ᠪᠦᠬᠦ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ — ᠥᠨᠥᠳᠥᠷ ᠲᠠ ︽ᠳᠣᠣᠷ᠎ᠠ ᠨᠡᠭᠦᠷᠡᠰᠦᠲᠥ᠋ᠷᠥᠭᠴᠢᠲᠦ︾ ᠶᠢ ᠦᠢᠯᠡᠳᠦᠯᠭᠡᠵᠢᠭᠦᠯᠦᠭᠰᠡᠨ ᠤᠤ︖
ᠨᠡᠶᠢᠲᠡᠯᠡᠭᠰᠡᠨ ᠴᠠᠭ᠄
2024/5/15

    5 ᠳ᠋ᠤᠭᠠᠷ ᠰᠠᠷ᠎ᠠ ᠶᠢᠨ 15 ᠤ ᠡᠳᠦᠷ ᠪᠤᠯ ︽ᠪᠦᠬᠦ ᠤᠯᠤᠰ ᠤᠨ ᠳᠤᠤᠷ᠎ᠠ ᠨᠡᠬᠦᠷᠡᠰᠦᠳᠦ᠋ᠷᠦᠭᠴᠢᠳᠦ ᠡᠳᠦᠷ︾ ᠪᠤᠯᠤᠨ᠎ᠠ᠂ ᠡᠨᠡ ᠵᠢᠯ ᠤᠨ ᠭᠤᠤᠯ ᠰᠡᠳᠦᠪ ᠪᠤᠯ ︽ᠪᠤᠬᠢᠷᠳᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠦ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ︾ ᠪᠤᠯᠤᠨ᠎ᠠ᠂ ᠪᠢᠳᠡ ᠠᠭᠤᠷ ᠠᠮᠢᠰᠬᠤᠯ ᠤᠨ ᠬᠤᠪᠢᠷᠠᠯᠳᠠ ᠶᠢᠨ ᠨᠦᠯᠦᠭᠡ ᠶᠢ ᠬᠠᠮᠳᠤ ᠪᠠᠷ ᠠᠩᠬᠠᠷᠴᠤ᠂ ᠭᠠᠷ ᠬᠤᠯᠪᠤᠨ ᠳᠦᠭᠦᠮ ᠳᠤᠬᠢᠷᠠᠮᠵᠢᠳᠠᠢ᠂ ᠪᠤᠯᠪᠠᠰᠤᠨ ᠡᠷᠡᠬᠦᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡ ᠶᠢᠨ ᠵᠠᠭᠪᠤᠷ ᠢ ᠪᠦᠷᠢᠯᠳᠦᠬᠦᠯᠵᠤ᠂ ᠪᠤᠬᠢᠷᠳᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠦ ᠬᠦᠭᠵᠢᠯᠳᠡ ᠶᠢ ᠬᠠᠮᠳᠤ ᠪᠠᠷ ᠠᠬᠢᠭᠤᠯᠤᠶ᠎ᠠ

    ᠶᠠᠭᠤ ᠶᠢ ᠳᠣᠣᠷ᠎ᠠ ᠨᠡᠭᠦᠷᠡᠰᠦᠲᠥ᠋ᠷᠦᠭᠴᠢᠲᠦ ᠭᠡᠳᠡᠭ ᠪᠤᠢ︖

    ᠳᠣᠣᠷ᠎ᠠ ᠨᠡᠭᠦᠷᠡᠰᠦᠲᠥ᠋ᠷᠦᠭᠴᠢᠲᠦ ᠭᠡᠳᠡᠭ ᠨᠢ ᠬᠥᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠨᠢ ᠨᠡᠩ ᠳᠣᠣᠷ᠎ᠠ ᠪᠣᠯᠬᠤ ᠨᠡᠶᠢᠭᠡᠮ ᠤᠨ ᠦᠢᠯᠡᠳᠪᠦᠷᠢᠯᠡᠯ ᠠᠮᠢᠳᠤᠷᠠᠯ ᠤᠨ ᠬᠡᠪ ᠵᠠᠭᠪᠤᠷ ᠢ ᠵᠢᠭᠠᠵᠤ ᠪᠠᠶᠢᠨ᠎ᠠ᠃ ᠳᠣᠤᠷ᠎ᠠ ᠨᠡᠭᠦᠷᠡᠰᠦᠲᠥ᠋ᠷᠥᠭᠴᠢᠲᠦ ᠶᠢᠨ ᠠᠭᠤᠯᠭ᠎ᠠ ᠳᠤ᠄ ᠳᠣᠤᠷ᠎ᠠ ᠨᠡᠭᠦᠷᠡᠰᠦᠲᠥ᠋ᠷᠥᠭᠴᠢᠲᠦ ᠨᠡᠶᠢᠭᠡᠮ᠂ ᠳᠣᠤᠷ᠎ᠠ ᠨᠡᠭᠦᠷᠡᠰᠦᠲᠥ᠋ᠷᠥᠭᠴᠢᠲᠦ ᠠᠵᠤ ᠠᠬᠤᠶ᠂ ᠳᠣᠤᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ᠂ ᠳᠣᠤᠷ᠎ᠠ ᠨᠡᠭᠦᠷᠡᠰᠦᠲᠥ᠋ᠷᠥᠭᠴᠢᠲᠦ ᠬᠡᠷᠡᠭᠯᠡᠭᠡ᠂ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠂ ᠳᠣᠤᠷ᠎ᠠ ᠨᠡᠭᠦᠷᠡᠰᠦᠲᠥ᠋ᠷᠥᠭᠴᠢᠲᠦ ᠬᠤᠲᠠ᠂ ᠳᠣᠤᠷ᠎ᠠ ᠨᠡᠭᠦᠷᠡᠰᠦᠲᠥ᠋ᠷᠥᠭᠴᠢᠲᠦ ᠨᠡᠶᠢᠭᠡᠮ ᠲᠣᠭᠤᠷᠢᠭ᠂ ᠳᠣᠤᠷ᠎ᠠ ᠨᠡᠭᠦᠷᠡᠰᠦᠲᠥ᠋ᠷᠥᠭᠴᠢᠲᠦ ᠭᠡᠷ ᠪᠦᠯᠢ᠂ ᠳᠣᠤᠷ᠎ᠠ ᠨᠡᠭᠦᠷᠡᠰᠦᠲᠥ᠋ᠷᠥᠭᠴᠢᠲᠦ ᠵᠢᠭᠤᠯᠴᠢᠯᠠᠯ᠂ ᠳᠣᠤᠷ᠎ᠠ ᠨᠡᠭᠦᠷᠡᠰᠦᠲᠥ᠋ᠷᠥᠭᠴᠢᠲᠦ ᠰᠣᠶᠣᠯ᠂ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠵᠡᠷᠭᠡ ᠪᠠᠭᠲᠠᠨ᠎ᠠ᠂ ᠲᠡᠭᠦᠨ ᠤ ᠭᠤᠤᠯ ᠠᠭᠤᠯᠭ᠎ᠠ ᠨᠢ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠪᠠ ᠳᠣᠤᠷ᠎ᠠ ᠨᠡᠭᠦᠷᠡᠰᠦᠲᠥ᠋ᠷᠥᠭᠴᠢᠲᠦ ᠠᠵᠤ ᠠᠬᠤᠶ ᠪᠣᠯᠤᠨ᠎ᠠ᠃

    ᠶᠠᠭᠤᠨ ᠳᠤ ︽ᠪᠦᠬᠦ ᠤᠯᠤᠰ ᠤᠨ ᠳᠣᠣᠷ᠎ᠠ ᠨᠡᠭᠦᠷᠡᠰᠦᠳᠦᠷᠦᠭᠴᠢᠲᠦ ᠡᠳᠦᠷ︾ ᠢ ᠲᠣᠭᠲᠠᠭᠠᠭᠰᠠᠨ ᠪᠣᠢ︖

    ᠠᠭᠤᠷ ᠠᠮᠢᠰᠬᠤᠯ ᠤᠨ ᠬᠤᠪᠢᠷᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠶᠢᠨ ᠣᠢᠯᠠᠭᠠᠭᠳᠠᠬᠤᠨ ᠪᠠ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ ᠨᠡᠶᠢᠲᠡ ᠶᠢᠨ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂  2013 ᠣᠨ ᠠᠴᠠ ᠡᠬᠢᠯᠡᠨ᠂ ᠮᠠᠨ ᠤ ᠤᠯᠤᠰ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠭᠤᠷᠪᠠᠳᠤᠭᠠᠷ ᠡᠳᠦᠷ ᠢ ︽ᠪᠥᠬᠦ ᠤᠯᠤᠰ ᠤᠨ ᠳᠣᠣᠷ᠎ᠠ ᠨᠡᠭᠦᠷᠡᠰᠦᠳᠦᠷᠦᠭᠴᠢᠲᠦ ᠡᠳᠦᠷ︾ ᠢᠶᠠᠷ ᠲᠣᠭᠲᠠᠭᠠᠵᠤ᠂ ︽ᠬᠥᠮᠦᠨ ᠢᠶᠠᠷ ᠦᠨᠳᠦᠰᠦ ᠪᠣᠯᠭᠠᠬᠤ︾ ᠣᠨᠣᠯᠵᠢᠬᠤᠨ ᠢ ᠪᠠᠷᠢᠮᠲᠠᠯᠠᠨ᠂ ᠠᠭᠤᠷ ᠠᠮᠢᠰᠬᠤᠯ ᠤᠨ ᠬᠤᠪᠢᠷᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠳᠦᠷᠦᠭᠴᠢᠲᠦ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠠᠷᠠᠯᠲᠠ ᠪᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃   

    ᠳᠤᠤᠷ᠎ᠠ ᠨᠡᠬᠦᠷᠡᠰᠦᠳᠦ᠋ᠷᠦᠭᠴᠢᠳᠤ ᠤᠷᠴᠢᠨ ᠲᠣᠭᠤᠷᠢᠨ ᠤ ᠬᠠᠮᠠᠭᠠᠯᠠᠯᠲᠠ ᠨᠢ ᠶᠡᠷᠦ ᠠᠴᠠ ᠭᠠᠭᠴᠠ ᠤᠷᠢᠶ᠎ᠠ ᠲᠡᠳᠦᠢ ᠪᠢᠰᠢ᠂ ᠳᠡᠷᠬᠡᠳᠡᠬᠢ ᠵᠢᠵᠢᠭ ᠰᠠᠵᠢᠭ ᠶᠠᠪᠤᠳᠠᠯ ᠠᠴᠠ ᠡᠬᠢᠯᠡᠨ ᠡᠳᠦᠷ ᠳᠤᠲᠤᠮ ᠤᠨ ᠠᠵᠢᠯ ᠪᠠ ᠠᠮᠢᠳᠤᠷᠠᠯ ᠤᠨ ᠳᠤᠮᠳᠠ ᠪᠢᠳᠡ ᠢᠩᠬᠢᠵᠦ ᠬᠢᠵᠤ ᠪᠤᠯᠤᠨ᠎ᠠ

↓↓↓

    ᠳᠤᠤᠷ᠎ᠠ ᠨᠡᠬᠦᠷᠡᠰᠦᠳᠦ᠋ᠷᠦᠭᠴᠢᠳᠤ ᠠᠯᠪᠠᠯᠠᠬᠤ

    ᠪᠠᠶᠢᠭᠠᠯᠢ ᠶᠢᠨ ᠭᠡᠷᠡᠯ ᠢ ᠬᠡᠷᠡᠭᠯᠡᠵᠦ ᠴᠠᠬᠢᠯᠭᠠᠨ ᠠᠷᠪᠢᠯᠠᠵᠤ ᠬᠡᠷᠡᠭᠯᠡᠬᠦ ᠦᠶᠡᠯᠡᠯ ᠢ ᠤᠷᠲᠤᠳᠬᠠᠬᠤ

    ᠪᠠᠶᠢᠭᠠᠯᠢ ᠶᠢᠨ ᠭᠡᠷᠡᠯ ᠭᠦᠢᠴᠡᠳ ᠭᠠᠵᠠᠷ ᠣᠷᠣᠨ ᠢ ᠰᠣᠩᠭᠤᠵᠤ ᠰᠤᠷᠤᠯᠴᠠᠨ ᠠᠯᠪᠠᠯᠠᠵᠤ᠂ ᠪᠠᠶᠢᠭᠠᠯᠢ ᠶᠢᠨ ᠭᠡᠷᠡᠯ ᠭᠦᠢᠴᠡᠳ ᠦᠶ᠎ᠡ ᠳᠤ ᠳ᠋ᠧᠩ ᠠᠰᠠᠭᠠᠬᠤ ᠦᠭᠡᠢ︔ ᠡᠨᠧᠷᠭᠢ ᠠᠷᠪᠢᠯᠠᠬᠤ ᠳ᠋ᠧᠩ ᠤᠨ ᠫᠣᠣᠰᠠ ᠶᠢᠨ ᠭᠡᠷᠡᠯᠲᠦᠭᠦᠯᠭᠡ ᠶᠢ ᠠᠰᠢᠭᠯᠠᠵᠤ᠂ ᠭᠡᠷᠡᠯᠲᠦᠭᠦᠯᠭᠡ ᠪᠠᠲᠤᠯᠠᠭ᠎ᠠ ᠲᠠᠢ ᠪᠠᠶᠢᠳᠠᠯ ᠳᠣᠣᠷ᠎ᠠ ᠳ᠋ᠧᠩ ᠢ ᠳᠤᠲᠠᠭᠤ ᠨᠣᠴᠣᠭᠠᠵᠤ᠂ ᠭᠠᠷ ᠤᠨ ᠠᠶ᠎ᠠ ᠪᠠᠷ ᠳ᠋ᠧᠩ ᠢ ᠬᠠᠭᠠᠬᠤ ᠳᠠᠳᠬᠠᠯ ᠲᠠᠢ ᠪᠣᠯᠵᠤ᠂ ᠡᠨᠡ ᠨᠢ ᠳ᠋ᠧᠩ ᠤᠨ ᠫᠣᠣᠰᠠ ᠶᠢᠨ ᠭᠡᠷᠡᠯᠲᠦᠭᠦᠯᠭᠡ ᠶᠢᠨ ᠴᠠᠬᠢᠯᠭᠠᠨ ᠬᠡᠷᠡᠭᠯᠡᠬᠦ ᠠᠴᠠ ᠪᠣᠯᠣᠭᠰᠠᠨ ᠳᠠᠮ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠵᠤ ᠪᠠᠷ ᠪᠠᠷᠠᠬᠤ ᠦᠭᠡᠢ᠂ ᠪᠠᠰᠠ ᠳ᠋ᠧᠩ ᠤᠨ ᠫᠣᠣᠰᠠ ᠶᠢᠨ ᠬᠡᠷᠡᠭᠯᠡᠬᠦ ᠠᠮᠢ ᠨᠠᠰᠤ ᠶᠢ ᠤᠷᠲᠤᠳᠬᠠᠵᠤ ᠪᠣᠯᠤᠨ᠎ᠠ᠃

    ᠴᠠᠭᠠᠰᠤᠨ ᠤ ᠬᠤᠶᠠᠷ ᠲᠠᠯ᠎ᠠ ᠶᠢ ᠬᠡᠷᠡᠭᠯᠡᠵᠦ ᠢᠮᠧᠯ ᠢᠶᠠᠷ ᠵᠠᠬᠢᠳᠠᠯ ᠢ ᠣᠷᠣᠯᠠᠬᠤ

    ᠪᠣᠬᠢᠷᠳᠣᠯ ᠦᠭᠡᠢ ᠪᠠᠷ ᠴᠠᠭᠠᠰᠤ ᠬᠡᠷᠡᠭᠯᠡᠬᠦ᠄ ᠴᠠᠭᠠᠰᠤᠨ ᠤ ᠬᠤᠶᠠᠷ ᠲᠠᠯ᠎ᠠ ᠪᠠᠷ ᠳᠠᠷᠤᠮᠠᠯᠯᠠᠵᠤ᠂ ᠬᠠᠭᠤᠯᠪᠤᠷᠢᠯᠠᠬᠤ ᠨᠢ ᠵᠠᠷᠤᠳᠠᠯ ᠢ ᠪᠠᠭᠠᠰᠬᠠᠵᠤ ᠪᠣᠯᠬᠤ ᠮᠥᠷᠲᠡᠭᠡᠨ ᠪᠠᠰᠠ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠵᠤ ᠪᠣᠯᠤᠨ᠎ᠠ᠃

    ᠬᠠᠭᠤᠯᠪᠤᠷᠢᠯᠠᠬᠤ ᠮᠠᠰᠢᠨ ᠤ ᠣᠷᠣᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠬᠤ᠄ ᠬᠠᠭᠤᠯᠪᠤᠷᠢᠯᠠᠬᠤ ᠮᠠᠰᠢᠨ ᠢ ᠢᠯᠴᠢ ᠲᠠᠷᠬᠠᠭᠠᠬᠤ ᠳᠤ ᠠᠰᠢᠭᠲᠠᠢ ᠪᠠᠶᠢᠷᠢᠨ ᠳᠤ ᠲᠠᠯᠪᠢᠬᠤ ᠨᠢ ᠲᠡᠭᠦᠨ ᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠠᠬᠢᠯᠭᠠᠨ ᠤ ᠬᠤᠷᠣᠭᠳᠠᠯ ᠢ ᠪᠠᠭᠤᠷᠠᠭᠤᠯᠬᠤ ᠳᠤ ᠠᠰᠢᠭᠲᠠᠢ ᠪᠠᠶᠢᠵᠤ᠂ ᠬᠠᠭᠤᠯᠪᠤᠷᠢᠯᠠᠬᠤ ᠮᠠᠰᠢᠨ ᠢ ᠬᠡᠷᠡᠭᠯᠡᠬᠦ ᠳᠤ ᠡᠭᠦᠰᠦᠭᠰᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠴᠤ ᠠᠰᠢᠭᠲᠠᠢ ᠶᠤᠮ᠃

    ᠳᠤᠤᠷ᠎ᠠ ᠨᠡᠬᠦᠷᠡᠰᠦᠳᠦ᠋ᠷᠦᠭᠴᠢᠳᠤ ᠶᠠᠪᠤᠵᠤ ᠰᠠᠭᠤᠬᠤ

    ᠪᠣᠬᠢᠷᠲᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠤ ᠶᠠᠪᠤᠵᠤ ᠰᠠᠭᠤᠬᠤ

    ᠨᠡᠶᠢᠲᠡ ᠶᠢᠨ ᠵᠠᠮ ᠬᠠᠷᠢᠯᠴᠠᠭ᠎ᠠ ᠨᠢ ᠵᠠᠮ ᠬᠠᠷᠢᠯᠴᠠᠭᠠᠨ ᠤ ᠲᠦᠭᠵᠢᠷᠡᠯ ᠪᠠ ᠨᠡᠭᠦᠷᠡᠰᠦᠳᠦᠷᠦᠭᠴᠢ ᠭᠠᠳᠠᠭᠰᠢᠯᠠᠭᠤᠯᠬᠤ ᠶᠢ ᠪᠠᠭᠠᠰᠬᠠᠬᠤ ᠳᠤ ᠠᠰᠢᠭᠲᠠᠢ᠃ ︽ᠨᠢᠭᠡ ᠭᠤᠷᠪᠠ ᠲᠠᠪᠤ︾ ᠶᠢᠨ ᠪᠣᠬᠢᠷᠲᠤᠯ ᠥᠬᠡᠶ ᠶᠠᠪᠤᠵᠤ ᠰᠠᠭᠤᠬᠤ ᠵᠠᠭᠪᠤᠷ ᠢ ᠬᠡᠷᠡᠭᠯᠡᠬᠦ ᠶᠢ ᠰᠠᠨᠠᠭᠠᠴᠢᠯᠠᠶ᠎ᠠ᠂ ᠳᠠᠷᠤᠶ 3 ᠺᠢᠯᠣᠮᠧᠲᠷ ᠤᠨ ᠳᠣᠲᠣᠷ᠎ᠠ ᠠᠯᠬᠤᠵᠤ᠂ 3 - 5 ᠺᠢᠯᠣᠮᠧᠲᠷ ᠤᠨ ᠳᠣᠲᠣᠷ᠎ᠠ ᠳᠤᠭᠤᠶ ᠲᠡᠷᠭᠡ ᠤᠨᠤᠵᠤ᠂ 5 ᠺᠢᠯᠣᠮᠧᠲᠷ ᠠᠴᠠ ᠳᠡᠭᠡᠭᠰᠢ ᠪᠣᠯ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠶᠢ ᠰᠠᠨᠠᠭᠠᠴᠢᠯᠠᠶ᠎ᠠ᠃

    ᠳᠣᠣᠷ᠎ᠠ ᠳᠠᠪᠬᠤᠷᠭ᠎ᠠ ᠳᠤ ᠱᠠᠲᠤ ᠪᠠᠷ ᠶᠠᠪᠤᠬᠤ ᠨᠢ ᠴᠠᠬᠢᠯᠭᠠᠨ ᠢ ᠠᠷᠪᠢᠯᠠᠬᠤ ᠮᠥᠷᠲᠡᠭᠡᠨ ᠪᠡᠶ᠎ᠡ ᠶᠢ ᠴᠢᠭᠢᠷᠠᠭᠵᠢᠭᠤᠯᠤᠨ᠎ᠠ

    ᠳᠣᠣᠷ᠎ᠠ ᠳᠠᠪᠬᠤᠷᠭ᠎ᠠ ᠳᠤ ᠭᠠᠷᠴᠤ ᠪᠠᠭᠤᠬᠤ ᠳᠤ ᠱᠠᠲᠤ ᠪᠠᠷ ᠶᠠᠪᠤᠵᠤ᠂ ᠴᠠᠬᠢᠯᠭᠠᠨ ᠱᠠᠲᠤ ᠶᠢ ᠰᠣᠩᠭᠤᠬᠤ ᠳᠤ ᠵᠥᠪᠬᠡᠨ ᠨᠢᠭᠡ ᠯᠡ ᠡᠵᠡᠮᠰᠢᠯ ᠤᠨ ᠳᠠᠷᠤᠪᠴᠢ ᠶᠢ ᠳᠠᠷᠤᠵᠤ᠂ ᠠᠮᠠᠷᠠᠯᠲᠠ ᠶᠢᠨ ᠴᠠᠭ ᠲᠤ ᠵᠥᠪᠬᠡᠨ ᠬᠡᠰᠡᠭ ᠴᠠᠬᠢᠯᠭᠠᠨ ᠱᠠᠲᠤ ᠶᠢ ᠠᠵᠢᠯᠯᠠᠭᠤᠯᠪᠠᠯ᠂ ᠴᠠᠬᠢᠯᠭᠠᠨ ᠱᠠᠲᠤ ᠪᠦᠷᠢ ᠨᠢ ᠵᠢᠯ ᠪᠦᠷᠢ 5000 ᠭᠷᠠᠳᠦ᠋ᠰ ᠴᠠᠬᠢᠯᠭᠠᠨ ᠠᠷᠪᠢᠯᠠᠵᠤ᠂ 4.8 ᠲᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠤᠭᠰᠠᠨ ᠲᠠᠢ ᠲᠡᠩᠴᠡᠨ᠎ᠡ᠃

    ᠳᠤᠤᠷ᠎ᠠ ᠨᠡᠬᠦᠷᠡᠰᠦᠳᠦ᠋ᠷᠦᠭᠴᠢᠳᠤ ᠬᠡᠷᠡᠭᠯᠡᠭᠡ

    ᠪᠠᠶᠢᠭᠠᠯᠢ ᠶᠢᠨ ᠲᠦᠭᠦᠬᠡᠢ ᠮᠠᠲ᠋ᠧᠷᠢᠶᠠᠯ ᠢᠶᠠᠷ ᠬᠢᠭᠰᠡᠨ ᠬᠤᠪᠴᠠᠰᠤ ᠬᠤᠨᠠᠷ ᠢ ᠰᠣᠩᠭᠤᠨ ᠬᠡᠷᠡᠭᠯᠡᠬᠦ

    ᠬᠥᠪᠥᠩ ᠣᠯᠣᠰᠤ ᠪᠠᠷ ᠬᠢᠭᠰᠡᠨ ᠬᠤᠪᠴᠠᠰᠤ ᠬᠤᠨᠠᠷ ᠢ ᠰᠣᠩᠭᠤᠪᠠᠯ᠂ ᠪᠣᠯᠪᠠᠰᠤᠷᠠᠭᠤᠯᠬᠤ ᠶᠠᠪᠤᠴᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ ᠪᠣᠯᠣᠨ᠎ᠠ᠃

    ᠬᠡᠲᠦ ᠬᠡᠷᠡᠭᠯᠡᠭᠡ ᠶᠢ ᠲᠡᠪᠴᠢᠬᠦ

    ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠭᠰᠠᠨ ᠤᠷᠢᠲᠠᠯ ᠳᠣᠤᠷ᠎ᠠ᠂ ᠵᠢᠯ ᠪᠦᠷᠢ ᠳᠤᠲᠠᠭᠤ ᠨᠢᠭᠡ ᠵᠠᠬ᠎ᠠ ᠴᠢᠬᠤᠯᠠ ᠪᠤᠰᠤ ᠬᠤᠪᠴᠠᠰᠤ ᠬᠤᠳᠠᠯᠳᠤᠨ ᠠᠪᠴᠤ ᠪᠣᠯᠤᠨ᠎ᠠ᠂ ᠢᠩᠬᠢᠪᠡᠯ 6.4 ᠺᠢᠯᠣᠭ᠍ᠷᠠᠮ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠪᠣᠯᠤᠨ᠎ᠠ᠃

    ᠰᠤᠯᠠ ᠲᠠᠯᠪᠢᠵᠤ ᠪᠠᠶᠢᠭ᠎ᠠ ᠬᠤᠪᠴᠠᠰᠤ ᠬᠤᠨᠠᠷ ᠢ ᠡᠭᠡᠭᠦᠯᠦᠨ ᠬᠤᠷᠢᠶᠠᠵᠤ ᠬᠠᠨᠳᠢᠪᠯᠠᠬᠤ

    ᠰᠤᠯᠠ ᠲᠠᠯᠪᠢᠵᠤ ᠪᠠᠶᠢᠭ᠎ᠠ ᠬᠤᠪᠴᠠᠰᠤ ᠬᠤᠨᠠᠷ ᠢᠶᠠᠨ ᠬᠡᠷᠡᠭᠴᠡᠭᠡ ᠪᠦᠬᠦᠢ ᠬᠥᠮᠦᠰ ᠪᠠ ᠭᠠᠵᠠᠷ ᠣᠷᠣᠨ ᠳᠤ ᠪᠡᠯᠡᠭᠯᠡᠨ ᠬᠦᠷᠭᠡᠵᠦ᠂ ᠬᠤᠪᠴᠠᠰᠤ ᠬᠤᠨᠠᠷ ᠢ ᠳᠠᠬᠢᠨ ᠠᠰᠢᠭᠯᠠᠵᠤ ᠪᠣᠯᠣᠨ᠎ᠠ᠃

    ᠬᠡᠲᠦ ᠪᠣᠭᠤᠳᠠᠯᠯᠠᠭᠰᠠᠨ ᠲᠠᠸᠠᠷ ᠢ ᠪᠠᠭ᠎ᠠ ᠠᠪᠴᠤ ᠬᠡᠷᠡᠭᠯᠡᠬᠦ

    ᠡᠭᠡᠯ ᠵᠢᠷ ᠤᠨ ᠬᠡᠷᠡᠭᠯᠡᠭᠡ ᠳᠤ ᠪᠤᠴᠠᠵᠤ᠂ ᠰᠦᠯᠢᠶᠥᠦ ᠬᠡᠷᠡᠭᠯᠡᠬᠦ ᠶᠢ ᠪᠠᠭᠠᠰᠬᠤ ᠬᠡᠷᠡᠭᠲᠡᠢ᠃

    ᠳᠤᠤᠷ᠎ᠠ ᠨᠡᠬᠦᠷᠡᠰᠦᠳᠦ᠋ᠷᠦᠭᠴᠢᠳᠤ ᠢᠳᠡᠭᠡᠨ ᠤᠮᠳᠠᠭᠠᠨ

    ᠢᠲᠡᠬᠡᠨ ᠢ ᠪᠦᠷᠢᠯᠬᠡᠨ ᠰᠦᠢᠳᠬᠡᠬᠦ ᠶᠢ ᠪᠠᠭᠠᠰᠬᠠᠨ᠎ᠠ

    ᠪᠣᠯᠪᠠᠰᠤᠨ ᠬᠤᠪᠢᠳᠠᠨ ᠬᠤᠭᠤᠯᠠᠯᠠᠬᠤ᠂ ︽ᠠᠶᠠᠭ᠎ᠠ ᠫᠢᠯᠠ ᠪᠠᠨ ᠬᠤᠭᠤᠰᠣᠯᠠᠬᠤ ᠠᠵᠢᠯᠯᠠᠭ᠎ᠠ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠬᠡᠷᠡᠭᠴᠡᠭᠡ ᠪᠠᠷ ᠬᠤᠭᠤᠯᠠ ᠠᠪᠬᠤ︾᠂ ︽ᠢᠯᠡᠭᠦᠦ ᠵᠠᠬᠢᠶᠠᠯᠠᠬᠤ ᠦᠭᠡᠢ᠂ ᠢᠯᠡᠭᠦᠦ ᠠᠪᠬᠤ ᠦᠭᠡᠢ︾᠂ ᠲᠣᠭᠤᠭᠠᠨ ᠭᠡᠷ ᠢᠯᠡᠭᠦᠦ ᠬᠢᠬᠦ ᠦᠭᠡᠢ ᠪᠠᠶᠢᠵᠤ᠂ ᠪᠦᠷᠢᠯᠭᠡᠨ ᠰᠦᠢᠳᠬᠡᠬᠦ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃

    ᠰᠢᠮ᠎ᠡ ᠲᠡᠵᠢᠭᠡᠯ ᠢ ᠲᠣᠬᠢᠷᠠᠭᠤᠯᠤᠨ ᠵᠣᠬᠢᠰᠲᠠᠢ ᠬᠤᠭᠤᠯᠠᠯᠠᠬᠤ

    ᠠᠳᠠᠯᠢ ᠬᠡᠮᠵᠢᠶᠡᠨ ᠤ ᠮᠢᠬ᠎ᠠ ᠢᠳᠡᠬᠦ ᠨᠢ ᠢᠳᠡᠰᠢᠨ ᠨᠣᠭᠤᠭ᠎ᠠ ᠢᠳᠡᠬᠦ ᠠᠴᠠ ᠡᠭᠦᠰᠦᠭᠰᠡᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠨᠢ ᠨᠡᠩ ᠶᠡᠭᠡ ᠪᠠᠶᠢᠳᠠᠭ᠃ ᠬᠤᠭᠤᠯᠠ ᠤᠮᠳᠠ ᠪᠠᠨ ᠵᠣᠬᠢᠰᠲᠠᠶ ᠲᠣᠬᠢᠷᠠᠭᠤᠯᠵᠤ᠂ ᠬᠡᠲᠦᠷᠡᠲᠡᠯ᠎ᠡ ᠢᠳᠡᠵᠦ ᠤᠤᠭᠤᠬᠤ ᠦᠭᠡᠢ᠂ ᠬᠡᠲᠦᠷᠡᠲᠡᠯ᠎ᠡ ᠮᠢᠬ᠎ᠠ ᠢᠳᠡᠬᠦ ᠦᠭᠡᠢ᠂ ᠰᠢᠮ᠎ᠡ ᠲᠡᠵᠢᠭᠡᠯ ᠢ ᠪᠠᠲᠤᠯᠠᠭᠰᠠᠨ ᠪᠠᠶᠢᠳᠠᠯ ᠳᠣᠤᠷ᠎ᠠ ᠭᠠᠷᠠᠭ ᠪᠦᠷᠢ ᠨᠢᠭᠡ ᠡᠳᠦᠷ ᠳᠤᠲᠠᠭᠤ ᠮᠢᠬ᠎ᠠ ᠢᠳᠡᠬᠦ ᠨᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠠᠰᠢᠭ ᠲᠠᠢ᠃

    ᠳᠥᠭᠦᠮ ᠪᠣᠭᠤᠳᠠᠯ ᠲᠠᠢ ᠢᠳᠡᠭᠡᠨ ᠢ ᠰᠣᠩᠭᠤᠨ ᠬᠡᠷᠡᠭᠯᠡᠬᠦ

    1 ᠺᠢᠯᠣᠭ᠍ᠷᠠᠮ ᠪᠣᠭᠤᠳᠠᠯ ᠤᠨ ᠴᠠᠭᠠᠰᠤ ᠳᠤᠲᠠᠭᠤ  ᠬᠡᠷᠡᠭᠯᠡᠪᠡᠯ᠂ ᠪᠠᠷᠤᠭ 1.3 ᠺᠢᠯᠣᠭ᠍ᠷᠠᠮ ᠤᠨ ᠪᠠᠷᠢᠮᠵᠢᠶᠠᠲᠤ ᠨᠡᠭᠦᠷᠡᠰᠦ ᠠᠷᠪᠢᠯᠠᠵᠤ᠂ 3.5 ᠺᠢᠯᠣᠭ᠍ᠷᠠᠮ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠭᠰᠠᠨ ᠲᠠᠢ ᠲᠡᠩᠴᠡᠨ᠎ᠡ᠃

    ᠨᠢᠭᠡ ᠯᠡ ᠤᠳᠠᠭ᠎ᠠ ᠶᠢᠨ ᠴᠢᠨᠠᠷᠲᠠᠶ ᠬᠤᠭᠤᠯᠠᠨ ᠤ ᠰᠠᠪᠠ ᠬᠡᠷᠡᠭᠰᠡᠯ ᠬᠡᠷᠡᠭᠯᠡᠬᠦ ᠶᠢ ᠪᠠᠭᠠᠰᠬᠠᠬᠤ

    ᠭᠠᠳᠠᠭᠰᠢ ᠭᠠᠷᠬᠤ ᠳᠠᠭᠠᠨ ᠥᠪᠡᠰᠦᠪᠡᠨ ᠤᠰᠤᠨ ᠴᠣᠮᠣ ᠠᠪᠴᠤ ᠶᠠᠪᠤᠬᠤ ᠶᠢ ᠰᠠᠨᠠᠭᠠᠴᠢᠯᠠᠵᠤ᠂ ᠨᠢᠭᠡ ᠯᠡ ᠤᠳᠠᠭ᠎ᠠ ᠶᠢᠨ ᠴᠢᠨᠠᠷᠲᠠᠶ ᠴᠣᠮᠣ ᠬᠡᠷᠡᠭᠯᠡᠬᠦ ᠶᠢ ᠪᠠᠭᠠᠰᠬᠠᠵᠤ᠂ ᠡᠷᠭᠢᠯᠳᠦᠭᠦᠯᠦᠨ ᠬᠡᠷᠡᠭᠯᠡᠵᠦ ᠪᠣᠯᠬᠤ ᠰᠠᠪᠬ᠎ᠠ᠂ ᠬᠤᠭᠤᠯᠠᠨ ᠬᠠᠶᠢᠷᠴᠠᠭ ᠢ ᠢᠯᠡᠭᠦᠬᠡᠨ ᠬᠡᠷᠡᠭᠯᠡᠵᠦ᠂ ᠬᠤᠭᠤᠯᠠᠨ ᠤ ᠪᠠᠭᠠᠵᠢ ᠬᠡᠷᠡᠭᠰᠡᠯ ᠢ ᠠᠯᠢ ᠴᠢᠳᠠᠬᠤ ᠪᠠᠷ ᠥᠪᠡᠰᠦᠪᠡᠨ ᠠᠪᠴᠤ ᠶᠠᠪᠤᠨ᠎ᠠ︔ ᠵᠠᠬᠢᠶᠠᠯᠠᠭ᠎ᠠ ᠶᠢᠨ ᠬᠤᠭᠤᠯᠠ ᠶᠢ ᠠᠯᠢ ᠴᠢᠳᠠᠬᠤ ᠪᠠᠷ ᠳᠤᠲᠠᠭᠤ ᠬᠤᠳᠠᠯᠳᠤᠨ ᠠᠪᠴᠤ᠂ ᠨᠢᠭᠡ ᠯᠡ ᠤᠳᠠᠭ᠎ᠠ ᠶᠢᠨ ᠴᠢᠨᠠᠷᠲᠠᠶ ᠬᠤᠭᠤᠯᠠᠨ ᠤ ᠰᠠᠪᠠ ᠬᠡᠷᠡᠭᠰᠡᠯ ᠢ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠶ᠃ 

 

ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ