ᠬᠢᠩᠭᠠᠨ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠨ ᠵᠢᠱᠢᠭᠰᠡᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/5/15

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ︽2023 ᠣᠨ ᠤ ᠥᠪᠥᠷ ᠮᠣᠩᠭᠤᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠨ ᠵᠢᠱᠢᠭᠰᠡᠨ ᠶᠡᠷᠦᠩᠬᠡᠶ ᠮᠡᠳᠡᠭᠦᠯᠦᠯᠲᠡ︾ ᠶᠢ ᠨᠡᠶᠢᠲᠡᠯᠡᠵᠦ᠂ ᠲᠣᠰ ᠮᠡᠳᠡᠭᠦᠯᠦᠯᠲᠡ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠡᠶᠢᠲᠡᠯᠢᠭ ᠲᠤᠷᠰᠢᠯᠭ᠎ᠠ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳ᠋ᠦᠩᠨᠡᠵᠦ᠂ ᠡᠭᠦᠨ ᠳᠤ ︽ᠬᠢᠩᠭᠠᠨ ᠠᠶᠢᠮᠠᠭ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠠᠯᠠ ᠲᠣᠬᠢᠷᠠᠭᠤᠯᠭ᠎ᠠ ᠶᠢᠨ ᠠᠵᠤ ᠠᠬᠤᠶᠢᠯᠠᠯ ᠤᠨ ︿ᠴᠠᠭᠠᠨ ᠨᠡᠷᠡᠰ﹀ ᠢ ᠬᠤᠤᠰ ᠴᠢᠭᠯᠡᠯ ᠢᠶᠠᠷ ᠬᠦᠷᠭᠡᠬᠦ ᠠᠵᠢᠯ ᠤᠨ ᠲᠣᠭᠲᠠᠴᠠ ᠶᠢ ᠪᠠᠶᠢᠭᠤᠯᠬᠤ︾ ᠡᠨᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠮᠵᠢᠯᠲᠠ ᠲᠠᠢ ᠪᠠᠷ ᠰᠣᠩᠭᠤᠭᠳᠠᠪᠠ᠃

    ︽ᠬᠢᠩᠭᠠᠨ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠠᠯᠠ ᠲᠣᠬᠢᠷᠠᠭᠤᠯᠭ᠎ᠠ ᠶᠢᠨ ᠠᠵᠤ ᠠᠬᠤᠶᠢᠯᠠᠯ ᠤᠨ ︿ᠴᠠᠭᠠᠨ ᠨᠡᠷᠡᠰ﹀ ᠢ ᠬᠤᠤᠰ ᠴᠢᠭᠯᠡᠯ ᠢᠶᠠᠷ ᠬᠦᠷᠭᠡᠬᠦ ᠠᠵᠢᠯ ᠤᠨ ᠲᠣᠭᠲᠠᠴᠠ︾ ᠪᠣᠯ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ︵ᠮᠥᠩᠭᠦᠨ ᠭᠦᠢᠯᠭᠡᠭᠡᠨ ᠤ ᠠᠯᠪᠠᠨ ᠬᠡᠷ︶᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠩᠭᠠᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ ᠲᠠᠢ ᠬᠠᠮᠲᠤᠷᠠᠨ ᠪᠥᠬᠦ ᠣᠷᠣᠨ ᠳᠤ ᠤᠷᠢᠳᠠᠪᠠᠷ ᠬᠡᠷᠡᠭᠵᠢᠭᠦᠯᠦᠭᠰᠡᠨ ᠨᠢᠭᠡ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ ᠳᠥᠷᠪᠡᠨ ᠰᠠᠯᠠᠭ᠎ᠠ ᠮᠥᠴᠢᠷ ᠤᠳ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠠᠴᠠ ᠭᠠᠷᠳᠠᠵᠤ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠰᠣᠯᠢᠯᠴᠠᠭᠠᠨ ᠤ ︽ᠳᠠᠮᠵᠢᠭᠤᠯᠬᠤ ᠥᠷᠲᠡᠭᠡ︾᠂ ︽ᠰᠣᠯᠪᠢᠴᠠᠭᠰᠠᠨ ᠬᠥᠭᠦᠷᠭᠡ︾ ᠶᠢ ᠪᠠᠶᠢᠭᠤᠯᠵᠤ᠂ ᠮᠡᠳᠡᠭᠡ ᠵᠠᠩᠭᠢ ᠶᠢᠨ ︽ᠵᠥᠪ᠂ ᠡᠰᠡᠷᠭᠦ︾ ᠬᠤᠣᠰ ᠴᠢᠭᠯᠡᠯ ᠢᠶᠠᠷ ᠬᠦᠷᠭᠡᠬᠦ ᠶᠢ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠠᠯᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠪᠠᠷ ᠨᠠᠩ ᠣᠯᠠᠨ ᠰᠢᠨ᠎ᠡ ᠶᠢ ᠡᠭᠦᠳᠬᠦ ᠭᠤᠤᠯ ᠴᠣᠭᠴᠠ ᠳᠤ ᠠᠰᠢᠭ ᠬᠦᠷᠲᠡᠭᠡᠪᠡ᠃ 2023 ᠣᠨ ᠳᠤ ᠪᠥᠬᠦ ᠠᠶᠢᠮᠠᠭ ᠤᠨ ᠲᠤᠰᠬᠠᠶ ᠠᠰᠢᠭ᠂ ᠲᠠᠸᠠᠷ ᠤᠨ ᠲᠡᠮᠳᠡᠭ ᠤᠨ ᠳᠠᠨᠵᠢᠯᠭᠠᠲᠦ ᠪᠠᠯᠠ ᠲᠣᠬᠢᠷᠠᠭᠤᠯᠭ᠎ᠠ 2022 ᠣᠨ ᠤ ᠬᠢ ᠠᠴᠠ 38.71% ᠪᠠᠷ ᠨᠡᠮᠡᠭᠳᠡᠪᠡ᠃

    ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠡᠯᠡ ᠲᠣᠬᠢᠷᠠᠭᠤᠯᠭ᠎ᠠ ᠶᠢᠨ ᠠᠵᠤ ᠠᠬᠤᠶᠢᠯᠠᠯ ᠤᠨ ︽ᠴᠠᠭᠠᠨ ᠨᠡᠷᠡᠰ ︾ ᠢ ᠬᠤᠣᠰ ᠴᠢᠭᠯᠡᠯ ᠢᠶᠠᠷ ᠬᠦᠷᠭᠡᠬᠦ ᠨᠢ᠄ ᠨᠢᠭᠡ ᠳᠤ ᠵᠥᠪ ᠴᠢᠭᠯᠡᠯ ᠢᠶᠠᠷ ᠬᠦᠷᠭᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠡᠯᠡ ᠲᠣᠬᠢᠷᠠᠭᠤᠯᠭ᠎ᠠ ᠶᠢᠨ ︽ᠴᠠᠭᠠᠨ ᠨᠡᠷᠡᠰ︾ ᠤᠨ ᠠᠵᠤ ᠠᠬᠤᠶᠢᠯᠠᠯ ᠵᠢᠴᠢ ᠬᠡᠷᠡᠭᠴᠡᠭᠡ ᠱᠠᠭᠠᠷᠳᠠᠯᠭ᠎ᠠ ᠶᠢ ᠡᠯ᠎ᠡ ᠰᠠᠯᠠᠭ᠎ᠠ ᠮᠥᠴᠢᠷ ᠲᠤ ᠰᠢᠭᠤᠳ ᠬᠦᠷᠭᠡᠵᠦ᠂ ᠨᠠᠩ ᠣᠯᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠲᠠᠢ ᠠᠵᠤ ᠠᠬᠤᠶᠢᠯᠠᠯ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠬᠠᠷᠠᠭ᠎ᠠ︾ ︽ᠡᠮᠦᠨ᠎ᠡ ᠮᠥᠷ︾ ᠲᠤ ᠣᠷᠣᠭᠤᠯᠪᠠ︔ ᠬᠤᠶᠠᠷ ᠲᠤ ᠡᠰᠡᠷᠭᠦ ᠴᠢᠭᠯᠡᠯ ᠢᠶᠠᠷ ᠬᠦᠷᠭᠡᠬᠦ᠂ ᠡᠯ᠎ᠡ ᠰᠠᠯᠠᠭ᠎ᠠ ᠮᠥᠴᠢᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠵᠢᠭᠡᠯᠡᠯᠭᠡ ᠶᠢ ᠭᠤᠶᠤᠴᠢᠯᠠᠵᠤ ᠪᠠᠶᠢᠭ᠎ᠠ ᠠᠵᠤ ᠠᠬᠤᠶᠢᠯᠠᠯ ᠤᠨ ᠨᠡᠷᠡᠰ ᠢ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠭᠡᠵᠦ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠲᠠᠯᠪᠢᠬᠤ ᠠᠴᠠ ᠡᠮᠦᠨ᠎ᠡ ᠦᠨᠡᠯᠡᠨ ᠵᠢᠱᠢᠵᠦ᠂ ᠵᠢᠭᠡᠯᠡᠯᠭᠡ ᠶᠢᠨ ᠬᠢᠨᠠᠨ ᠵᠥᠪᠰᠢᠶᠡᠷᠡᠯ ᠳᠤ ᠯᠠᠪᠯᠠᠯᠲᠠ ᠬᠠᠩᠭᠠᠪᠠ᠃

    ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠠᠯᠠ ᠲᠣᠬᠢᠷᠠᠭᠤᠯᠭ᠎ᠠ ᠶᠢᠨ ︽ᠴᠠᠭᠠᠨ ᠨᠡᠷᠡᠰ ︾ ᠤᠨ ᠠᠵᠤ ᠠᠬᠤᠶᠢᠯᠠᠯ ᠤᠨ ᠬᠤᠤᠰ ᠴᠢᠭᠯᠡᠯ ᠢᠶᠠᠷ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠭᠠᠲᠦ ᠪᠠᠯᠠ ᠲᠣᠬᠢᠷᠠᠭᠤᠯᠭ᠎ᠠ ᠶᠢᠨ ᠲᠣᠭᠲᠠᠭᠤᠨ ᠪᠠᠲᠤ ᠬᠥᠭᠦᠷᠭᠡ ᠶᠢ ᠪᠠᠶᠢᠭᠤᠯᠵᠤ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠥᠨᠳᠥᠷ ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ︽ᠮᠡᠳᠡᠯᠭᠡ ᠶᠢᠨ ᠬᠥᠷᠥᠩᠭᠡ︾ ᠠᠴᠠ ︽ᠪᠡᠯᠡ ᠬᠥᠷᠥᠩᠭᠡ︾ ᠳᠠᠰᠢ ᠲᠦᠷᠭᠡᠨ ᠰᠢᠯᠵᠢᠬᠦ ᠶᠢ ᠪᠡᠶᠡᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃

 

ᠢᠷᠡᠯᠲᠡ᠄ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ