ᠬᠠᠮᠢᠶ᠎ᠠ ᠪᠦᠬᠦᠢ ᠡᠭᠦᠷᠭᠡ ᠶᠢ ᠬᠤᠭᠤᠴᠠᠭ᠎ᠠ ᠬᠢᠵᠠᠭᠠᠷᠯᠠᠨ ᠭᠦᠢᠴᠡᠳᠭᠡᠭᠦᠯᠬᠦ ᠪᠠᠷ ᠵᠠᠷᠯᠢᠭᠳᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/14

    ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠄

    ᠣᠨ ᠤ ᠮᠡᠳᠡᠭᠦᠯᠦᠯᠲᠡ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠥᠪᠥᠷ ᠮᠣᠩᠭᠤᠯ ᠤᠨ ᠰᠢᠤ ᠫᠦ᠋ ᠯᠠᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ 6650 ᠠᠵᠤ ᠠᠬᠤᠶᠢᠯᠠᠯ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷ ᠬᠡᠷᠡᠭᠵᠢᠭᠦᠯᠬᠦ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠬᠠᠮᠢᠶᠠᠷᠬᠤ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ 2021᠂ 2022 ᠣᠨ ᠤ ᠮᠡᠳᠡᠭᠦᠯᠦᠯᠲᠡ ᠪᠠᠨ ᠨᠡᠶᠢᠲᠡᠯᠡᠭᠰᠡᠨ ᠥᠬᠡᠶ ᠶᠢ ᠪᠠᠶᠢᠴᠠᠭᠠᠨ ᠯᠠᠪᠯᠠᠵᠤ᠂ ᠨᠢᠭᠡᠨᠲᠡ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷ ᠬᠡᠷᠡᠭᠵᠢᠭᠦᠯᠬᠦ ᠲᠦᠷᠢᠮ︾ ᠤᠨ ᠠᠷᠪᠠᠨ ᠨᠠᠢᠮᠠᠳᠤᠭᠠᠷ ᠵᠦᠢᠯ ︽ᠠᠵᠤ ᠠᠬᠤᠶᠢᠯᠠᠯ ᠵᠠᠯᠭᠠᠭ᠎ᠠ ᠪᠠᠷ 2 ᠵᠢᠯ ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠭᠰᠡᠨ ᠦᠭᠡᠢ ᠠᠴᠠ ᠪᠣᠯᠵᠤ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠠᠳ ᠵᠠᠯᠠᠷᠠᠭᠤᠯᠤᠭᠰᠠᠨ ᠥᠬᠡᠶ ᠪᠥᠭᠡᠳ ᠪᠦᠷᠢᠳᠬᠡᠭᠦᠯᠦᠭᠰᠡᠨ ᠣᠷᠣᠨ ᠰᠠᠭᠤᠴᠠ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠢᠶᠠᠷ ᠳᠠᠮᠵᠢᠭᠤᠯᠤᠨ ᠬᠠᠷᠢᠯᠴᠠᠬᠤ ᠶᠢᠨ ᠠᠷᠭ᠎ᠠ ᠥᠬᠡᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠴᠤ ᠬᠦᠴᠦᠨ ᠥᠬᠡᠶ ᠪᠣᠯᠭᠠᠬᠤ︾ ᠵᠡᠷᠭᠡ ᠬᠠᠮᠢᠶ᠎ᠠ ᠪᠥᠬᠦᠶ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠢᠨᠠᠨ ᠬᠠᠷᠭᠤᠭᠤᠯᠵᠤ ᠰᠢᠢᠳᠪᠦᠷᠢᠯᠡᠭᠡᠷᠡᠢ᠃

    ᠠᠵᠤ ᠠᠬᠤᠶᠢᠯᠠᠯ ᠬᠠᠷᠠᠬᠠᠨ ᠡᠵᠡᠩᠨᠡᠯᠲᠡ ᠶᠢᠨ ᠳᠤᠮᠳᠠ ᠪᠤᠶᠤ ᠦᠷᠭᠦᠯᠵᠢᠯᠡᠨ ᠡᠵᠡᠩᠨᠡᠬᠦ ᠬᠦᠰᠡᠯ ᠡᠷᠡᠮᠡᠯᠵᠡᠯ ᠲᠠᠢ ᠪᠠᠶᠢᠪᠠᠯ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠨ ᠤ ᠮᠡᠳᠡᠭᠦᠯᠦᠯᠲᠡ ᠶᠢ ᠮᠡᠳᠡᠭᠦᠯᠬᠦ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠶᠢ ᠨᠢ ᠬᠠᠤᠯᠢ ᠶᠣᠰᠣᠭᠠᠷ ᠭᠦᠢᠴᠡᠳᠬᠡᠭᠦᠯᠬᠦ ᠶᠢᠨ ᠬᠠᠮᠲᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ ᠭᠤᠶᠤᠴᠢᠯᠠᠯ ᠭᠠᠷᠭᠠᠨ᠎ᠠ︔ ᠬᠡᠷᠪᠡ ᠪᠦᠷᠢᠳᠬᠡᠭᠦᠯᠦᠭᠰᠡᠨ ᠣᠷᠣᠨ ᠰᠠᠭᠤᠴᠠ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠲᠤ ᠬᠤᠪᠢᠷᠠᠯᠲᠠ ᠭᠠᠷᠪᠠᠯ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠯ ᠭᠠᠷᠭᠠᠨ᠎ᠠ︔ ᠬᠡᠷᠪᠡ ᠨᠢᠭᠡᠨᠲᠡ ᠡᠵᠡᠩᠨᠡᠯᠲᠡ ᠶᠢᠨ ᠠᠵᠢᠯᠯᠠᠭ᠎ᠠ ᠬᠢᠬᠦ ᠦᠭᠡᠢ ᠪᠣᠯᠣᠭᠰᠠᠨ ᠪᠣᠯ᠂ ᠬᠠᠤᠯᠢ ᠶᠣᠰᠣᠭᠠᠷ ᠳᠠᠩᠰᠠᠯᠠᠯᠲᠠ ᠪᠠᠨ ᠬᠦᠴᠦᠨ ᠦᠭᠡᠢ ᠪᠣᠯᠭᠠᠬᠤ ᠭᠠᠷᠳᠠᠮ ᠢ ᠭᠦᠢᠴᠡᠳᠬᠡᠵᠦ᠂ ᠴᠠᠭ ᠨᠢ ᠥᠩᠭᠡᠷᠡᠲᠡᠯ᠎ᠡ ᠣᠨ ᠤ ᠮᠡᠳᠡᠭᠦᠯᠦᠯᠲᠡ ᠶᠢᠨ ᠡᠭᠦᠷᠭᠡ ᠪᠠᠨ ᠭᠦᠢᠴᠡᠳᠬᠡᠭᠰᠡᠨ ᠦᠭᠡᠢ ᠪᠤᠶᠤ ᠬᠤᠪᠢᠷᠠᠭᠤᠯᠬᠤ᠂ ᠳᠠᠩᠰᠠᠨ ᠠᠴᠠ ᠬᠠᠰᠤᠬᠤ ᠪᠠᠷ ᠭᠤᠶᠤᠴᠢᠯᠠᠭᠰᠠᠨ ᠦᠭᠡᠢ ᠪᠣᠯ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠠᠶᠢᠴᠠᠭᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ ᠤ ᠰᠢᠢᠳᠬᠡᠯ ᠤᠨ ᠳᠡᠰ ᠳᠠᠷᠠᠭᠠᠯᠠᠯ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠡᠭᠦᠨ ᠤ ᠬᠠᠮᠲᠤ 2024 ᠣᠨ ᠤ 6 ᠳ᠋ᠤᠭᠠᠷ ᠰᠠᠷ᠎ᠠ ᠠᠴᠠ ᠡᠬᠢᠯᠡᠨ ᠰᠠᠷ᠎ᠠ ᠪᠦᠷᠢ ᠶᠢᠨ ᠡᠴᠦᠰ ᠠᠵᠢᠯ ᠤᠨ ᠪᠠᠶᠢᠳᠠᠯ ᠢᠶᠠᠨ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠪᠤᠰᠤ ᠴᠠᠭ ᠢᠶᠠᠷ ᠲᠣᠬᠢᠷᠠᠭᠤᠯᠤᠨ᠎ᠠ᠃

    ᠬᠠᠷᠢᠯᠴᠠᠬᠤ ᠬᠥᠮᠥᠨ᠄ ᠸᠠᠩ ᠬᠠᠢ ᠴᠢᠩ᠂ ᠬᠠᠷᠢᠯᠴᠠᠬᠤ ᠤᠲᠠᠰᠤ᠄ 0471 – 3985185

    ᠬᠠᠷᠢᠯᠴᠠᠬᠤ ᠰᠢᠦᠳᠠᠨ ᠬᠠᠶᠢᠷᠴᠠᠭ᠄ xinyongjianguanju@163.com

 

 

    ᠳᠠᠭᠠᠯᠳᠤᠭᠤᠯᠤᠯ᠄   ᠪᠥᠬᠦ ᠣᠷᠣᠨ ᠤ 2021 ᠣᠨ᠂ 2022 ᠣᠨ ᠳᠤ ᠣᠨ ᠤ ᠮᠡᠳᠡᠭᠦᠯᠦᠯᠲᠡ ᠪᠠᠨ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠭᠰᠡᠨ ᠥᠬᠡᠶ ᠠᠵᠤ ᠠᠬᠤᠶᠢᠯᠠᠯ ᠤᠨ ᠨᠡᠷᠡᠰ

    

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

            2024 ᠣᠨ ᠤ 5 ᠳ᠋ᠤᠭᠠᠷ ᠰᠠᠷ᠎ᠠ ᠶᠢᠨ 14 ᠤ ᠡᠳᠦᠷ

 

 

ᠢᠷᠡᠯᠲᠡ᠄ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ