ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/24

    ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠲᠠᠷᠬᠠᠭᠠᠭᠰᠠᠨ ﹇2024﹈ 3 ᠳ᠋ᠤᠭᠠᠷ ᠲᠣᠭᠠᠲᠤ︶᠂ ︽ᠵᠠᠰᠠᠭ ᠤᠨ ᠶᠠᠪᠤᠳᠠᠯ ᠤᠨ ᠥᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠡᠷ‌ᠨᠢᠭᠡ ᠠᠵᠢᠯ ᠶᠠᠪᠤᠳᠠᠯ ᠢ  ᠭᠦᠢᠴᠡᠳᠬᠡᠬᠦ﹀ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2024﹈ 15 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ ᠭᠤᠶᠤᠴᠢᠯᠠᠭᠴᠢ ᠶᠢᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠳᠠᠩᠰᠠᠯᠠᠯᠲᠠ ᠶᠢ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ ᠤᠳ ᠰᠦᠯᠵᠢᠶᠡᠨ ᠳᠤ ᠭᠠᠷᠴᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ᠪᠠ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠶᠢᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠥᠭᠡᠷᠡᠴᠢᠯᠡᠯᠲᠡ ᠶᠢ ᠬᠡᠷᠡᠭᠵᠢᠭᠦᠯᠪᠡ᠃

    ᠭᠤᠶᠤᠴᠢᠯᠠᠭᠴᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠲᠤᠰᠬᠠᠶ ᠣᠷᠣᠨ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠶᠡᠭᠡ ᠲᠢᠩᠬᠢᠮ︾ ᠢᠶᠠᠷ ᠳᠠᠮᠵᠢᠭᠤᠯᠤᠨ᠂ ᠠᠵᠤ ᠠᠬᠤᠶᠢᠯᠠᠯ ᠶᠢᠨ ᠬᠤᠪᠢᠷᠠᠭᠤᠯᠬᠤ ᠳᠡᠩᠰᠡᠯᠡᠯᠲᠡ᠂ ᠲᠠᠮᠠᠭ᠎ᠠ ᠰᠡᠶᠢᠯᠦᠨ ᠵᠣᠬᠢᠶᠠᠬᠤ᠂ ᠦᠨᠳᠦᠰᠦᠨ ᠲᠠᠩᠰᠠᠨ ᠡᠷᠦᠬᠡ ᠶᠢ ᠬᠤᠪᠢᠷᠠᠭᠤᠯᠬᠤ ᠪᠠᠷ ᠪᠣᠯᠵᠣᠬᠤ᠂ ᠭᠠᠶᠢᠯᠢ ᠶᠢᠨ ᠡᠵᠡᠮᠳᠡᠯ ᠤᠨ ᠲᠥᠬᠦᠭᠡᠷᠦᠮᠵᠢ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠤᠭᠰᠠᠨ ᠳᠡᠩᠰᠡᠯᠡᠯᠲᠡ ᠵᠡᠷᠭᠡ ᠵᠦᠢᠯᠡᠰ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠬᠤᠪᠢᠷᠠᠭᠤᠯᠬᠤ ᠶᠢ ᠨᠢᠭᠡ ᠯᠡ ᠤᠳᠠᠭ᠎ᠠ ᠳᠤ ᠭᠤᠶᠤᠴᠢᠯᠠᠵᠤ ᠪᠣᠯᠤᠨ᠎ᠠ︔ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ᠂ ᠭᠠᠶᠢᠯᠢ ᠶᠢᠨ ᠶᠠᠪᠤᠳᠠᠯ ᠢ ᠬᠦᠴᠦᠨ ᠥᠬᠡᠶ ᠪᠣᠯᠭᠠᠬᠤ᠂  ᠪᠣᠭᠤᠮᠲᠠ ᠶᠢᠨ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠯ ᠢ ᠬᠦᠴᠦᠨ ᠥᠬᠡᠶ ᠪᠣᠯᠭᠠᠬᠤ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ᠂ ᠪᠠᠩᠬᠢ ᠶᠢᠨ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ ᠪᠠᠷ ᠪᠣᠯᠵᠣᠬᠤ᠂ ᠠᠵᠤ ᠠᠬᠤᠶᠢᠯᠠᠯ ᠤᠨ ᠲᠠᠮᠠᠭ᠎ᠠ ᠪᠠᠨ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ ᠢ ᠨᠢᠭᠡ ᠯᠡ ᠤᠳᠠᠭ᠎ᠠ ᠳᠤ ᠭᠦᠢᠴᠡᠳᠬᠡᠵᠦ ᠪᠣᠯᠣᠨ᠎ᠠ᠃

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠳᠣᠲᠣᠭᠠᠳᠤ ᠶᠢ ᠬᠠᠮᠠᠭᠠᠯᠠᠬᠤ ᠲᠢᠩᠬᠢᠮ

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ

    ᠤᠯᠤᠰ ᠤᠨ ᠭᠠᠶᠢᠯᠢ ᠶᠢᠨ ᠶᠡᠷᠦᠩᠬᠡᠢ ᠲᠣᠪᠴᠢᠶᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠶᠢᠯᠢ ᠶᠢᠨ ᠲᠤᠪᠴᠢᠶ᠎ᠠ

    ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ

    ᠭᠦᠬᠡᠬᠤᠳᠠ ᠪᠤᠭᠤᠮᠳᠠ

    ᠮᠠᠨᠵᠤᠤᠷ ᠪᠣᠭᠤᠮᠲᠠ

                                                2024 ᠣᠨ ᠤ 5 ᠳ᠋ᠤᠭᠠᠷ ᠰᠠᠷ᠎ᠠ ᠶᠢᠨ 24 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠡᠮᠳᠡᠭᠯᠡ᠊