ᠡᠷᠡᠭᠦᠯᠵᠢᠯ ᠤᠨ ᠢᠳᠡᠭᠡᠨ ᠤ ᠵᠦᠪᠰᠢᠶᠡᠷᠡᠯ ᠤᠨ ᠦᠨᠡᠮᠯᠡᠯ ᠢᠶᠠᠨ ᠭᠡᠭᠡᠭᠰᠡᠨ ᠢᠯᠡᠷᠬᠡᠶᠢᠯᠡᠯᠲᠡ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/21

    ᠡᠷᠡᠭᠦᠯᠵᠢᠯ ᠤᠨ ᠢᠳᠡᠭᠡᠨ ᠤ ᠵᠦᠪᠰᠢᠶᠡᠷᠡᠯ ᠤᠨ ᠦᠨᠡᠮᠯᠡᠯ ᠢᠶᠠᠨ ᠭᠡᠭᠡᠭᠰᠡᠨ ᠢᠯᠡᠷᠬᠡᠶᠢᠯᠡᠯᠲᠡ ᠶᠢᠨ ᠲᠤᠬᠠᠢ ᠠᠯᠪᠠᠨ ᠵᠠᠷ

 

    ︽ᠡᠷᠡᠭᠦᠯᠵᠢᠯ ᠤᠨ ᠢᠳᠡᠭᠡᠨ ᠤ ᠳᠠᠩᠰᠠᠯᠠᠬᠤ ᠪᠠ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠳᠥᠴᠢᠨ ᠳᠥᠷᠪᠡᠳᠦᠭᠡᠷ ᠵᠦᠢᠯ ᠤᠨ ︽ᠡᠷᠡᠭᠦᠯᠵᠢᠯ ᠤᠨ ᠢᠳᠡᠭᠡᠨ ᠤ ᠳᠠᠩᠰᠠᠯᠠᠭᠤᠯᠤᠭᠰᠠᠨ ᠬᠦᠴᠦᠨ ᠲᠠᠢ ᠬᠤᠭᠤᠴᠠᠭᠠᠨ ᠳᠤ᠂ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠤᠭᠰᠠᠨ ᠦᠨᠡᠮᠯᠡᠯ ᠢᠶᠠᠨ ᠭᠡᠭᠡᠭᠰᠡᠨ ᠪᠤᠶᠤ ᠡᠪᠳᠡᠷᠡᠵᠦ ᠰᠦᠢᠳᠦᠭᠰᠡᠨ ᠪᠣᠯ᠂ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠤᠭᠴᠢ ᠨᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠳᠤ ᠪᠢᠴᠢᠭ ᠤᠨ ᠭᠤᠶᠤᠴᠢᠯᠠᠯ ᠳᠤᠷᠠᠳᠬᠤ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ ᠭᠡᠭᠡᠭᠳᠡᠭᠰᠡᠨ ᠠᠴᠠ ᠪᠣᠯᠵᠤ ᠨᠥᠬᠦᠵᠦ ᠣᠯᠭᠤᠬᠤ ᠭᠤᠶᠤᠴᠢᠯᠠᠯ ᠲᠠᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠯᠵᠢᠶᠡᠨ ᠤ ᠥᠷᠲᠡᠭᠡ ᠳᠡᠭᠡᠷ᠎ᠡ ᠭᠡᠭᠡᠭᠰᠡᠨ ᠢᠯᠡᠷᠬᠡᠶᠢᠯᠡᠯᠲᠡ ᠨᠡᠶᠢᠲᠡᠯᠡᠬᠦ ᠬᠡᠷᠡᠭᠲᠡᠶ᠃︾ ᠱᠠᠭᠠᠷᠳᠠᠯᠭ᠎ᠠ ᠶᠢ ᠦᠨᠳᠦᠰᠦᠯᠡᠨ᠂ ᠤᠲᠦ ᠥᠪᠥᠷ ᠮᠣᠩᠭᠤᠯ ᠤᠨ ᠫᠦ᠋ ᠽᠧ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ︽ᠫᠦ᠋ ᠽᠧ ᠠᠰᠢᠭᠲᠤ ᠪᠠᠺᠲ᠋ᠧᠷᠢ ᠶᠢᠨ ᠢᠯᠲᠠᠰᠤ︾ ᠪᠦᠲᠦᠭᠡᠭᠳᠡᠬᠦᠨ ᠤ ᠵᠥᠪᠰᠢᠶᠡᠷᠡᠯ ᠤᠨ ᠦᠨᠡᠮᠯᠡᠯ ﹇ᠵᠥᠪᠰᠢᠶᠡᠷᠡᠯ ᠤᠨ ᠪᠢᠴᠢᠭ ᠤᠨ ᠳ᠋ᠤᠭᠠᠷ᠄ ᠤᠯᠤᠰ ᠢᠳᠡᠭᠡᠨ ᠡᠷᠡᠭᠦᠯ ᠳᠠᠩᠰᠠᠯᠠᠬᠤ G20230558 ﹈ ᠢᠶᠠᠨ ᠭᠡᠭᠡᠭᠰᠡᠨ ᠢᠯᠡᠷᠬᠡᠶᠢᠯᠡᠯᠲᠡ ᠶᠢ ᠳᠣᠣᠷᠠᠬᠢ ᠮᠡᠲᠦ ᠵᠠᠷᠯᠠᠪᠠ᠃

 

ᠢᠷᠡᠯᠲᠡ᠄ ᠲᠣᠪᠴᠢᠶ᠎ᠠ ᠶᠢᠨ ᠣᠨᠴᠠᠭᠠᠶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ