︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ — ᠪᠦᠬᠦ ᠤᠯᠤᠰ ᠤᠨ ᠠᠩᠬᠠᠳᠠᠭᠴᠢ ᠬᠤᠲᠠ ᠶᠢᠨ ᠲᠡᠰ ᠤᠨ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/5/22

    ᠥᠪᠥᠷ ᠮᠣᠩᠭᠤᠯ ᠤᠨ ᠣᠷᠳᠣᠰ ᠬᠤᠲᠠ ᠶᠢᠨ ᠦᠤᠰᠢᠨ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠬᠠᠮᠲᠤ ᠪᠠᠷ ᠴᠢᠨᠡᠭᠡᠯᠢᠭᠵᠢᠬᠦ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠥᠬᠦ ᠬᠤᠲᠠ ᠶᠢᠨ ᠬᠠᠮᠲᠤ ᠪᠠᠷ ᠴᠢᠨᠡᠭᠡᠯᠢᠭᠵᠢᠬᠦ ᠤᠯᠤᠰ ᠤᠨ ᠥᠯᠢᠭᠡᠷ ᠳᠠᠭᠤᠷᠢᠶᠠᠯ ᠢ ᠪᠦᠲᠦᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠯᠠᠭᠤᠳᠤ ᠪᠠᠯᠭᠠᠰᠤ ᠪᠠᠷ ᠲᠤᠷᠰᠢᠯᠲᠠ ᠶᠢᠨ ᠴᠡᠭ ᠪᠣᠯᠭᠠᠨ ᠬᠠᠶᠢᠨ ᠰᠦᠪᠡᠭᠴᠢᠯᠡᠬᠦ ᠶᠢᠨ ᠳᠠᠭᠠᠤ ᠦᠢᠯᠡᠳᠦᠯᠭᠡᠵᠢᠭᠦᠯᠬᠦ ᠳᠤᠮᠳᠠ ᠭᠠᠵᠠᠷ ᠣᠷᠣᠨ ᠤ ᠣᠨᠴᠠᠯᠢᠭ ᠲᠠᠢ ᠬᠤᠲᠠ ᠬᠥᠳᠡᠭᠡ ᠶᠢᠨ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠨ᠎ᠡ ᠵᠠᠮ ᠢ ᠬᠠᠶᠢᠨ ᠭᠠᠷᠭᠠᠵᠤ᠂ ᠪᠥᠬᠦ ᠬᠤᠲᠠ ᠶᠢᠨ ᠠᠩᠬᠠᠳᠠᠭᠴᠢ ᠪᠠᠯᠭᠠᠰᠤᠨ ᠤ ᠬᠡᠪᠴᠢᠶ᠎ᠡ ᠪᠠᠷ ᠨᠢᠭᠡᠴᠢ ᠪᠣᠯᠭᠠᠭᠰᠠᠨ᠂ ᠬᠥᠳᠡᠭᠡ ᠲᠣᠰᠬᠤᠨ᠂ ᠮᠠᠯᠵᠢᠬᠤ ᠣᠷᠣᠨ᠂ ᠨᠡᠶᠢᠭᠡᠮ ᠲᠣᠭᠤᠷᠢᠭ ᠵᠡᠷᠭᠡ ᠣᠯᠠᠨ ᠠᠬᠤᠢ ᠲᠠᠯᠠᠪᠠᠢ ᠢ ᠪᠠᠭᠲᠠᠭᠠᠭᠰᠠᠨ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠥᠯᠢᠭᠡᠷ ᠳᠠᠭᠤᠷᠢᠶᠠᠯ ᠢ ᠪᠣᠶ ᠪᠣᠯᠭᠠᠪᠠ᠃

    ᠡᠨᠡ ᠵᠢᠯ ᠠᠴᠠ ᠨᠠᠭᠠᠰᠢ᠂ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠠᠷᠢᠮᠵᠢᠶᠠᠵᠢᠭᠰᠠᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠮᠵᠢᠶᠠᠵᠢᠭᠰᠠᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠳᠠᠬᠢ ᠪᠠᠷᠢᠮᠵᠢᠶᠠᠵᠢᠯ ᠢ ᠥᠷᠭᠡᠨ ᠢᠶᠠᠷ ᠬᠡᠷᠡᠭᠯᠡᠬᠦ ᠪᠠ ᠭᠦᠨᠵᠡᠭᠡᠶ ᠠᠭᠤᠰᠤᠯᠴᠠᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠵᠢᠯᠣᠭᠤᠳᠤᠨ ᠬᠠᠮᠵᠢᠯᠴᠠᠵᠤ ᠪᠠᠶᠢᠭᠠᠳ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠵᠣᠯᠭᠠᠭᠤᠯᠵᠤ᠂ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ︽ᠬᠠᠮᠲᠤ ᠪᠠᠷ ᠪᠠᠶᠠᠵᠢᠵᠦ ᠬᠠᠮᠲᠤ ᠪᠠᠷ ᠡᠳ᠋ᠯᠡᠬᠦ ᠰᠢᠶᠠᠩ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠡᠬᠢᠯᠡᠭᠦᠯᠦᠨ ᠨᠠᠶᠢᠷᠠᠭᠤᠯᠤᠨ ᠵᠣᠬᠢᠶᠠᠪᠠ᠃

ᠣᠳᠣᠬᠠᠨ ᠳᠤ᠂ ︽ᠵᠦᠭᠯᠡᠭᠦᠷ︾ ᠢ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 5 ᠳ᠋ᠤᠭᠠᠷ ᠰᠠᠷ᠎ᠠ ᠶᠢᠨ 13 ᠤ ᠡᠳᠦᠷ ᠵᠢᠩᠬᠢᠨᠢ ᠪᠠᠷ ᠨᠡᠶᠢᠲᠡᠯᠡᠭᠰᠡᠨ ᠪᠥᠭᠡᠳ ᠤᠯᠤᠰ ᠤᠨ ᠪᠠᠷᠢᠮᠵᠢᠶᠠᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ 6 ᠳ᠋ᠤᠭᠠᠷ ᠰᠠᠷ᠎ᠠ ᠶᠢᠨ 11 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠪᠣᠯᠤᠨ᠎ᠠ᠃

    ᠣᠶᠢᠯᠠᠭᠠᠭᠰᠠᠨ ᠢᠶᠠᠷ᠂ ︽ᠵᠦᠭᠯᠡᠭᠦᠷ︾ ᠪᠣᠯ ᠪᠥᠬᠦ ᠤᠯᠤᠰ ᠤᠨ ᠠᠩᠬᠠᠳᠠᠭᠴᠢ ᠬᠤᠲᠠ ᠶᠢᠨ ᠱᠠᠲᠤᠨ ᠤ ᠬᠠᠮᠲᠤ ᠪᠠᠷ ᠪᠠᠶᠠᠵᠢᠵᠦ ᠬᠠᠮᠲᠤ ᠪᠠᠷ ᠡᠳ᠋ᠯᠡᠬᠦ ᠣᠷᠣᠨ ᠨᠤᠲᠤᠭ ᠤᠨ ᠪᠠᠷᠢᠮᠵᠢᠶ᠎ᠠ ᠮᠥᠨ᠂ ᠲᠡᠷᠡ ᠨᠢ ᠥᠩᠭᠡᠷᠡᠭᠰᠡᠨ ᠤ ᠮᠡᠷᠭᠡᠵᠢᠯ ᠤᠨ ᠲᠥᠷᠥᠯ ᠤᠨ ᠪᠠᠷᠢᠮᠵᠢᠶ᠎ᠠ ᠲᠠᠢ ᠠᠳᠠᠯᠢ ᠥᠬᠡᠶ᠂ ᠬᠠᠮᠢᠶᠠᠷᠤᠯᠲᠠ ᠶᠢᠨ ᠲᠥᠷᠥᠯ ᠤᠨ ᠪᠠᠷᠢᠮᠵᠢᠶ᠎ᠠ ᠳᠤ ᠬᠠᠷᠢᠶᠠᠯᠠᠭᠳᠠᠨ᠎ᠠ᠂ ᠭᠤᠤᠯᠳᠠᠭᠤ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠶᠢ ᠠᠬᠢᠭᠤᠯᠬᠤ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠶᠠᠪᠤᠴᠠ ᠶᠢᠨ ᠠᠷᠭ᠎ᠠ᠂ ᠡᠬᠢ ᠪᠠᠶᠠᠯᠢᠭ ᠤᠨ ᠬᠤᠪᠢᠶᠠᠷᠢᠯᠠᠯᠲᠠ ᠵᠢᠴᠢ ᠴᠢᠭᠯᠡᠯᠲᠡ᠂ ᠬᠠᠷᠠᠯᠲᠠ᠂ ᠠᠷᠭ᠎ᠠ ᠬᠡᠮᠵᠢᠶ᠎ᠡ᠂ ᠬᠠᠮᠢᠶᠠᠷᠤᠯᠲᠠ ᠶᠢ ᠨᠥᠯᠥᠭᠡᠯᠡᠬᠦ ᠬᠦᠴᠦᠨ ᠵᠦᠢᠯ ᠵᠡᠷᠭᠡ ᠶᠢ ᠲᠣᠭᠲᠠᠭᠠᠬᠤ ᠳᠤ ᠬᠡᠷᠡᠭᠯᠡᠨ᠎ᠡ᠃ ︽ᠵᠦᠭᠯᠡᠭᠦᠷ︾ ᠢ ᠨᠡᠶᠢᠲᠡᠯᠡᠭᠰᠡᠨ ᠠᠴᠠ ︽ᠶᠡᠷᠦᠩᠬᠡᠶ ᠲᠦᠷᠢᠮ + ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠵᠢᠷᠭᠤᠭᠠᠨ ᠶᠡᠭᠡ ᠠᠬᠤᠶ ᠲᠠᠯᠠᠪᠠᠶ + ᠡᠵᠡᠩᠨᠡᠯᠲᠡ ᠶᠢᠨ ᠰᠢᠰᠲ᠋ᠧᠮ ︾ ᠤᠨ ︽1 + 6 +1︾ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠠᠶᠢᠭᠤᠯᠵᠤ᠂ ᠬᠤᠲᠠ ᠬᠥᠳᠡᠭᠡ ᠶᠢᠨ ᠬᠠᠮᠲᠤ ᠪᠠᠷ ᠴᠢᠨᠡᠭᠡᠯᠢᠭᠵᠢᠬᠦ ᠶᠢ ᠵᠢᠯᠣᠭᠤᠳᠬᠤ ᠰᠢᠰᠲ᠋ᠧᠮ ᠤᠨ ᠪᠦᠲᠦᠴᠡ ᠶᠢ ᠪᠠᠶᠢᠭᠤᠯᠵᠤ᠂ ᠣᠷᠳᠣᠰ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠷᠢᠶᠡᠨ ᠳᠠᠬᠢ ᠪᠠᠷᠢᠮᠵᠢᠶᠠᠵᠢᠯ ᠤᠨ ᠦᠷ᠎ᠡ ᠪᠦᠲᠦᠭᠡᠯ ᠢ ᠪᠠᠶᠠᠯᠢᠭᠵᠢᠭᠤᠯᠵᠤ᠂ ᠪᠠᠷᠢᠮᠵᠢᠶᠠᠵᠢᠯ ᠤᠨ ᠳᠦᠷᠢᠮᠵᠢᠭᠦᠯᠬᠦ᠂ ᠬᠥᠲᠥᠯᠥᠨ ᠳᠠᠭᠠᠭᠤᠯᠬᠤ᠂ ᠳᠡᠭᠡᠭᠰᠢᠯᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃

    ︽ᠵᠦᠭᠯᠡᠭᠦᠷ︾ ᠢ ᠨᠡᠶᠢᠲᠡᠯᠡᠭᠰᠡᠨ ᠨᠢ ᠣᠷᠳᠣᠰ ᠬᠤᠲᠠ ᠶᠢᠨ ᠰᠢᠶᠠᠩ ᠪᠠᠯᠭᠠᠰᠤ ᠪᠠᠷ ᠨᠢᠭᠡᠴᠢ ᠪᠣᠯᠭᠠᠨ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠰᠢᠰᠲ᠋ᠧᠮᠵᠢᠭᠦᠯᠵᠦ᠂ ᠴᠢᠨᠠᠷ ᠰᠠᠶᠢᠲᠠᠶ ᠥᠷᠨᠢᠭᠦᠯᠬᠦ ᠳᠤ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠬᠠᠭᠤᠯᠪᠤᠷᠢᠯᠠᠵᠤ ᠪᠣᠯᠬᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ ᠬᠠᠩᠭᠠᠵᠤ᠂ ᠪᠠᠷᠠᠭᠤᠨ ᠬᠤᠶᠢᠲᠤ ᠣᠷᠣᠨ ᠤ ᠠᠳᠠᠯᠢ ᠲᠥᠷᠥᠯ ᠬᠡᠯᠪᠡᠷᠢ ᠶᠢᠨ ᠰᠢᠶᠠᠩ ᠪᠠᠯᠭᠠᠰᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠭᠤᠤᠯ ᠱᠤᠭᠤᠮ ᠤᠨ ᠠᠵᠢᠯ ᠢ ᠲᠤᠭᠤᠰᠢᠯᠠᠭᠤᠯᠬᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠵᠢᠱᠢᠶ᠎ᠡ ᠦᠵᠡᠭᠦᠯᠬᠦ ᠦᠢᠯᠡᠳᠦᠯ ᠪᠠ ᠲᠣᠯᠢᠯᠠᠬᠤ ᠠᠴᠢ ᠬᠤᠯᠪᠣᠭᠳᠠᠯ ᠲᠠᠢ ᠶᠤᠮ᠃

 

ᠢᠷᠡᠯᠲᠡ᠄ ᠣᠷᠳᠣᠰ ᠬᠤᠲᠠ ᠶᠢᠨ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ