ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/15

    ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠷᠡᠭᠦᠯ ᠢᠶᠠᠷ ᠵᠢᠷᠤᠮᠵᠢᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠭᠤᠭᠴᠤᠭ᠎ᠠ ᠶᠢ ᠳᠣᠪᠤᠶᠢᠯᠭᠠᠨ᠂ ︽ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ + ᠰᠠᠨᠠᠭᠤᠯᠤᠨ ᠪᠣᠯᠵᠣᠨ ᠶᠠᠷᠢᠯᠴᠠᠬᠤ + ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠷᠭ᠎ᠠ ᠬᠡᠯᠪᠡᠷᠢ ᠶᠢ ᠠᠪᠴᠤ᠂ ᠪᠥᠬᠦ ᠬᠤᠲᠠ ᠶᠢᠨ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠬᠦᠷᠴᠦ ᠢᠷᠡᠬᠦ ᠲᠠᠰᠢᠷᠠᠮ ᠳᠤ᠂ ᠪᠥᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃

    ᠨᠢᠭᠡ ᠳᠤ ︽ᠤᠷᠢᠳᠴᠢᠯᠠᠨ ᠰᠡᠷᠭᠡᠶᠢᠯᠡᠬᠦ ᠲᠠᠷᠢᠯᠭ᠎ᠠ︾ ᠶᠢ ᠰᠠᠶᠢᠲᠤᠷ ᠬᠢᠪᠡ᠃ 2024 ᠣᠨ ᠤ 4 ᠳ᠋ᠦ᠋ᠭᠡᠷ ᠰᠠᠷ᠎ᠠ ᠳᠤ ︽2024 ᠣᠨ ᠤ ᠬᠥᠬᠡᠬᠤᠲᠠ ᠶᠢᠨ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠰᠠᠨᠠᠭᠤᠯᠬᠤ ᠠᠯᠪᠠᠨ ᠵᠠᠷ︾ ᠢ ᠨᠡᠶᠢᠲᠡᠯᠡᠵᠦ᠂ ᠵᠢᠭᠤᠯᠴᠢᠯᠠᠯ ᠤᠨ ᠠᠵᠢᠯ ᠲᠥᠷᠥᠯ ᠤᠨ ᠡᠵᠡᠩᠨᠡᠭᠴᠢ ᠳᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠣᠯᠠᠨ ᠨᠡᠶᠢᠲᠡ ᠶᠢᠨ ᠠᠰᠢᠭ ᠲᠤᠰᠠ ᠶᠢ ᠤᠬᠠᠮᠰᠠᠷ ᠠᠴᠠ ᠪᠠᠨ ᠬᠠᠮᠠᠭᠠᠯᠠᠬᠤ ᠶᠢ ᠰᠠᠨᠠᠭᠤᠯᠪᠠ︔ ᠡᠭᠦᠨ ᠤ ᠬᠠᠮᠲᠤ ᠪᠥᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠯᠠᠮᠰᠢᠯ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ᠂ ᠵᠣᠴᠢᠳ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠣᠯᠠᠨ ᠡᠭᠦᠰᠬᠦ᠂ ᠣᠯᠠᠨᠲᠠ ᠡᠭᠦᠰᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠡᠮᠬᠢᠯᠡᠨ ᠪᠠᠶᠢᠴᠠᠭᠠᠵᠤ᠂ ᠬᠡᠰᠡᠭ ᠪᠠᠭᠤᠳᠠᠯ᠂ ᠶᠡᠭᠡ ᠵᠣᠣ ᠬᠠᠮᠢᠶᠠᠷᠤᠯᠲᠠ ᠶᠢᠨ ᠵᠥᠪᠯᠡᠯ᠂ ᠬᠠᠷ᠎ᠠ ᠤᠰᠤ ᠳᠡᠭᠡᠳᠦ ᠬᠤᠷᠳᠤ ᠶᠢᠨ ᠦᠢᠯᠡᠴᠢᠯᠡᠭᠡᠨ ᠤ ᠲᠣᠭᠤᠷᠢᠭ ᠵᠡᠷᠭᠡ ᠬᠠᠮᠢᠶ᠎ᠠ ᠪᠦᠬᠦᠢ ᠡᠵᠡᠩᠨᠡᠭᠴᠢᠳ ᠢ ᠵᠣᠬᠢᠶᠠᠨ ᠪᠠᠶᠢᠭᠤᠯᠵᠤ ᠪᠣᠯᠵᠣᠨ ᠶᠠᠷᠢᠯᠴᠠᠵᠤ ᠰᠠᠨᠠᠭᠤᠯᠵᠤ᠂ ᠲᠡᠳᠡᠨ ᠤ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠥᠲᠥᠯᠥᠨ ᠵᠢᠯᠣᠭᠤᠳᠪᠠ᠃

    ᠬᠤᠶᠠᠷ ᠲᠤ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠪᠠ᠃ ᠡᠯ᠎ᠡ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠥᠬᠦ ᠬᠤᠲᠠ ᠶᠢᠨ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ᠂ ᠦᠵᠡᠮᠵᠢ ᠶᠢᠨ ᠣᠷᠣᠨ ᠤ ᠵᠠᠮ ᠬᠠᠷᠢᠯᠴᠠᠭ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠬᠠᠳᠠᠭᠰᠠᠨ ᠥᠬᠡᠶ᠂ ᠬᠤᠳᠠᠯ ᠬᠠᠭᠤᠷᠮᠠᠭ ᠤᠬᠠᠭᠤᠯᠭ᠎ᠠ᠂ ᠬᠡᠮᠵᠢᠯᠲᠡ ᠶᠢᠨ ᠪᠠᠭᠠᠵᠢ ᠬᠡᠷᠡᠭᠰᠡᠯ ᠵᠡᠷᠭᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠦᠨᠡᠨ ᠬᠦ ᠵᠢᠷᠤᠮᠵᠢᠭᠤᠯᠬᠤ ᠶᠢᠨ ᠲᠥᠯᠥᠭᠡ᠂ ︽5.1︾ ᠤ ᠪᠠᠶᠠᠷ ᠤᠨ ᠡᠳᠦᠷ ᠤᠨ ᠬᠤᠭᠤᠴᠠᠭᠠᠨ ᠳᠤ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 2024 ᠣᠨ ᠤ 5 ᠳ᠋ᠤᠭᠠᠷ ᠰᠠᠷ᠎ᠠ ᠠᠴᠠ ᠣᠲᠣ ᠪᠣᠯᠲᠠᠯ᠎ᠠ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠦᠵᠡᠮᠵᠢ ᠶᠢᠨ ᠣᠷᠣᠨ ᠵᠢᠴᠢ ᠡᠷᠭᠢᠨ ᠲᠣᠭᠤᠷᠢᠨ ᠤ ᠡᠯ᠎ᠡ ᠲᠥᠷᠥᠯ ᠤᠨ ᠡᠵᠡᠩᠨᠡᠯᠲᠡ ᠶᠢᠨ ᠬᠤᠳᠠᠯᠳᠤᠭᠠᠴᠢᠨ ᠤ ᠡᠷᠦᠬᠡ ᠶᠢ ᠨᠡᠶᠢᠲᠡ 320 ᠭᠠᠷᠤᠶ ᠡᠷᠦᠬᠡ ᠤᠳᠠᠭ᠎ᠠ ᠪᠠᠶᠢᠴᠠᠭᠠᠵᠤ᠂ 1 ᠬᠡᠷᠡᠭ ᠢ ᠬᠡᠷᠡᠭ ᠪᠣᠯᠭᠠᠨ ᠳᠠᠩᠰᠠᠯᠠᠪᠠ︔ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢᠶᠠᠷ ᠭᠠᠷᠳᠠᠴᠠ ᠪᠣᠯᠭᠠᠵᠤ᠂ ᠲᠣᠮᠣ ᠬᠡᠯᠪᠡᠷᠢ ᠶᠢᠨ ᠠᠵᠢᠯᠯᠠᠭ᠎ᠠ ᠵᠢᠴᠢ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠵᠠ ᠲᠣᠬᠢᠶᠠᠯ ᠪᠣᠯᠭᠠᠵᠤ᠂ ᠰᠦᠯᠵᠢᠶᠡᠨ ᠤ ᠳᠠᠪᠠᠭᠤᠯᠢᠭ ᠢ ᠪᠠᠳᠠᠷᠠᠭᠤᠯᠤᠨ᠂ ᠲᠤᠬᠠᠶ ᠶᠢᠨ ᠲᠠᠯᠠᠪᠤᠷ ᠤᠨ ᠵᠢᠭᠰᠠᠭᠠᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ 5 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠵᠢᠭᠤᠯᠴᠢᠯᠠᠯ ᠤᠨ ᠬᠠᠮᠢᠶ᠎ᠠ ᠪᠥᠬᠦᠶ ᠢᠯᠡᠴᠢᠯᠡᠨ ᠮᠡᠳᠡᠭᠦᠯᠦᠯᠲᠡ ᠶᠢ ᠨᠡᠶᠢᠲᠡ 67 ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠪᠡ︔ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠢ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠳᠤ ᠣᠷᠣᠭᠤᠯᠵᠤ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠰᠣᠯᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃

    ᠭᠤᠷᠪᠠ ᠳᠤ ︽ᠰᠡᠷᠭᠡᠶᠢᠯᠡᠯᠲᠡ ᠶᠢᠨ ᠱᠤᠭᠤᠮ︾ ᠢ ᠴᠢᠩᠭ᠎ᠠ ᠠᠳᠬᠤᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠤᠨ ᠬᠥᠲᠥᠯᠦᠨ ᠵᠢᠯᠣᠭᠤᠳᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠷᠠᠳᠢᠣ᠋ ᠬᠤᠷᠢᠶ᠎ᠠ᠂ ᠰᠣᠨᠢᠨ᠂ ᠰᠦᠯᠵᠢᠶᠡᠨ ᠥᠷᠲᠡᠭᠡ᠂ ᠣᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠴᠢᠯᠡᠵᠦ᠂ 12 ᠵᠤᠷᠪᠤᠰ ᠬᠢᠨᠠᠯᠲᠠ ᠬᠠᠮᠢᠶᠠᠷᠤᠯᠲᠠ ᠶᠢᠨ ᠬᠥᠳᠡᠯᠦᠩᠭᠦᠶ ᠮᠡᠳᠡᠭᠡ ᠵᠠᠩᠭᠢ ᠶᠢ ᠨᠡᠶᠢᠲᠡᠯᠡᠪᠡ᠃ ᠬᠠᠮᠢᠶ᠎ᠠ ᠪᠦᠬᠦᠢ ᠠᠵᠢᠯ ᠲᠥᠷᠥᠯ ᠤᠨ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠭᠦᠯᠵᠦ᠂ ᠦᠨ᠎ᠡ ᠬᠠᠩᠰᠢ ᠶᠢᠨ ᠲᠠᠯ᠎ᠠ ᠪᠠᠷ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠤᠨ᠂ ᠦᠨ᠎ᠡ ᠬᠠᠩᠰᠢ ᠶᠢ ᠢᠯᠡ ᠬᠠᠳᠠᠬᠤ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠪᠡᠶᠡᠯᠡᠭᠦᠯᠪᠡ᠃

    ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠢᠯᠡ ᠬᠠᠳᠠᠭᠰᠠᠨ ᠥᠬᠡᠶ᠂ ᠦᠨ᠎ᠡ ᠬᠠᠩᠰᠢ ᠶᠢᠨ ᠮᠡᠬᠡᠯᠡᠯ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠤᠯᠴᠢᠯᠠᠯ ᠤᠨ ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠨ᠂ ᠡᠷᠡᠭᠦᠯ ᠪᠥᠭᠡᠳ ᠡᠮᠬᠢ ᠵᠢᠷᠤᠮ ᠲᠠᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ