ᠥᠨᠥᠳᠥᠷ ᠤᠨ ᠴᠢᠬᠤᠯᠠ ᠮᠡᠳᠡᠭᠡ︕ ᠪᠠᠲᠤᠯᠠᠨ ᠲᠤᠰᠢᠶᠠᠬᠤ ᠣᠷᠣᠨ ᠰᠠᠭᠤᠴᠠ᠂ ᠬᠤᠪᠢ ᠬᠥᠮᠥᠨ ᠤ ᠭᠡᠷ ᠪᠠᠶᠢᠰᠢᠩ ᠤᠨ ᠵᠢᠭᠡᠯᠯᠡᠭᠡ ᠳᠤ ᠬᠤᠯᠪᠣᠭᠳᠠᠭᠰᠠᠨ ᠬᠠᠮᠤᠭ ᠰᠢᠨ᠎ᠡ ᠲᠦᠷᠦ ᠶᠢᠨ ᠪᠣᠳᠣᠯᠭ᠎ᠠ ᠶᠢᠨ ᠭᠤᠣᠯ ᠠᠭᠤᠯᠭ᠎ᠠ ᠶᠢᠨ ᠬᠤᠷᠢᠶᠠᠩᠭᠤᠶᠢᠯᠠᠯ
ᠨᠡᠶᠢᠲᠡᠯᠡᠭᠰᠡᠨ ᠴᠠᠭ᠄
2024/5/22

    ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 2024 ᠣᠨ ᠤ 5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠳᠤ ᠪᠠᠶᠢᠳᠠᠯ ᠢ ᠮᠡᠳᠡᠭᠳᠡᠬᠦ ᠬᠤᠷᠠᠯ ᠬᠢᠵᠦ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ ᠪᠠᠲᠤᠯᠠᠨ ᠲᠤᠰᠢᠶᠠᠬᠤ ᠣᠷᠣᠨ ᠰᠠᠭᠤᠴᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠢᠵᠢ ᠪᠦᠷᠢᠯᠳᠦᠭᠦᠯᠬᠦ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠲᠠᠨᠢᠯᠴᠠᠭᠤᠯᠪᠠ᠃ ᠬᠠᠮᠲᠤ ᠳᠤ ᠪᠠᠨ ᠦᠵᠡᠵᠡᠭᠡᠶ᠎ᠡ —

    ᠲᠥᠪ ᠪᠠᠩᠬᠢ᠄ ᠳᠥᠷᠪᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠭᠠᠷᠭᠠᠪᠠ

    ᠨᠢᠭᠡ ᠳᠤ 3000 ᠳ᠋ᠦᠩᠰᠢᠭᠤᠷ ᠲᠥᠭᠦᠷᠢᠭ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠭᠠᠷᠭᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠢᠭᠡᠨᠲᠡ ᠪᠠᠶᠢᠭᠤᠯᠤᠭᠰᠠᠨ ᠬᠤᠳᠠᠯᠳᠤᠭᠠᠳᠤᠢ ᠲᠠᠸᠠᠷ ᠤᠨ ᠭᠡᠷ ᠪᠠᠶᠢᠰᠢᠩ ᠢ ᠵᠦᠢ ᠵᠣᠬᠢᠰᠲᠠᠢ ᠦᠨ᠎ᠡ ᠪᠠᠷ ᠬᠤᠳᠠᠯᠳᠤᠨ ᠠᠪᠬᠤ ᠶᠢ ᠳᠡᠮᠵᠢᠵᠦ᠂ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠪᠤᠶᠤ ᠲᠣᠬᠢᠷᠠᠭᠤᠯᠤᠨ ᠲᠦᠷᠢᠶᠡᠰᠦᠯᠡᠭᠦᠯᠬᠦ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠵᠦ᠂ ᠵᠢᠱᠢᠯᠲᠡ ᠪᠠᠷ ᠪᠠᠩᠬᠢ ᠶᠢᠨ 5000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠳᠠᠶᠢᠴᠢᠯᠠᠬᠤ ᠪᠣᠯᠣᠨ᠎ᠠ᠃

    ᠬᠤᠶᠠᠷ ᠲᠤ ᠪᠦᠬᠦ ᠤᠯᠤᠰ ᠤᠨ ᠳᠠᠪᠬᠤᠷᠭ᠎ᠠ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠤᠷ᠎ᠠ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠵᠤ᠂ ᠠᠩᠬᠠᠨ ᠤ ᠣᠷᠣᠨ ᠰᠠᠭᠤᠴᠠ ᠶᠢᠨ ᠬᠠᠮᠤᠭ ᠤᠨ ᠳᠣᠤᠷ᠎ᠠ ᠠᠩᠬ᠎ᠠ ᠲᠤᠰᠢᠶᠠᠬᠤ ᠬᠠᠷᠢᠴᠠᠯ ᠢ 20% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠪᠠᠶᠢᠭᠰᠠᠨ ᠠᠴᠠ 15% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠬᠤᠶᠠᠳᠤᠭᠠᠷ ᠣᠷᠣᠨ ᠰᠠᠭᠤᠴᠠ ᠶᠢᠨ ᠬᠠᠮᠤᠭ ᠳᠣᠤᠷ᠎ᠠ ᠠᠩᠬ᠎ᠠ ᠲᠤᠰᠢᠶᠠᠬᠤ ᠬᠠᠷᠢᠴᠠᠯ ᠢ 30% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠪᠠᠶᠢᠭᠰᠠᠨ ᠠᠴᠠ 25% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠪᠣᠯᠭᠠᠨ ᠲᠣᠬᠢᠷᠠᠭᠤᠯᠪᠠ᠃

    ᠭᠤᠷᠪᠠ ᠳᠤ ᠪᠦᠬᠦ ᠤᠯᠤᠰ ᠤᠨ ᠳᠠᠪᠬᠤᠷᠭ᠎ᠠ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠤᠷᠠᠳᠤ ᠬᠢᠵᠠᠭᠠᠷ ᠢ ᠬᠦᠴᠦᠨ ᠦᠭᠡᠶ ᠪᠣᠯᠭᠠᠨ᠎ᠠ᠃ ᠠᠩᠬᠠᠨ ᠤ ᠣᠷᠣᠨ ᠰᠠᠭᠤᠴᠠ ᠪᠠ ᠬᠤᠶᠠᠳᠤᠭᠠᠷ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠴᠥᠮ ᠲᠥᠷᠥ ᠶᠢᠨ ᠪᠣᠳᠣᠯᠭ᠎ᠠ ᠶᠢᠨ ᠳᠣᠣᠷ᠎ᠠ ᠬᠢᠵᠠᠭᠠᠷ ᠢ ᠲᠣᠭᠲᠠᠭᠠᠬᠤ ᠦᠭᠡᠢ ᠪᠣᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠦᠨ᠎ᠡ᠃

ᠳᠡᠭᠡᠷ᠎ᠡ ᠳᠤᠷᠠᠳᠤᠭᠰᠠᠨ ᠠᠩᠬ᠎ᠠ ᠲᠤᠰᠢᠶᠠᠬᠤ ᠬᠠᠷᠢᠴᠠᠯ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠡᠯ᠎ᠡ ᠭᠠᠵᠠᠷ ᠤᠨ ᠬᠢᠨ ᠬᠤᠲᠠ ᠶᠢᠨ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠢᠶ᠎ᠠ ᠣᠷᠣᠨ ᠤ ᠪᠠᠨ ᠳᠣᠲᠣᠷᠠᠬᠢ ᠠᠩᠬᠠᠨ ᠤ ᠣᠷᠣᠨ ᠰᠠᠭᠤᠴᠠ ᠪᠠ ᠬᠤᠶᠠᠳᠤᠭᠠᠷ ᠣᠷᠣᠨ ᠰᠠᠭᠤᠴᠠ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠬᠠᠷᠢᠴᠠᠯ ᠪᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠣᠣᠷᠠᠳᠤ ᠬᠢᠵᠠᠭᠠᠷ ᠢ ᠡᠵᠡᠨ ᠮᠡᠳᠡᠵᠦ ᠲᠣᠭᠲᠠᠭᠠᠵᠤ ᠪᠣᠯᠣᠨ᠎ᠠ᠂ ᠬᠦᠦ ᠮᠥᠩᠭᠦ ᠶᠢᠨ ᠨᠣᠷᠮ᠎ᠠ ᠶᠢᠨ ᠳᠣᠣᠷᠠᠳᠤ ᠬᠢᠵᠠᠭᠠᠷ ᠢ ᠳᠠᠬᠢᠵᠤ ᠲᠣᠬᠢᠷᠠᠭᠤᠯᠬᠤ ᠦᠭᠡᠢ ᠪᠠᠶᠢᠵᠤ ᠴᠤ ᠪᠣᠯᠣᠨ᠎ᠠ᠃

    ᠳᠥᠷᠪᠡ ᠳᠤ ᠡᠯ᠎ᠡ ᠬᠤᠭᠤᠴᠠᠭᠠᠨ ᠤ ᠲᠥᠷᠥᠯ ᠵᠦᠢᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 ᠵᠠᠭᠤᠨ ᠤ ᠴᠡᠭ ᠪᠠᠭᠤᠷᠠᠭᠤᠯᠤᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠠᠪᠤᠨ ᠵᠢᠯ ᠠᠴᠠ ᠳᠡᠭᠡᠭᠰᠢ ᠠᠩᠬᠠᠨ ᠤ ᠣᠷᠣᠨ ᠰᠠᠭᠤᠴᠠ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ 2.85% ᠪᠣᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ ᠪᠣᠯᠣᠨ᠎ᠠ᠃

    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠄ ᠡᠭᠡᠯ ᠠᠷᠠᠳ ᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠣᠭᠲᠠᠭᠰᠠᠨ ᠬᠤᠭᠤᠴᠠᠭᠠᠨ ᠳᠤ ᠰᠢᠯᠭᠠᠨ ᠠᠪᠬᠤ ᠳᠤ ᠬᠢᠷᠢ ᠲᠡᠩᠴᠡᠭᠰᠡᠨ ᠬᠡᠷ ᠪᠠᠶᠢᠰᠢᠩ ᠢᠶᠠᠨ ᠣᠯᠣᠭᠤᠯᠤᠨ᠎ᠠ

 ᠣᠷᠣᠨ ᠰᠠᠭᠤᠴᠠ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠠᠷ ᠦᠨᠳᠦᠰᠦᠨ ᠵᠣᠷᠢᠯᠲᠠ ᠪᠠ ᠲᠤᠰᠤᠯᠲᠠ ᠪᠣᠯᠭᠠᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠎ᠠ᠃ ᠪᠠᠲᠤᠯᠠᠨ ᠲᠤᠰᠢᠶᠠᠬᠤ ᠣᠷᠣᠨ ᠰᠠᠭᠤᠴᠠ ᠨᠢ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠂ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠥᠷᠥᠯ ᠬᠤᠪᠢᠶᠠᠨ ᠰᠢᠢᠳᠪᠦᠷᠢᠯᠡᠵᠦ᠂ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠪᠠᠲᠤᠯᠠᠨ ᠲᠤᠰᠢᠶᠠᠬᠤ ᠣᠷᠣᠨ ᠰᠠᠭᠤᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠭᠠᠰ ᠳᠤᠲᠠᠭᠤ ᠪᠠᠶᠢᠰᠢᠩ ᠪᠣᠯᠬᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠲᠥᠷᠥᠯ ᠵᠦᠢᠯ ᠢ ᠴᠠᠭ ᠲᠤᠬᠠᠶ ᠳᠤᠨᠢ ᠴᠢᠨᠠᠷ ᠢ ᠪᠠᠲᠤᠯᠠᠨ ᠲᠤᠰᠢᠶᠠᠬᠤ ᠶᠢ ᠠᠬᠢᠭᠤᠯᠵᠤ᠂ ᠠᠷᠠᠳ ᠣᠯᠠᠨ ᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠣᠭᠲᠠᠭᠰᠠᠨ ᠬᠤᠭᠤᠴᠠᠭᠠᠨ ᠳᠤ ᠰᠢᠯᠭᠠᠨ ᠠᠪᠬᠤ ᠳᠤ ᠬᠢᠷᠢ ᠲᠡᠩᠴᠡᠭᠰᠡᠨ ᠭᠡᠷ ᠪᠠᠶᠢᠰᠢᠩ ᠢᠶᠠᠨ ᠣᠯᠣᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠭᠡᠳ ᠮᠥᠨ ᠯᠠ ᠣᠷᠣᠨ ᠰᠠᠭᠤᠴᠠ ᠪᠠᠨ ᠲᠤᠰᠢᠶᠠᠵᠤ ᠴᠢᠳᠠᠬᠤ ᠦᠭᠡᠢ ᠪᠠᠶᠢᠪᠠᠯ᠂ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠦᠷᠢᠯᠡᠬᠦ ᠶᠣᠰᠣᠲᠠᠢ ᠶᠢ ᠨᠢ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠦᠷᠢᠯᠡᠵᠦ᠂ ᠬᠠᠤᠯᠢ ᠴᠠᠭᠠᠵᠠ ᠶᠢᠨ ᠰᠢᠢᠳᠪᠦᠷᠢᠯᠡᠯᠲᠡ ᠳᠤ ᠮᠥᠨ ᠭᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠶᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠨ᠎ᠠ᠃

    ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠄ ᠣᠷᠣᠨ ᠨᠤᠲᠤᠭ ᠤᠨ ᠦᠯᠡᠳᠡᠭᠡᠯ ᠣᠷᠣᠨ ᠰᠠᠭᠤᠴᠠ ᠶᠢᠨ ᠬᠡᠷᠡᠭᠯᠡᠬᠦ ᠭᠠᠵᠠᠷ ᠢ ᠵᠦᠢ ᠵᠣᠬᠢᠰᠲᠠᠶ ᠦᠨ᠎ᠡ ᠬᠠᠩᠰᠢ ᠪᠠᠷ ᠬᠤᠷᠢᠶᠠᠨ ᠠᠪᠬᠤ᠂ ᠬᠤᠳᠠᠯᠳᠤᠨ ᠠᠪᠬᠤ ᠶᠢ ᠳᠡᠮᠵᠢᠨ᠎ᠡ

    ᠡᠬᠢ ᠪᠠᠶᠠᠯᠢᠭ ᠤᠨ ᠶᠠᠮᠤᠨ ᠠᠴᠠ ᠰᠤᠯᠠ ᠪᠠᠶᠢᠭ᠎ᠠ ᠭᠠᠵᠠᠷ ᠰᠢᠷᠣᠢ ᠶᠢ ᠲᠣᠬᠢᠲᠠᠶ ᠰᠢᠢᠳᠪᠦᠷᠢᠯᠡᠬᠦ᠂ ᠦᠯᠡᠳᠡᠭᠡᠯ ᠭᠠᠵᠠᠷ ᠰᠢᠷᠣᠶ ᠶᠢ ᠠᠮᠢᠳᠤᠯᠢᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠪᠠᠷ ᠪᠡᠯᠡᠳᠬᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠣᠳᠠᠲᠠᠶ ᠠᠴᠠ ᠡᠭᠦᠰᠴᠦ᠂ ᠪᠠᠶᠢᠳᠠᠯ ᠢ ᠨᠢ ᠦᠵᠡᠵᠦ ᠪᠠᠶᠢᠭᠠᠳ ᠬᠤᠷᠢᠶᠠᠵᠤ ᠠᠪᠬᠤ᠂ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠨᠢᠭᠡᠨᠲᠡ ᠰᠢᠯᠵᠢᠭᠦᠯᠦᠨ ᠥᠭᠭᠦᠭᠰᠡᠨ ᠰᠤᠯᠠ ᠪᠠᠶᠢᠭ᠎ᠠ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠲᠣᠬᠢᠲᠠᠶ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠶᠢ ᠳᠡᠮᠵᠢᠨ᠎ᠡ᠃ ᠡᠭᠦᠨ ᠤ ᠬᠠᠮᠲᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠭᠤᠤᠯᠳᠠᠭᠤ ᠬᠤᠶᠠᠷ ᠱᠤᠭᠤᠮ᠄ ᠨᠢᠭᠡ ᠱᠤᠭᠤᠮ ᠨᠢ ᠰᠤᠯᠠ ᠪᠠᠶᠢᠭ᠎ᠠ ᠭᠠᠵᠠᠷ ᠰᠢᠷᠣᠶ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠶᠢ ᠴᠢᠩᠳᠠᠯᠠᠵᠤ᠂ ᠨᠥᠭᠦᠭᠡ ᠱᠤᠭᠤᠮ ᠨᠢ ᠦᠯᠡᠳᠡᠭᠡᠯ ᠭᠠᠵᠠᠷ ᠰᠢᠷᠣᠶ ᠶᠢ ᠠᠮᠢᠳᠤᠯᠢᠭᠵᠢᠭᠤᠯᠤᠨ ᠠᠰᠢᠭᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠪᠣᠳᠠᠲᠠᠶ ᠲᠥᠷᠥ ᠶᠢᠨ ᠪᠣᠳᠣᠯᠭ᠎ᠠ ᠶᠢᠨ ᠬᠢᠯᠠᠰ ᠴᠡᠭ ᠢ ᠳᠣᠤᠷᠠᠬᠢ ᠭᠤᠷᠪᠠᠨ ᠲᠠᠯ᠎ᠠ ᠪᠠᠷ ᠲᠣᠪᠴᠢ ᠬᠤᠷᠢᠶᠠᠩᠭᠤᠶᠢᠯᠠᠵᠤ ᠪᠣᠯᠤᠨ᠎ᠠ᠄

    ᠨᠢᠭᠡ ᠳᠤ ᠠᠵᠤ ᠠᠬᠤᠶᠢᠯᠠᠯ ᠤᠨ ᠰᠢᠯᠢᠳᠡᠭᠵᠢᠭᠦᠯᠦᠨ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ ᠭᠤᠤᠯᠳᠠᠭᠤ ᠨᠡᠭᠡᠭᠡᠯᠲᠡ ᠬᠢᠵᠦ ᠪᠦᠲᠦᠭᠡᠨ ᠪᠠᠶᠢᠭᠤᠯᠬᠤ ᠬᠠᠷᠰᠢ ᠰᠠᠭᠠᠳ ᠢ ᠠᠷᠢᠯᠭᠠᠵᠤ᠂ ᠪᠠᠶᠢᠭᠠᠯᠢ ᠶᠢᠨ ᠭᠠᠮᠰᠢᠭ᠂ ᠬᠢᠵᠢᠭ ᠤᠨ ᠪᠠᠶᠢᠳᠠᠯ ᠠᠴᠠ ᠪᠣᠯᠤᠭᠰᠠᠨ ᠪᠣᠯᠵᠤᠭ᠎ᠠ ᠠᠴᠠ ᠵᠥᠷᠢᠴᠡᠭᠰᠡᠨ ᠬᠠᠷᠢᠭᠤᠴᠠᠯᠭ᠎ᠠ ᠶᠢ ᠵᠦᠢ ᠵᠣᠬᠢᠰᠲᠠᠶ ᠬᠡᠯᠲᠦᠷᠢᠭᠦᠯᠵᠦ᠂ ᠠᠵᠤ ᠠᠬᠤᠶᠢᠯᠠᠯ ᠤᠨ ᠳᠡᠰ ᠳᠠᠷᠠᠭᠠᠯᠠᠯ ᠶᠣᠰᠣᠭᠠᠷ ᠲᠥᠯᠥᠪᠵᠢᠭᠦᠯᠭᠡ ᠶᠢᠨ ᠨᠥᠬᠦᠴᠡᠯ ᠪᠣᠯᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠠᠨ ᠵᠦᠢ ᠵᠣᠬᠢᠰᠲᠠᠶ ᠲᠣᠬᠢᠷᠠᠭᠤᠯᠬᠤ ᠶᠢ ᠵᠥᠪᠰᠢᠶᠡᠷᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠩ ᠰᠠᠶᠢᠲᠤᠷ ᠵᠣᠬᠢᠴᠠᠭᠤᠯᠤᠨ᠎ᠠ᠃

    ᠬᠤᠶᠠᠷ ᠲᠤ ᠵᠠᠬ᠎ᠠ ᠳᠡᠯᠭᠡᠭᠦᠷ ᠤᠨ ᠭᠦᠢᠯᠭᠡᠭᠡᠨ ᠤ ᠰᠢᠯᠵᠢᠭᠦᠯᠦᠨ ᠥᠭᠬᠦ ᠶᠢ ᠠᠬᠢᠭᠤᠯᠤᠨ᠎ᠠ᠃ ᠭᠤᠣᠯᠳᠠᠭᠤ ᠭᠠᠵᠠᠷ ᠰᠢᠷᠣᠢ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠤᠷᠢᠳᠴᠢᠯᠠᠨ ᠮᠡᠳᠡᠭᠳᠡᠬᠦ ᠳᠠᠩᠰᠠᠯᠠᠭᠤᠯᠤᠨ ᠰᠢᠯᠵᠢᠭᠦᠯᠦᠨ ᠥᠭᠬᠦ ᠪᠠ ︽ᠪᠠᠷᠢᠴᠠᠭ᠎ᠠ ᠲᠠᠢ ᠪᠠᠷ ᠡᠷᠦᠬᠡ ᠰᠢᠯᠵᠢᠭᠦᠯᠬᠦ︾ ᠶᠢ ᠳᠡᠮᠵᠢᠵᠦ᠂ ᠰᠢᠯᠵᠢᠭᠦᠯᠦᠨ ᠥᠭᠬᠦ ᠪᠤᠶᠤ ᠬᠠᠮᠲᠤᠷᠠᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃

    ᠭᠤᠷᠪᠠ ᠳᠤ ᠣᠷᠣᠨ ᠨᠤᠲᠤᠭ ᠤᠨ ᠭᠠᠵᠠᠷ ᠰᠢᠷᠣᠶ ᠶᠢ ᠵᠦᠢ ᠵᠣᠬᠢᠰᠲᠠᠶ ᠦᠨ᠎ᠡ ᠪᠠᠷ ᠬᠤᠷᠢᠶᠠᠨ ᠠᠪᠬᠤ ᠶᠢ ᠳᠡᠮᠵᠢᠨ᠎ᠡ᠃ ᠭᠤᠤᠯᠳᠠᠭᠤ ᠣᠷᠣᠨ ᠨᠤᠲᠤᠭ ᠤᠨ ︽ᠬᠡᠷᠡᠭᠴᠡᠭᠡ ᠪᠠᠷ ᠢᠶᠠᠨ ᠬᠤᠳᠠᠯᠳᠤᠨ ᠠᠪᠬᠤ ᠶᠢ ᠲᠣᠭᠲᠠᠭᠠᠬᠤ︾ ᠵᠠᠷᠴᠢᠮ ᠤᠨ ᠶᠣᠰᠣᠭᠠᠷ᠂ ᠰᠤᠯᠠ ᠪᠠᠶᠢᠭ᠎ᠠ ᠭᠠᠵᠠᠷ ᠰᠢᠷᠣᠶ ᠶᠢ ᠵᠦᠢ ᠵᠣᠬᠢᠰᠲᠠᠶ ᠦᠨ᠎ᠡ ᠪᠠᠷ ᠬᠤᠷᠢᠶᠠᠨ ᠠᠪᠴᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠳᠡᠮᠵᠢᠨ᠎ᠡ᠃ ᠣᠷᠣᠨ ᠨᠤᠲᠤᠭ ᠤᠨ ᠬᠢᠨ ︽ᠬᠤᠷᠢᠶᠠᠨ ᠠᠪᠬᠤ — ᠬᠠᠩᠭᠠᠬᠤ︾ ᠶᠢ ᠵᠡᠷᠭᠡ ᠪᠠᠷ ᠶᠠᠪᠤᠭᠤᠯᠬᠤ ᠠᠷᠭ᠎ᠠ ᠮᠠᠶ᠋ᠢᠭ ᠢᠶᠠᠷ ᠲᠠᠰ ᠳᠠᠷᠠᠭᠠᠯᠠᠯ ᠢ ᠳᠥᠭᠦᠮᠴᠢᠯᠡᠵᠦ᠂ ᠲᠥᠯᠥᠪᠵᠢᠭᠦᠯᠭᠡ ᠪᠠ ᠭᠠᠵᠠᠷ ᠬᠠᠩᠭᠠᠬᠤ ᠭᠠᠷᠳᠠᠮ ᠢ ᠭᠦᠢᠴᠡᠳᠬᠡᠵᠦ᠂ ᠳᠥᠭᠦᠮᠴᠢᠯᠡᠭᠰᠡᠨ ᠦᠢᠯᠡᠴᠢᠯᠡᠭᠡ ᠶᠢ ᠨᠠᠩ ᠰᠠᠶᠢᠨ ᠬᠠᠩᠭᠠᠬᠤ ᠶᠢ ᠵᠥᠪᠰᠢᠶᠡᠷᠡᠨ᠎ᠡ᠃

    ᠲᠥᠪ ᠪᠠᠩᠬᠢ᠄ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠢᠭᠡᠨᠲᠡ ᠪᠠᠶᠢᠭᠤᠯᠤᠭᠰᠠᠨ ᠬᠤᠳᠠᠯᠳᠤᠭᠠᠳᠤᠢ ᠲᠠᠸᠠᠷ ᠤᠨ ᠭᠡᠷ ᠪᠠᠶᠢᠰᠢᠩ ᠢ ᠵᠦᠢ ᠵᠣᠬᠢᠰᠲᠠᠢ ᠦᠨ᠎ᠡ ᠪᠠᠷ ᠬᠤᠳᠠᠯᠳᠤᠨ ᠠᠪᠬᠤ ᠶᠢ ᠳᠡᠮᠵᠢᠨ᠎ᠡ᠃

    ᠠᠷᠠᠳ ᠤᠨ ᠪᠠᠩᠬᠢ ᠠᠴᠠ ᠥᠪᠡᠷ ᠤᠨ ᠥᠷᠲᠡᠭ ᠢᠶᠠᠷ ᠳᠣᠤᠷ᠎ᠠ ᠳᠠᠬᠢᠨ ᠵᠢᠭᠡᠯᠡᠯᠭᠡ ᠶᠢᠨ ᠪᠡᠯᠡ ᠮᠥᠩᠭᠦ ᠬᠠᠩᠭᠠᠵᠤ᠂ ᠪᠦᠬᠦ ᠤᠯᠤᠰ ᠤᠨ ᠴᠢᠨᠠᠷᠲᠠᠶ 21 ᠪᠠᠩᠬᠢ ᠶᠢᠨ ᠪᠠᠶᠢᠭᠤᠯᠤᠮᠵᠢ ᠶᠢ ᠵᠣᠷᠢᠭᠵᠢᠭᠤᠯᠤᠨ ᠵᠠᠬ᠎ᠠ ᠳᠡᠯᠭᠡᠭᠦᠷᠴᠢᠯᠡᠬᠦ ᠵᠠᠷᠴᠢᠮ ᠤᠨ ᠶᠣᠰᠣᠭᠠᠷ᠂ ᠬᠤᠲᠠ ᠶᠢᠨ ᠵᠠᠰᠠᠭ ᠤᠨ ᠣᠷᠳᠣᠨ ᠤ ᠰᠣᠩᠭᠤᠨ ᠲᠣᠭᠲᠠᠭᠠᠭᠰᠠᠨ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠵᠢᠭᠡᠯᠡᠯᠭᠡ ᠲᠠᠯᠪᠢᠵᠤ᠂ ᠨᠢᠭᠡᠨᠲᠡ ᠪᠠᠶᠢᠭᠤᠯᠤᠭᠰᠠᠨ ᠬᠤᠳᠠᠯᠳᠤᠭᠠᠳᠤᠢ ᠲᠠᠸᠠᠷ ᠤᠨ ᠭᠡᠷ ᠪᠠᠶᠢᠰᠢᠩ ᠢ ᠵᠦᠢ ᠵᠣᠬᠢᠰᠲᠠᠶ ᠦᠨ᠎ᠡ ᠪᠠᠷ ᠬᠤᠳᠠᠯᠳᠤᠨ ᠠᠪᠴᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠭᠠᠨ ᠬᠡᠷᠡᠭᠯᠡᠬᠦ ᠶᠢ ᠳᠡᠮᠵᠢᠨ᠎ᠡ᠃ ᠡᠨᠡ ᠬᠦ ᠲᠥᠷᠥ ᠶᠢᠨ ᠪᠣᠳᠣᠯᠭ᠎ᠠ ᠶᠢᠨ ᠭᠤᠣᠯ ᠠᠭᠤᠯᠭ᠎ᠠ ᠨᠢ ᠳᠣᠣᠷᠠᠬᠢ ᠮᠡᠲᠦ ᠬᠡᠳᠦᠨ ᠵᠦᠢᠯ ᠪᠤᠢ᠄

    ᠨᠢᠭᠡᠳᠦᠭᠡᠷ ᠲᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢᠨ ᠬᠡᠪᠴᠢᠶ᠎ᠡ ᠨᠢ 3000 ᠳ᠋ᠦᠩᠰᠢᠭᠤᠷ ᠲᠥᠭᠦᠷᠢᠭ᠂ ᠬᠦᠦ ᠮᠥᠩᠭᠦ ᠶᠢᠨ ᠨᠣᠷᠮ᠎ᠠ ᠨᠢ 1.75%᠂ ᠬᠤᠭᠤᠴᠠᠭ᠎ᠠ ᠨᠢ 1 ᠵᠢᠯ᠂ 4 ᠤᠳᠠᠭ᠎ᠠ ᠤᠷᠲᠤᠳᠬᠠᠵᠤ ᠪᠣᠯᠤᠨ᠎ᠠ᠂ ᠲᠠᠯᠪᠢᠬᠤ ᠡᠲᠡᠭᠡᠳ ᠲᠤ ᠤᠯᠤᠰ ᠤᠨ ᠨᠡᠭᠡᠭᠡᠯᠲᠡ ᠶᠢᠨ ᠪᠠᠩᠬᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ᠂ ᠤᠯᠤᠰ ᠤᠨ ᠥᠮᠴᠢᠯᠡᠯ ᠤᠨ ᠬᠤᠳᠠᠯᠳᠤᠭᠠᠨ ᠤ ᠪᠠᠩᠬᠢ᠂ ᠰᠢᠦᠳᠠᠨ ᠤ ᠬᠠᠳᠠᠭᠠᠯᠠᠮᠵᠢ ᠶᠢᠨ ᠪᠠᠩᠬᠢ᠂ ᠬᠤᠪᠢᠴᠠᠭᠠᠲᠤ ᠳᠦᠷᠢᠮ ᠤᠨ ᠬᠤᠳᠠᠯᠳᠤᠭᠠᠨ ᠤ ᠪᠠᠩᠬᠢ ᠵᠡᠷᠭᠡ ᠪᠦᠬᠦ ᠤᠯᠤᠰ ᠤᠨ ᠴᠢᠨᠠᠷᠲᠠᠶ 21 ᠪᠠᠩᠬᠢ ᠪᠠᠭᠲᠠᠨ᠎ᠠ᠃ ᠪᠠᠩᠬᠢ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠥᠪᠡᠷ ᠢᠶᠠᠨ ᠡᠭᠦᠷᠭᠡᠯᠡᠬᠦ ᠵᠠᠷᠴᠢᠮ ᠶᠣᠰᠣᠭᠠᠷ ᠵᠢᠭᠡᠯᠡᠯᠭᠡ ᠲᠠᠯᠪᠢᠨ᠎ᠠ᠃ ᠠᠷᠠᠳ ᠤᠨ ᠪᠠᠩᠬᠢ ᠵᠢᠭᠡᠯᠡᠯᠭᠡ ᠶᠢᠨ ᠡᠬᠡ ᠮᠥᠩᠭᠦ ᠶᠢᠨ 60% ᠶᠢᠨ ᠶᠣᠰᠣᠭᠠᠷ ᠳᠠᠬᠢᠨ ᠵᠢᠭᠡᠯᠡᠯᠭᠡ ᠲᠠᠯᠪᠢᠵᠤ᠂ ᠪᠠᠩᠬᠢ ᠶᠢᠨ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠳᠠᠶᠢᠴᠢᠯᠠᠬᠤ ᠪᠣᠯᠤᠨ᠎ᠠ᠃

    ᠬᠤᠶᠠᠳᠤᠭᠠᠷ ᠲᠤ ᠬᠤᠳᠠᠯᠳᠤᠨ ᠠᠪᠬᠤ ᠲᠠᠸᠠᠷ ᠤᠨ ᠬᠡᠷ ᠪᠠᠶᠢᠰᠢᠩ ᠢ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠨᠢᠭᠡᠨᠲᠡ ᠪᠠᠶᠢᠭᠤᠯᠤᠭᠰᠠᠨ ᠬᠤᠳᠠᠯᠳᠤᠭᠠᠳᠤᠢ ᠲᠠᠸᠠᠷ ᠤᠨ ᠬᠡᠷ ᠪᠠᠶᠢᠰᠢᠩ ᠢᠶᠠᠷ ᠴᠢᠩᠭ᠎ᠠ ᠬᠢᠵᠠᠭᠠᠷᠯᠠᠵᠤ᠂ ᠠᠳᠠᠯᠢ ᠪᠤᠰᠤ ᠥᠮᠴᠢᠯᠡᠯ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠨ᠎ᠠ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯ ᠴᠠᠯᠢᠩ ᠬᠥᠯᠥᠰᠥ ᠶᠢᠨ ᠣᠷᠣᠯᠭ᠎ᠠ ᠲᠠᠢ ᠬᠥᠮᠥᠰ ᠤᠨ ᠵᠠᠶᠢᠯᠠᠰᠢ ᠦᠭᠡᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠵᠠᠷᠴᠢᠮ ᠶᠣᠰᠣᠭᠠᠷ᠂ ᠬᠤᠳᠠᠯᠳᠤᠨ ᠠᠪᠤᠭᠰᠠᠨ ᠲᠠᠸᠠᠷ ᠤᠨ ᠭᠡᠷ ᠪᠠᠶᠢᠰᠢᠩ ᠤᠨ ᠡᠷᠦᠬᠡ ᠪᠠ ᠲᠠᠯᠠᠪᠠᠶ ᠶᠢᠨ ᠪᠠᠷᠢᠮᠵᠢᠶ᠎ᠠ ᠶᠢ ᠴᠢᠩᠭ᠎ᠠ ᠡᠵᠡᠮᠳᠡᠬᠦ ᠬᠡᠷᠡᠭᠲᠡᠶ᠃

    ᠭᠤᠷᠪᠠᠳᠤᠭᠠᠷ ᠲᠤ ᠬᠤᠲᠠ ᠶᠢᠨ ᠵᠠᠰᠠᠭ ᠤᠨ ᠣᠷᠳᠣᠨ ᠨᠤᠭᠤᠳ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠣᠩᠭᠤᠨ ᠬᠤᠳᠠᠯᠳᠤᠨ ᠠᠪᠬᠤ ᠭᠤᠣᠯ ᠴᠣᠭᠴᠠ ᠪᠣᠯᠭᠠᠨ᠎ᠠ᠃ ᠲᠣᠰ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠢᠴᠢ ᠬᠠᠷᠢᠶ᠎ᠠ ᠪᠦᠯᠦᠭᠯᠡᠯ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠭᠴᠡᠭᠡ ᠳᠤ ᠬᠤᠯᠪᠣᠭᠳᠠᠵᠤ ᠪᠣᠯᠬᠤ ᠦᠭᠡᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠪᠠᠶᠢᠵᠤ ᠪᠣᠯᠬᠤ ᠦᠭᠡᠢ᠂ ᠡᠭᠦᠨ ᠤ ᠬᠠᠮᠲᠤ ᠪᠠᠩᠬᠢ ᠶᠢᠨ ᠢᠲᠡᠭᠡᠮᠵᠢ ᠣᠯᠭᠤᠬᠤ ᠱᠠᠭᠠᠷᠳᠠᠯᠭ᠎ᠠ ᠪᠠ ᠢᠲᠡᠭᠡᠮᠵᠢ ᠣᠯᠭᠤᠬᠤ ᠣᠷᠣᠨ ᠵᠠᠶ ᠶᠢ ᠪᠦᠷᠢᠯᠳᠦᠭᠦᠯᠵᠦ᠂ ᠬᠤᠳᠠᠯᠳᠤᠨ ᠠᠪᠤᠭᠰᠠᠨ ᠤ ᠳᠠᠷᠠᠭ᠎ᠠ ᠦᠳᠲᠡᠷ ᠲᠦᠷᠭᠡᠨ ᠲᠣᠬᠢᠷᠠᠭᠤᠯᠤᠨ ᠬᠤᠳᠠᠯᠳᠤᠬᠤ ᠪᠤᠶᠤ ᠲᠦᠷᠢᠶᠡᠰᠦᠯᠡᠭᠦᠯᠬᠦ ᠬᠡᠷᠡᠭᠲᠡᠶ᠃

    ᠳᠥᠷᠪᠡᠳᠦᠭᠡᠷ ᠲᠤ ᠰᠠᠶᠢᠨ ᠳᠤᠷ᠎ᠠ ᠠᠴᠠ ᠪᠠᠨ ᠣᠷᠣᠯᠴᠠᠨ᠎ᠠ᠃ ᠬᠤᠲᠠ ᠶᠢᠨ ᠵᠠᠰᠠᠭ ᠤᠨ ᠣᠷᠳᠣᠨ ᠨᠤᠭᠤᠳ ᠲᠤᠬᠠᠶ ᠶᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ᠂ ᠲᠠᠸᠠᠷ ᠤᠨ ᠭᠡᠷ ᠪᠠᠶᠢᠰᠢᠩ ᠤᠨ ᠬᠠᠳᠠᠭᠠᠯᠠᠯᠲᠠ ᠶᠢᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠣᠷᠣᠯᠴᠠᠬᠤ ᠡᠰᠡᠬᠦ ᠪᠠᠨ ᠡᠵᠡᠨ ᠮᠡᠳᠡᠨ ᠲᠣᠭᠲᠠᠭᠠᠨ᠎ᠠ᠃ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠴᠠᠯᠢᠩ ᠬᠥᠯᠥᠰᠥ ᠶᠢᠨ ᠣᠷᠣᠯᠭ᠎ᠠ ᠲᠠᠢ ᠬᠥᠮᠦᠰ ᠡᠵᠡᠨ ᠮᠡᠳᠡᠵᠦ ᠲᠣᠬᠢᠷᠠᠭᠤᠯᠤᠨ ᠬᠤᠳᠠᠯᠳᠤᠬᠤ ᠪᠤᠶᠤ ᠲᠦᠷᠢᠶᠡᠰᠦᠯᠡᠭᠦᠯᠬᠦ ᠳᠤ ᠣᠷᠣᠯᠴᠠᠬᠤ ᠡᠰᠡᠬᠦ ᠪᠠᠨ ᠰᠣᠩᠭᠤᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠬᠢᠭᠡᠳ ᠬᠤᠳᠠᠯᠳᠤᠨ ᠠᠪᠬᠤ ᠭᠤᠣᠯ ᠴᠣᠭᠴᠠ ᠡᠷᠬᠡ ᠲᠡᠭᠰᠢ ᠵᠥᠪᠳᠡᠯᠴᠡᠵᠦ᠂ ᠬᠤᠳᠠᠯᠳᠤᠬᠤ ᠡᠰᠡᠬᠦ ᠪᠠᠨ ᠡᠵᠡᠨ ᠮᠡᠳᠡᠵᠦ ᠲᠣᠭᠲᠠᠭᠠᠨ᠎ᠠ᠃ 21 ᠪᠠᠩᠬᠢ ᠠᠶᠤᠯ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ᠂ ᠬᠤᠳᠠᠯᠳᠤᠭᠠᠨ ᠤ ᠦᠷᠭᠦᠯᠵᠢᠯᠡᠭᠦᠯᠬᠦ ᠵᠠᠷᠴᠢᠮ ᠶᠣᠰᠣᠭᠠᠷ᠂ ᠬᠤᠳᠠᠯᠳᠤᠨ ᠠᠪᠬᠤ ᠭᠤᠤᠯ ᠴᠣᠭᠴᠠ ᠳᠤ ᠵᠢᠭᠡᠯᠡᠯᠭᠡ ᠲᠠᠯᠪᠢᠬᠤ ᠡᠰᠡᠬᠦ ᠪᠠᠨ ᠡᠵᠡᠨ ᠮᠡᠳᠡᠵᠦ ᠰᠢᠢᠳᠪᠦᠷᠢᠯᠡᠨ᠎ᠡ᠃

    ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠣᠶᠢᠷ᠎ᠠ ᠶᠢᠨ ᠬᠤᠭᠤᠴᠠᠭᠠᠨ ᠳᠤ ᠠᠷᠠᠳ ᠤᠨ ᠪᠠᠩᠬᠢ ᠵᠢᠩᠬᠢᠨᠢ ᠪᠢᠴᠢᠭ ᠮᠠᠲ᠋ᠧᠷᠢᠶᠠᠯ ᠨᠡᠶᠢᠲᠡᠯᠡᠨ᠎ᠡ᠂ ᠡᠨᠡ ᠪᠢᠴᠢᠭ ᠮᠠᠲ᠋ᠧᠷᠢᠶᠠᠯ ᠪᠣᠯ ︽ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨ ᠵᠢᠭᠡᠯᠡᠯᠭᠡ ᠲᠠᠯᠪᠢᠬᠤ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠮᠡᠳᠡᠭᠳᠡᠯ︾ ᠪᠣᠯᠣᠨ᠎ᠠ᠃

    ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠄ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠤᠨ ᠠᠵᠤ ᠠᠬᠤᠶᠢᠯᠠᠯ ᠤᠨ ︽ᠴᠠᠭᠠᠨ ᠨᠡᠷᠡᠰ︾ ᠤᠨ ᠲᠥᠷᠥᠯ ᠵᠦᠢᠯ ᠳᠤ ᠨᠢᠭᠡ ᠯᠡ ᠠᠳᠠᠯᠢ ᠪᠠᠷ ᠬᠠᠨᠳᠤᠵᠤ᠂ ᠵᠢᠭᠡᠯᠡᠭᠦᠯᠬᠦ ᠶᠣᠰᠣᠲᠠᠶ ᠪᠦᠬᠦᠨ ᠳᠤ ᠨᠢ ᠵᠢᠭᠡᠯᠡᠭᠦᠯᠦᠨ᠎ᠡ᠃

    ᠠᠳᠠᠯᠢ ᠪᠤᠰᠤ ᠥᠮᠴᠢᠯᠡᠯ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡ ᠯᠡ ᠠᠳᠠᠯᠢ ᠪᠠᠷ ᠬᠠᠩᠭᠠᠵᠤ᠂ ᠠᠳᠠᠯᠢ ᠪᠤᠰᠤ ᠥᠮᠴᠢᠯᠡᠯ ᠤᠨ ᠬᠡᠷ ᠪᠠᠶᠢᠰᠢᠩ ᠤᠨ ᠠᠵᠤ ᠠᠬᠤᠶᠢᠯᠠᠯ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠳᠤ ᠨᠢᠭᠡ ᠯᠡ ᠠᠳᠠᠯᠢ ᠪᠠᠷ ᠬᠠᠨᠳᠤᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠵᠦᠶ ᠵᠣᠬᠢᠰᠲᠠᠶ ᠦᠨᠡᠯᠡᠨ ᠵᠢᠱᠢᠵᠦ᠂ ᠢᠳᠡᠪᠬᠢᠲᠡᠶ ᠪᠠᠷ ᠳᠡᠮᠵᠢᠯᠭᠡ ᠦᠵᠡᠭᠦᠯᠦᠨ᠎ᠡ᠃

    ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠤᠨ᠎ᠠ᠃ ᠪᠠᠩᠬᠢ ᠠᠴᠠ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠪᠠ ᠲᠠᠯᠪᠢᠬᠤ ᠶᠠᠪᠤᠴᠠ ᠪᠠᠨ ᠰᠢᠯᠢᠳᠡᠭᠵᠢᠭᠦᠯᠵᠦ ᠶᠢ ᠱᠠᠭᠠᠷᠳᠠᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠵᠣᠬᠢᠬᠤ ᠬᠡᠮᠵᠢᠶ᠎ᠡ ᠪᠠᠷ ᠳᠣᠷᠣᠭᠰᠢ ᠪᠠᠭᠤᠯᠭᠠᠵᠤ᠂ ᠵᠢᠭᠡᠯᠡᠯᠭᠡ ᠲᠠᠯᠪᠢᠬᠤ ᠬᠤᠷᠳᠤᠴᠠ ᠶᠢ ᠲᠦᠷᠭᠡᠳᠬᠡᠨ᠂ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ᠂ ᠳᠡᠰ ᠲᠣᠭᠲᠠᠭᠠᠬᠤ᠂ ᠢᠲᠡᠭᠡᠮᠵᠢ ᠣᠯᠭᠤᠬᠤ᠂ ᠵᠢᠭᠡᠯᠡᠯᠭᠡ ᠲᠠᠯᠪᠢᠭᠰᠠᠨ ᠤ ᠳᠠᠷᠠᠭ᠎ᠠ ᠵᠡᠷᠭᠡ ᠲᠠᠯ᠎ᠠ ᠪᠠᠷ ᠴᠥᠮ ᠲᠤᠰᠠᠭᠠᠷ ᠬᠠᠮᠢᠶᠠᠷᠴᠤ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠠᠰ ᠲᠤᠨᠢ ᠵᠢᠭᠰᠠᠭᠠᠬᠤ ᠶᠢ ᠵᠥᠪᠰᠢᠶᠡᠷᠡᠨ᠎ᠡ᠃ ᠡᠭᠦᠨ ᠤ ᠬᠠᠮᠲᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠣᠳᠠᠲᠠᠶ ᠨᠠᠷᠢᠨ ᠳᠦᠷᠢᠮ ᠢ ᠲᠣᠭᠲᠠᠭᠠᠵᠤ᠂ ᠦᠨᠳᠦᠰᠦᠨ ᠱᠠᠲᠤᠨ ᠤ ᠪᠠᠩᠬᠢ ᠪᠠ ᠬᠤᠯᠪᠣᠭᠳᠠᠯ ᠪᠦᠬᠦᠢ ᠠᠵᠢᠯᠲᠠᠨ ᠠᠵᠢᠯᠴᠢᠨ ᠱᠠᠭᠠᠷᠳᠠᠯᠭ᠎ᠠ ᠶᠣᠰᠣᠭᠠᠷ ᠴᠢᠷᠮᠠᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠳᠤ ᠨᠢ᠂ ᠡᠰᠡᠷᠭᠦᠴᠡᠰᠢ ᠦᠭᠡᠢ ᠬᠦᠴᠦᠨ ᠵᠦᠢᠯ ᠠᠴᠠ ᠪᠣᠯᠵᠤ ᠵᠢᠭᠡᠯᠡᠯᠭᠡ ᠳᠤ ᠠᠶᠤᠯ ᠲᠦᠭᠰᠢᠭᠦᠷᠢ ᠭᠠᠷᠤᠭᠰᠠᠨ ᠪᠣᠯ ᠬᠠᠷᠢᠭᠤᠴᠠᠯᠭ᠎ᠠ ᠠᠴᠠ ᠨᠢ ᠬᠡᠯᠲᠦᠷᠢᠭᠦᠯᠦᠨ᠎ᠡ᠃

    ᠵᠢᠭᠡᠯᠡᠭᠦᠯᠬᠦ ᠶᠣᠰᠣᠲᠠᠢ ᠪᠦᠬᠦᠨ ᠳᠤ ᠨᠢ ᠵᠢᠭᠡᠯᠡᠭᠦᠯᠦᠨ᠎ᠡ᠃ ᠠᠳᠠᠯᠢ ᠪᠤᠰᠤ ᠥᠮᠴᠢᠯᠡᠯ ᠤᠨ ᠭᠡᠷ ᠪᠠᠶᠢᠰᠢᠩ ᠤᠨ ᠠᠵᠤ ᠠᠬᠤᠶᠢᠯᠠᠯ ᠤᠨ ︽ᠴᠠᠭᠠᠨ ᠨᠡᠷᠡᠰ︾ ᠤᠨ ᠲᠥᠷᠥᠯ ᠵᠦᠢᠯ ᠳᠤ ᠨᠢᠭᠡ ᠯᠡ ᠠᠳᠠᠯᠢ ᠪᠠᠷ ᠬᠠᠨᠳᠤᠨ᠎ᠠ᠃ ᠲᠦᠭᠰᠢᠭᠦᠷᠢ ᠶᠢ ᠬᠢᠵᠠᠭᠠᠷᠯᠠᠭᠰᠠᠨ ᠤᠷᠢᠲᠠᠯ ᠳᠣᠤᠷ᠎ᠠ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ᠂ ᠦᠯᠡᠳᠡᠭᠡᠯ ᠵᠢᠭᠡᠯᠡᠯᠭᠡ ᠶᠢᠨ ᠬᠤᠭᠤᠴᠠᠭ᠎ᠠ ᠪᠠᠨ ᠤᠷᠲᠤᠳᠬᠠᠬᠤ ᠵᠢᠴᠢ ᠨᠡᠶᠢᠯᠡᠭᠦᠯᠵᠦ ᠬᠤᠳᠠᠯᠳᠤᠨ ᠠᠪᠬᠤ ᠵᠢᠭᠡᠯᠡᠯᠭᠡ ᠲᠠᠯᠪᠢᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ ᠪᠣᠯᠤᠨ᠎ᠠ᠃ ᠵᠢᠭᠡᠯᠡᠯᠭᠡ ᠶᠢᠨ ᠵᠣᠭᠤᠰ ᠤᠨ ᠲᠤᠭ᠎ᠠ ᠶᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠲᠠᠢ ᠵᠣᠬᠢᠴᠠᠭᠤᠯᠵᠤ᠂ ᠲᠥᠷᠥᠯ ᠵᠦᠢᠯ ᠢ ᠪᠠᠶᠢᠭᠤᠯᠵᠤ ᠳᠠᠭᠤᠰᠬᠠᠨ ᠲᠤᠰᠢᠶᠠᠬᠤ ᠪᠡᠯᠡ ᠮᠥᠩᠭᠦ ᠶᠢᠨ ᠳᠤᠲᠠᠭᠳᠠᠯ ᠢ ᠬᠠᠮᠤᠷᠤᠨ᠂ ᠲᠥᠷᠥᠯ ᠵᠦᠢᠯ ᠤᠨ ᠪᠠᠷᠢᠯᠭ᠎ᠠ ᠶᠢ ᠳᠠᠭᠤᠰᠬᠠᠵᠤ ᠲᠤᠰᠢᠶᠠᠨ ᠥᠭᠬᠦ ᠶᠢ ᠠᠬᠢᠭᠤᠯᠵᠤ᠂ ᠭᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃

    ︽ᠴᠠᠭᠠᠨ ᠨᠡᠷᠡᠰ ︾ ᠤᠨ ᠲᠥᠷᠥᠯ ᠵᠦᠢᠯ ᠳᠤ ᠲᠤᠰᠠᠭᠠᠷ ᠲᠠᠩᠰᠠ ᠪᠠᠶᠢᠭᠤᠯᠤᠨ ᠲᠣᠭᠠᠴᠠᠭ᠎ᠠ ᠬᠢᠵᠦ᠂ ᠪᠢᠲᠡᠭᠦᠮᠵᠢᠯᠡᠨ ᠬᠠᠮᠢᠶᠠᠷᠴᠤ᠂ ᠲᠥᠷᠥᠯ ᠵᠦᠢᠯ ᠤᠨ ᠬᠤᠭᠤᠷᠣᠨᠳᠣᠬᠢ ᠪᠠᠯᠠ ᠮᠥᠩᠭᠦ ᠶᠢ ᠬᠤᠳᠬᠤᠯᠳᠤᠭᠤᠯᠬᠤ ᠥᠬᠡᠶ᠂ ᠲᠥᠷᠥᠯ ᠵᠦᠢᠯ ᠤᠨ ᠪᠠᠯᠠ ᠮᠥᠩᠭᠦ ᠶᠢ ᠪᠤᠰᠤᠳ ᠵᠦᠢᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠪᠠᠯᠠ ᠮᠥᠩᠭᠦ ᠶᠢ ᠪᠠᠲᠤᠯᠠᠨ ᠲᠤᠰᠢᠶᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠳᠠᠯᠳᠤᠭᠠᠨ ᠤ ᠪᠠᠩᠬᠢ ᠨᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠡᠷᠡᠭᠴᠡᠭᠡ ᠪᠠ ᠭᠦᠢᠯᠭᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠵᠣᠭᠤᠰ ᠵᠢᠭᠡᠯᠡᠭᠴᠢ ᠯᠦᠭᠡ ᠵᠢᠭᠡᠯᠡᠯᠭᠡ ᠶᠢᠨ ᠪᠠᠩᠬᠢ ᠳᠤ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠳᠠᠩᠰᠠᠨ ᠡᠷᠦᠬᠡ ᠪᠠᠶᠢᠭᠤᠯᠵᠤ᠂ ᠲᠥᠷᠥᠯ ᠵᠦᠢᠯ ᠤᠨ ᠬᠥᠷᠥᠩᠭᠡ ᠮᠥᠩᠭᠦ᠂ ᠵᠢᠭᠡᠯᠡᠯᠭᠡ ᠲᠠᠯᠪᠢᠬᠤ᠂ ᠵᠠᠷᠤᠴᠠᠭᠤᠯᠬᠤ᠂ ᠵᠢᠭᠡᠯᠡᠯᠭᠡ ᠪᠤᠴᠠᠭᠠᠬᠤ ᠵᠡᠷᠭᠡ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠨ ᠬᠠᠮᠢᠶᠠᠷᠬᠤ ᠳᠠᠩᠰᠠᠨ ᠡᠷᠦᠬᠡ ᠪᠠᠷ ᠳᠠᠮᠵᠢᠭᠤᠯᠤᠨ ᠭᠦᠢᠴᠡᠳᠬᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠴᠠᠭᠠᠨ ᠨᠡᠷᠡᠰ︾ ᠤᠨ ᠲᠥᠷᠥᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠳᠠᠩᠰᠠᠨ ᠡᠷᠦᠬᠡ ᠶᠢ ᠭᠤᠣᠯᠯᠠᠨ ᠡᠷᠬᠢᠯᠡᠬᠦ ᠪᠠᠩᠬᠢ ᠳᠤ ᠪᠠᠶᠢᠭᠤᠯᠬᠤ ᠬᠡᠷᠡᠭᠲᠡᠶ᠃

    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠄ ᠣᠷᠣᠨ ᠰᠠᠭᠤᠴᠠ ᠶᠢᠨ ᠲᠥᠷᠥᠯ ᠵᠦᠢᠯ ᠢ ᠲᠥᠷᠥᠯ ᠬᠤᠪᠢᠶᠠᠨ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠲᠣᠭᠲᠠᠭᠠᠯ ᠠᠴᠠ ᠵᠥᠷᠢᠴᠡᠭᠰᠡᠳ ᠢ ︽ᠠᠷᠭ᠎ᠠ ᠭᠠᠷᠭᠠᠵᠤ ᠪᠡᠶ᠎ᠡ ᠮᠤᠯᠲᠤᠷᠠᠭᠤᠯᠬᠤ︾ ᠦᠭᠡᠢ

    ᠬᠤᠲᠠ ᠶᠢᠨ ᠵᠠᠰᠠᠭ ᠤᠨ ᠣᠷᠳᠣᠨ ᠨᠤᠭᠤᠳ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠲᠥᠷᠥᠯ ᠵᠦᠢᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ︽ᠨᠢᠭᠡ ᠲᠥᠷᠥᠯ ᠳᠤ ᠨᠢᠭᠡ ᠠᠷᠭ᠎ᠠ ᠪᠣᠳᠣᠯᠭ᠎ᠠ ᠠᠪᠬᠤ︾ ᠰᠢᠢᠳᠪᠦᠷᠢᠯᠡᠬᠦ ᠲᠥᠰᠦᠯ ᠢ ᠲᠣᠭᠲᠠᠭᠠᠬᠤ ᠬᠡᠷᠡᠭᠲᠡᠶ᠃ ᠵᠠᠬ᠎ᠠ ᠳᠡᠯᠭᠡᠭᠦᠷᠴᠢᠯᠡᠬᠦ ᠪᠣᠯ ᠳᠠᠷᠤᠶ ᠨᠥᠬᠦᠴᠡᠯ ᠳᠤ ᠨᠡᠶᠢᠴᠡᠬᠦ ᠲᠥᠷᠥᠯ ᠵᠦᠢᠯ᠂ ᠡᠰᠡᠬᠦᠯ᠎ᠡ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠮᠵᠢᠶ᠎ᠡ ᠠᠪᠴᠤ ᠪᠠᠶᠢᠭᠠᠳ ᠨᠥᠬᠦᠴᠡᠯ ᠢᠶᠠᠨ ᠲᠡᠭᠦᠯᠳᠡᠷᠵᠢᠭᠦᠯᠵᠦ ᠪᠣᠯᠬᠤ ᠲᠥᠷᠥᠯ ᠵᠦᠢᠯ ᠢ ︽ᠴᠠᠭᠠᠨ ᠨᠡᠷᠡᠰ︾ ᠲᠤ ᠣᠷᠣᠭᠤᠯᠤᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠵᠤ ᠲᠤᠰᠢᠶᠠᠨ ᠥᠭᠬᠦ ᠶᠢ ᠠᠬᠢᠭᠤᠯᠬᠤ ᠶᠠᠪᠤᠳᠠᠯ ᠪᠣᠯᠤᠨ᠎ᠠ᠃ ᠬᠠᠤᠯᠢ ᠪᠠᠷ ᠵᠠᠰᠠᠬᠤ ᠪᠣᠯ ᠳᠠᠷᠤᠢ ᠬᠥᠷᠥᠩᠭᠡ ᠥᠷᠢ ᠳᠡᠭᠡᠨ ᠦᠯᠦ ᠬᠦᠷᠬᠦ ᠲᠥᠷᠥᠯ ᠵᠦᠢᠯ ᠢ ᠬᠠᠤᠯᠢ ᠴᠠᠭᠠᠵᠠ ᠪᠠᠷ ᠰᠢᠢᠳᠪᠦᠷᠢᠯᠡᠬᠦ ᠳᠡᠰ ᠳᠠᠷᠠᠭᠠᠯᠠᠯ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠳᠠᠮᠫᠤᠷᠠᠬᠤ ᠶᠣᠰᠣᠲᠠᠢ ᠶᠢ ᠨᠢ ᠳᠠᠮᠫᠤᠷᠠᠭᠤᠯᠵᠤ᠂ ᠲᠠᠬᠢᠨ ᠵᠣᠬᠢᠶᠠᠨ ᠪᠠᠶᠢᠭᠤᠯᠬᠤ ᠶᠢ ᠨᠢ ᠲᠠᠬᠢᠨ ᠵᠣᠬᠢᠶᠠᠨ ᠪᠠᠶᠢᠭᠤᠯᠤᠨ᠎ᠠ᠃ ᠰᠢᠢᠳᠪᠦᠷᠢᠯᠡᠬᠦ ᠳᠤᠮᠳᠠ ᠭᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠡᠨᠡ ᠬᠦ ᠶᠠᠪᠤᠴᠠ ᠳᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠲᠣᠭᠲᠠᠭᠠᠯ ᠠᠴᠠ ᠵᠥᠷᠢᠴᠡᠭᠰᠡᠳ ᠢ ︽ᠠᠷᠭ᠎ᠠ ᠭᠠᠷᠭᠠᠵᠤ ᠪᠡᠶ᠎ᠡ ᠮᠤᠯᠲᠤᠷᠠᠭᠤᠯᠬᠤ︾ ᠦᠭᠡᠢ ᠪᠠᠶᠢᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠮᠡᠬᠡᠯᠡᠨ ᠥᠩᠭᠡᠷᠡᠭᠦᠯᠬᠦ ᠦᠭᠡᠢ᠃

    ᠲᠥᠪ ᠪᠠᠩᠬᠢ᠄ ᠲᠦᠷᠢᠶᠡᠰᠦᠨ ᠣᠷᠣᠨ ᠰᠠᠭᠤᠴᠠ ᠶᠢᠨ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠨᠡᠶᠢᠯᠡᠭᠦᠯᠦᠨ ᠬᠠᠮᠢᠶᠠᠷᠤᠨ᠎ᠠ

    2023 ᠣᠨ ᠳᠤ ᠠᠷᠠᠳ ᠤᠨ ᠪᠠᠩᠬᠢ ᠨᠢ ᠲᠦᠷᠢᠶᠡᠰᠦᠨ ᠣᠷᠣᠨ ᠰᠠᠭᠤᠴᠠ ᠶᠢᠨ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢ ᠪᠠᠶᠢᠭᠤᠯᠵᠤ᠂ ᠵᠢᠨᠠᠨ᠂ ᠵᠧᠩᠵᠧᠦ ᠵᠡᠷᠭᠡ 8 ᠬᠤᠲᠠ ᠶᠢᠨ ᠵᠠᠬ᠎ᠠ ᠳᠡᠯᠭᠡᠭᠦᠷᠴᠢᠯᠡᠭᠰᠡᠨ ᠪᠥᠭᠡᠮ ᠢᠶᠠᠷ ᠬᠤᠳᠠᠯᠳᠤᠨ ᠠᠪᠬᠤ᠂ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠬᠦ ᠶᠢ ᠲᠤᠷᠰᠢᠬᠤ ᠶᠢ ᠳᠡᠮᠵᠢᠪᠡ᠃ ᠵᠢᠯ ᠭᠠᠷᠤᠶ ᠶᠢᠨ ᠲᠤᠷᠰᠢ᠂ ᠲᠤᠷᠰᠢᠯᠲᠠ ᠶᠢᠨ ᠴᠡᠭ ᠨᠢ 8 ᠬᠤᠲᠠ ᠳᠤ ᠡᠮᠬᠢ ᠵᠢᠷᠤᠮ ᠲᠠᠢ ᠶᠠᠪᠤᠭᠳᠠᠵᠤ᠂ ᠬᠤᠳᠠᠯᠳᠤᠭᠠᠨ ᠤ ᠦᠷᠭᠦᠯᠵᠢᠯᠡᠨ ᠲᠦᠷᠢᠶᠡᠰᠦᠯᠡᠬᠦ ᠡᠵᠡᠩᠨᠡᠯᠲᠡ ᠶᠢᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠵᠦ᠂ ᠦᠯᠡᠳᠡᠭᠡᠯ ᠣᠷᠣᠨ ᠰᠠᠭᠤᠴᠠ ᠶᠢ ᠰᠢᠩᠭᠡᠭᠡᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠦᠷᠢᠶᠡᠰᠦᠨ ᠣᠷᠣᠨ ᠰᠠᠭᠤᠴᠠ ᠶᠢᠨ ᠵᠢᠭᠡᠯᠡᠯᠭᠡ ᠶᠢᠨ ᠳᠡᠮᠵᠢᠯᠭᠡ ᠶᠢᠨ ᠲᠥᠯᠥᠪᠯᠡᠭᠡ ᠶᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠳᠠᠬᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠨᠡᠶᠢᠯᠡᠭᠦᠯᠦᠨ ᠬᠠᠮᠢᠶᠠᠷᠴᠤ᠂ ᠪᠥᠬᠦ ᠤᠯᠤᠰ ᠤᠨ ᠬᠡᠪᠴᠢᠶᠡᠨ ᠳᠤ ᠪᠥᠬᠦ ᠲᠠᠯ᠎ᠠ ᠪᠠᠷ ᠳᠡᠯᠭᠡᠷᠡᠭᠦᠯᠦᠨ᠎ᠡ᠃

 

ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ