡᠨ ᠬᠦ ᠪᠡᠶᠡᠯᠡᠭᠦᠯᠵᠦ᠂ ᠣᠷᠳᠣᠰ ᠬᠤᠲᠠ ᠶᠢᠨ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ᠬᠤᠲᠠ ᠶᠢ ᠳᠤᠯᠠᠭᠠᠴᠠᠭᠤᠯᠬᠤ︾ ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠬᠠᠮᠲᠤ ᠪᠠᠷ ᠰᠠᠬᠢᠨ ᠬᠠᠮᠠᠭᠠᠯᠠᠪᠠ᠃

    ᠨᠢᠭᠡ ᠳᠤ ᠰᠠᠨᠠᠭᠠᠴᠢᠯᠠᠭ᠎ᠠ ᠠᠴᠠ ᠪᠠᠨ ᠬᠢᠨᠠᠨ ᠬᠠᠮᠢᠶᠠᠷᠬᠤ ᠪᠣᠭᠤᠮᠲᠠ ᠶᠢ ᠤᠷᠤᠭᠰᠢ ᠰᠢᠯᠵᠢᠭᠦᠯᠪᠡ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠠᠨᠠᠭᠤᠯᠤᠨ ᠰᠡᠷᠡᠮᠵᠢᠯᠡᠭᠦᠯᠬᠦ ᠬᠤᠷᠠᠯ ᠬᠢᠬᠦ᠂ ᠰᠠᠨᠠᠭᠤᠯᠤᠨ ᠰᠡᠷᠡᠮᠵᠢᠯᠡᠭᠦᠯᠬᠦ ᠪᠢᠴᠢᠭ ᠲᠠᠷᠬᠠᠭᠠᠬᠤ᠂ ᠬᠦᠷᠴᠦ ᠵᠢᠯᠣᠭᠤᠳᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠬᠥᠲᠥᠯᠦᠨ ᠵᠢᠯᠣᠭᠤᠳᠬᠤ ᠶᠢ ᠥᠷᠭᠡᠨ ᠢᠶᠠᠷ ᠥᠷᠨᠢᠭᠦᠯᠪᠡ᠃ ︽ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠰᠠᠨᠠᠭᠠᠴᠢᠯᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠵᠢᠷᠤᠮᠵᠢᠭᠤᠯᠬᠤ ᠲᠤᠬᠠᠶ ᠰᠠᠨᠠᠭᠤᠯᠬᠤ ᠪᠢᠴᠢᠭ︾ ᠢ ᠳᠠᠷᠤᠮᠠᠯᠯᠠᠨ ᠲᠠᠷᠬᠠᠭᠠᠵᠤ᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠬᠦᠷᠢᠶᠡᠨ ᠳᠠᠬᠢ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠵᠠᠰᠠᠭ ᠵᠠᠬᠢᠷᠭᠠᠨ ᠤ ᠵᠢᠯᠣᠭᠤᠳᠬᠤ ᠪᠢᠴᠢᠭ︾ ᠢ ᠨᠡᠶᠢᠲᠡᠯᠡᠵᠦ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠥᠷᠭᠡᠨ ᠣᠯᠠᠨ ᠵᠢᠭᠤᠯᠴᠢᠯᠠᠭᠴᠢᠳ ᠤᠨ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠬᠤᠨᠣᠵᠤ ᠬᠡᠪᠲᠡᠬᠦ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ ᠢ ᠰᠠᠨᠠᠭᠤᠯᠤᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠭᠴᠢ ᠶᠢ ᠬᠥᠲᠥᠯᠥᠨ ᠵᠢᠯᠣᠭᠤᠳᠴᠤ ᠪᠠᠶᠢᠭᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠦᠨ᠎ᠡ ᠬᠠᠩᠰᠢ ᠶᠢ ᠢᠯᠡ ᠬᠠᠳᠠᠬᠤ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠵᠦ᠂ ᠦᠨ᠎ᠡ ᠬᠠᠩᠰᠢ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠲᠣᠰ ᠪᠡᠶ᠎ᠡ ᠶᠢᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠥᠪᠡᠷ ᠢᠶᠠᠨ ᠡᠵᠡᠨ ᠮᠡᠳᠡᠵᠦ ᠦᠨ᠎ᠡ ᠲᠣᠭᠲᠠᠭᠠᠬᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ᠂ ᠳᠤᠷ᠎ᠠ ᠪᠠᠷ ᠢᠶᠠᠨ ᠶᠡᠭᠡ ᠬᠡᠮᠵᠢᠶ᠎ᠡ ᠪᠠᠷ ᠦᠨ᠎ᠡ ᠥᠰᠬᠡᠵᠦ ᠪᠣᠯᠬᠤ ᠦᠭᠡᠢ᠂ ᠦᠨ᠎ᠡ ᠬᠠᠩᠰᠢ ᠶᠢ ᠢᠯᠡ ᠬᠠᠳᠠᠬᠤ ᠪᠠ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠨᠡᠶᠢᠲᠡ 7 ᠤᠳᠠᠭ᠎ᠠ ᠰᠠᠨᠠᠭᠤᠯᠤᠨ ᠰᠡᠷᠡᠮᠵᠢᠯᠡᠭᠦᠯᠬᠦ ᠬᠤᠷᠠᠯ ᠬᠤᠷᠠᠯᠳᠤᠭᠤᠯᠪᠠ᠃

    ᠬᠤᠶᠠᠷ ᠲᠤ ᠦᠨ᠎ᠡ ᠬᠠᠩᠰᠢ ᠶᠢᠨ ᠠᠮᠠᠯᠠᠯᠲᠠ ᠶᠢ ᠰᠢᠨ᠎ᠡ ᠶᠢ ᠡᠭᠦᠳᠦᠨ ᠥᠷᠨᠢᠭᠦᠯᠪᠡ᠃ ᠽᠢ ᠪᠥᠸᠧ᠂ ᠬᠠᠷᠪᠢᠨ ᠵᠡᠷᠭᠡ ᠪᠠᠭᠤᠳᠠᠯ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠰᠢᠨ᠎ᠡ ᠬᠡᠯᠪᠡᠷᠢ ᠶᠢᠨ ᠠᠵᠢᠯ ᠤᠨ ᠵᠠᠭᠪᠤᠷ ᠪᠠ ᠠᠵᠢᠯᠯᠠᠬᠤ ᠠᠷᠭ᠎ᠠ ᠶᠢ ᠢᠳᠡᠪᠬᠢᠲᠡᠶ ᠪᠠᠷ ᠲᠣᠯᠢᠯᠠᠨ ᠰᠤᠷᠤᠯᠴᠠᠵᠤ᠂ ᠪᠥᠬᠦ ᠬᠤᠲᠠ ᠶᠢᠨ ᠵᠠᠭᠤᠨ ᠲᠣᠮᠣ ᠳᠤᠮᠳᠠ ᠬᠡᠯᠪᠡᠷᠢ ᠶᠢᠨ ᠪᠠᠭᠤᠳᠠᠯ ᠤᠨ ᠡᠵᠡᠩᠨᠡᠭᠴᠢ ᠶᠢᠨ ᠰᠠᠶᠢᠨ ᠳᠤᠷ᠎ᠠ ᠠᠴᠠ ᠪᠠᠨ ︽ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ ᠶᠢ ᠰᠢᠨ᠎ᠡ ᠶᠢ ᠡᠭᠦᠳᠴᠦ ᠵᠣᠬᠢᠶᠠᠨ ᠪᠠᠶᠢᠭᠤᠯᠵᠤ᠂ ᠪᠠᠭᠤᠳᠠᠯ ᠤᠨ ᠡᠵᠡᠩᠨᠡᠭᠴᠢ ︽5.1︾ ᠵᠡᠷᠭᠡ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠬᠤᠭᠤᠴᠠᠭᠠᠨ ᠳᠤ ᠡᠯ᠎ᠡ ᠵᠦᠢᠯ ᠤᠨ ᠦᠨ᠎ᠡ ᠬᠠᠩᠰᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠪᠠᠭᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠨᠢ ᠲᠦᠷᠦᠭᠦᠤ ᠭᠤᠷᠪᠠᠨ ᠰᠠᠷ᠎ᠠ ᠶᠢᠨ ᠳᠤᠮᠳᠠᠴᠢ ᠦᠨ᠎ᠡ ᠠᠴᠠ 150 % ᠬᠡᠲᠦᠷᠡᠬᠦ ᠥᠬᠡᠶ ᠭᠡᠵᠦ ᠰᠠᠨᠠᠭᠠᠴᠢᠯᠠᠭ᠎ᠠ ᠠᠴᠠ ᠪᠠᠨ ᠠᠮᠠᠯᠠᠵᠤ᠂ ᠡᠨᠡ ᠬᠦ ᠠᠵᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠠᠩᠬ᠎ᠠ ᠤᠳᠠᠭ᠎ᠠ ᠶᠠᠪᠤᠭᠳᠠᠵᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠳᠦ ᠬᠡᠮᠵᠢᠶᠡᠨ ᠤ ᠦᠨᠡᠯᠡᠯ ᠢ ᠤᠯᠪᠠ᠃ ᠡᠭᠦᠨ ᠤ ᠬᠠᠮᠲᠤ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠭᠤᠳᠠᠯ ᠤᠨ ᠭᠡᠷ᠎ᠡ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠦᠨᠡᠨ ᠬᠦ ᠴᠢᠩᠭᠠᠳᠬᠠᠵᠤ᠂ ᠪᠠᠶᠢᠴᠠᠭᠠᠬᠤ ᠪᠠᠷ ᠳᠡᠮᠵᠢᠨ᠂ ᠦᠨ᠎ᠡ ᠬᠠᠩᠰᠢ ᠶᠢᠨ ᠠᠮᠠᠯᠠᠯᠲᠠ ᠲᠣᠭᠲᠠᠭᠰᠠᠨ 100 ᠵᠣᠴᠢᠳ ᠤᠨ ᠪᠠᠭᠤᠳᠠᠯ ᠤᠨ100% ᠪᠠᠷ ᠭᠡᠷ᠎ᠡ ᠭᠦᠢᠴᠡᠳᠬᠡᠪᠡ᠃

    ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭ᠎ᠠ ᠥᠷᠨᠢᠭᠦᠯᠪᠡ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠷᠢᠶ᠎ᠠ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠡᠵᠡᠩᠨᠡᠭᠴᠢᠳ ᠢ ᠵᠢᠯᠣᠭᠤᠳᠤᠨ ᠦᠨ᠎ᠡ ᠬᠠᠩᠰᠢ ᠶᠢ ᠢᠯᠡ ᠬᠠᠳᠠᠬᠤ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠰᠠᠨᠠᠭ᠎ᠠ ᠠᠮᠤᠷ ᠬᠡᠷᠡᠭᠯᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠪᠠ︔ ᠦᠵᠡᠮᠵᠢ ᠶᠢᠨ ᠣᠷᠣᠨ ᠦᠵᠡᠮᠵᠢ ᠶᠢᠨ ᠴᠡᠭ ᠵᠢᠴᠢ ᠡᠷᠬᠢᠨ ᠲᠣᠭᠤᠷᠢᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠲᠡ 54 ᠤᠳᠠᠭ᠎ᠠ ᠦᠨ᠎ᠡ ᠬᠠᠩᠰᠢ ᠶᠢᠨ ᠪᠠᠶᠢᠴᠠᠭᠠᠯᠲᠠ ᠬᠢᠵᠦ᠂ ᠪᠠᠭᠤᠳᠠᠯ ᠢ 252 ᠤᠳᠠᠭ᠎ᠠ ᠪᠠᠶᠢᠴᠠᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢ 38 ᠤᠳᠠᠭ᠎ᠠ᠂ ᠦᠨᠳᠦᠰᠦᠲᠡᠨ ᠤ ᠣᠨᠴᠠ ᠭᠠᠷᠤᠯᠲᠠ ᠵᠡᠷᠭᠡ ᠡᠷᠬᠢᠨ ᠲᠣᠭᠤᠷᠢᠨ ᠤ ᠡᠵᠡᠩᠨᠡᠯᠲᠡ ᠶᠢᠨ 270 ᠡᠷᠦᠬᠡ ᠶᠢ ᠪᠠᠶᠢᠴᠠᠭᠠᠵᠤ᠂ 20 ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃

    ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠪᠠᠭᠤᠳᠠᠯ ᠤᠨ ᠦᠨ᠎ᠡ ᠬᠠᠩᠰᠢ ᠶᠢᠨ ᠠᠮᠠᠯᠠᠯᠲᠠ ᠵᠡᠷᠭᠡ ᠬᠤᠯᠪᠣᠭᠳᠠᠯ ᠪᠥᠬᠦᠶ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠨᠡᠮᠡᠭᠳᠡᠭᠦᠯᠬᠦ ᠶᠢᠨ ᠬᠠᠮᠲᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯᠳᠠᠯᠭ᠎ᠠ ᠲᠠᠢ ᠬᠦᠷᠢᠶᠡᠨ ᠳᠠᠬᠢ ᠦᠨ᠎ᠡ ᠬᠠᠩᠰᠢ ᠶᠢ ᠴᠢᠩᠭ᠎ᠠ ᠠᠩᠬᠠᠷᠴᠤ᠂ ᠦᠨᠡᠨᠴᠢ ᠢᠲᠡᠭᠡᠮᠵᠢᠲᠡᠶ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ