2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/5/24

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠄

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ︽ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠭᠡ ᠰᠤᠭᠤᠴᠢᠨ ᠪᠠᠶᠢᠴᠠᠭᠠᠭᠰᠠᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄

ᠨᠢᠭᠡ᠂ ᠦᠨᠳᠦᠰᠦᠨ ᠪᠠᠶᠢᠳᠠᠯ

    ᠲᠣᠰ ᠤᠳᠠᠭᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠯᠢᠲ᠋ᠢ ᠢᠶᠤᠨ ᠳ᠋ᠢᠶᠠᠨ ᡂᠢ᠂ ᠲᠤᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ ᠵᠡᠷᠭᠡ ᠦᠢᠯᠡᠳᠬᠦᠨ ᠪᠣᠯᠤᠨ᠎ᠠ᠃ ᠨᠡᠶᠢᠲᠡ 70 ᠪᠣᠷᠣᠯᠠᠭᠤᠯᠬᠤ ᠨᠢᠭᠡᠴᠢ ᠶᠢᠨ 80 ᠪᠦᠯᠦᠭ ᠦᠢᠯᠡᠳᠬᠦᠨ ᠢ ᠰᠤᠭᠤᠴᠢᠵᠤ ᠰᠢᠯᠭᠠᠨ ᠪᠠᠶᠢᠴᠠᠭᠠᠵᠤ᠂ ᠬᠢᠷᠢ ᠲᠡᠩᠴᠡᠬᠦ ᠦᠭᠡᠢ ᠦᠢᠯᠡᠳᠬᠦᠨ 11 ᠪᠦᠯᠦᠭ ᠤᠳᠠᠭ᠎ᠠ ᠢᠯᠡᠷᠡᠵᠡᠢ᠂ ᠡᠭᠦᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ 11 ᠪᠦᠯᠦᠭ ᠤᠳᠠᠭ᠎ᠠ᠂ ᠯᠢᠲ᠋ᠢ ᠢᠶᠣᠨ ᠳ᠋ᠢᠶᠠᠨ ᡂᠢ᠂ ᠲᠣᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ ᠲᠤ ᠬᠢᠷᠢ ᠲᠡᠩᠴᠡᠬᠦ ᠦᠭᠡᠢ ᠦᠢᠯᠡᠳᠬᠦᠨ ᠢ ᠣᠯᠵᠤ ᠮᠡᠳᠡᠭᠰᠡᠨ ᠦᠭᠡᠢ᠃

ᠬᠤᠶᠠᠷ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠵᠠᠳᠠᠯᠤᠯᠲᠠ

    ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠃ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ 14 ᠠᠶᠢᠮᠠᠭ ᠬᠤᠲᠠ ᠶᠢᠨ 47 ᠪᠣᠷᠣᠯᠠᠭᠤᠯᠬᠤ ᠨᠢᠭᠡᠴᠢ ᠳᠤ ᠰᠤᠭᠤᠴᠢᠨ ᠪᠠᠶᠢᠴᠠᠭᠠᠯᠲᠠ ᠬᠢᠵᠦ᠂ ᠨᠡᠶᠢᠲᠡ 55 ᠪᠦᠯᠦᠭ ᠦᠢᠯᠡᠳᠬᠦᠨ ᠢ ᠰᠤᠭᠤᠴᠢᠨ ᠪᠠᠶᠢᠴᠠᠭᠠᠵᠤ᠂ 11 ᠪᠦᠯᠦᠭ ᠤᠳᠠᠭ᠎ᠠ ᠶᠢᠨ ᠦᠢᠯᠡᠳᠬᠦᠨ ᠳᠤ ᠬᠢᠷᠢ ᠲᠡᠩᠴᠡᠭᠰᠡᠨ ᠥᠬᠡᠶ ᠪᠠᠶᠢᠬᠤ ᠶᠢ ᠣᠯᠵᠤ ᠮᠡᠳᠡᠵᠦ᠂ ᠨᠢᠭᠡᠨᠲᠡ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠵᠤ ᠰᠢᠢᠳᠪᠦᠷᠢᠯᠡᠭᠦᠯᠪᠡ᠃ ᠲᠡᠮᠳᠡᠭ ᠫᠠᠶᠢᠰᠠ᠂ ᠪᠦᠬᠦᠯᠢ ᠲᠡᠷᠭᠡᠨ ᠤ ᠳ᠋ᠤᠭᠠᠷᠯᠠᠯ᠂ ᠴᠠᠬᠢᠯᠭᠠᠨ ᠬᠥᠳᠡᠯᠭᠡᠭᠦᠷ ᠤᠨ ᠳ᠋ᠤᠭᠠᠷᠯᠠᠯ᠂ ᠴᠠᠬᠢᠯᠭᠠᠨ ᠬᠥᠳᠡᠯᠭᠡᠭᠦᠷ ᠤᠨ ᠳ᠋ᠤᠭᠠᠷᠯᠠᠯ᠂ ᠨᠤᠮᠧᠷᠲᠦ ᠫᠠᠶᠢᠰᠠ ᠶᠢ ᠤᠭᠰᠠᠷᠠᠭᠰᠠᠨ ᠪᠠᠶᠢᠷᠢ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠲᠡᠷᠭᠡᠨ ᠤ ᠬᠤᠷᠳᠤᠴᠠ ᠶᠢᠨ ᠬᠢᠵᠠᠭᠠᠷ ᠲᠤᠭ᠎ᠠ᠂ ᠲᠡᠷᠭᠡᠨ ᠤ ᠬᠤᠷᠳᠤᠴᠠ ᠶᠢᠨ ᠬᠢᠵᠠᠭᠠᠷᠯᠠᠯ ᠢ ᠥᠭᠡᠷᠡᠲᠦᠭᠦᠯᠬᠦ ᠶᠢ ᠰᠡᠷᠭᠡᠶᠢᠯᠡᠬᠦ᠂ ᠲᠣᠷᠮᠣᠰ ᠴᠢᠳᠠᠪᠬᠢ᠂ ᠪᠦᠬᠦᠯᠢ ᠲᠡᠷᠭᠡᠨ ᠤ ᠴᠢᠨᠠᠷ ᠴᠢᠨᠰᠠᠭ᠎ᠠ᠂ ᠭᠢᠰᠬᠢᠵᠦ ᠤᠨᠤᠬᠤ ᠴᠢᠳᠠᠪᠤᠷᠢ᠂ᠬᠡᠮᠵᠢᠶ᠎ᠡ ᠶᠢᠨ ᠬᠢᠵᠠᠭᠠᠷᠯᠠᠯ᠂ ᠭᠢᠰᠬᠢᠵᠦ ᠤᠨᠤᠬᠤ ᠵᠠᠢ ᠵᠠᠪᠰᠠᠷ᠂ ᠳᠣᠪᠣᠶᠢᠭᠰᠠᠨ ᠡᠳ᠋᠂ ᠮᠥᠷᠭᠦᠵᠦ ᠱᠦᠷᠭᠦᠭᠡᠬᠦ ᠶᠢ ᠰᠡᠷᠭᠡᠶᠢᠯᠡᠬᠦ᠂ ᠲᠡᠷᠭᠡᠨ ᠤ ᠬᠤᠷᠳᠤᠴᠠ ᠶᠢᠨ ᠰᠠᠨᠠᠭᠤᠯᠤᠮᠵᠢ᠂ ᠳᠤᠰᠬᠠᠭᠴᠢ᠂ ᠭᠡᠷᠡᠯᠲᠦᠭᠦᠯᠭᠡ ᠪᠠ ᠪᠦᠷᠢᠶ᠎ᠡ ᠶᠢᠨ ᠲᠣᠨᠣᠭᠯᠠᠯ᠂ ᠳᠠᠮᠵᠢᠭᠤᠯᠤᠭᠴᠢ ᠤᠲᠠᠰᠤᠨ ᠤ ᠪᠠᠶᠢᠷᠢᠯᠠᠭᠤᠯᠤᠯ᠂ ᠳᠥᠲᠡᠯᠡᠯ ᠬᠠᠮᠠᠭᠠᠯᠠᠯᠲᠠ᠂ ᠴᠠᠬᠢᠯᠭᠠᠨ ᠬᠤᠷᠢᠶᠠᠭᠤᠷ ᠤᠨ ᠬᠠᠮᠤᠭ ᠤᠨ ᠶᠡᠭᠡ ᠭᠠᠷᠭᠠᠬᠤ ᠴᠠᠬᠢᠯᠭᠠᠨ ᠬᠦᠴᠦᠳᠡᠯ᠂ ᠴᠠᠬᠢᠯᠭᠠᠨ ᠬᠤᠷᠢᠶᠠᠭᠤᠷ ᠢ ᠥᠭᠡᠷᠡᠲᠦᠭᠦᠯᠬᠦ ᠶᠢ ᠰᠡᠷᠭᠡᠶᠢᠯᠡᠬᠦ ᠵᠡᠷᠭᠡ ᠲᠥᠷᠥᠯ ᠵᠦᠢᠯ ᠳᠤ ᠭᠤᠤᠯᠳᠠᠯᠭ᠎ᠠ ᠲᠠᠢ ᠪᠠᠷ ᠰᠢᠯᠭᠠᠨ ᠪᠠᠶᠢᠴᠠᠭᠠᠯᠲᠠ ᠬᠢᠵᠦ᠂ ᠬᠢᠷᠢ ᠲᠡᠩᠴᠡᠬᠦ ᠦᠭᠡᠢ ᠲᠥᠷᠥᠯ ᠵᠦᠢᠯ ᠨᠢ ᠲᠡᠷᠭᠡᠨ ᠤ ᠬᠤᠷᠳᠤᠴᠠ ᠶᠢᠨ ᠬᠢᠵᠠᠭᠠᠷ ᠲᠤᠭ᠎ᠠ᠂ ᠲᠡᠷᠭᠡᠨ ᠤ ᠬᠤᠷᠳᠤᠴᠠ ᠶᠢᠨ ᠬᠢᠵᠠᠭᠠᠷᠯᠠᠯ ᠢ ᠥᠭᠡᠷᠡᠲᠦᠭᠦᠯᠬᠦ ᠶᠢ ᠰᠡᠷᠭᠡᠶᠢᠯᠡᠬᠦ᠂ ᠴᠠᠬᠢᠯᠭᠠᠨ ᠬᠤᠷᠢᠶᠠᠭᠤᠷ ᠢ ᠥᠭᠡᠷᠡᠲᠦᠭᠦᠯᠬᠦ ᠶᠢ ᠰᠡᠷᠭᠡᠶᠢᠯᠡᠬᠦ᠂ ᠣᠶᠢᠷ᠎ᠠ ᠵᠠᠮ ᠤᠨ ᠬᠠᠮᠠᠭᠠᠯᠠᠯᠲᠠ᠂ ᠳᠥᠲᠡᠯᠡᠯ ᠬᠠᠮᠠᠭᠠᠯᠠᠯᠲᠠ᠂ ᠪᠦᠬᠦᠯᠢ ᠲᠡᠷᠭᠡᠨ ᠤ ᠶᠠᠰᠤ ᠴᠢᠨᠠᠷ ᠲᠤ ᠬᠤᠯᠪᠤᠭᠳᠠᠨ᠎ᠠ᠃

ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ

    ᠲᠣᠰ ᠤᠳᠠᠭᠠᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠤᠷᠠᠬᠢ ᠠᠵᠢᠯ ᠢ ᠰᠠᠶᠢᠲᠤᠷ ᠬᠢᠬᠦ ᠬᠡᠷᠡᠭᠲᠡᠶ᠄

    ︵ᠨᠢᠭᠡ︶ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠶᠢ ᠴᠢᠩᠭᠠᠳᠬᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾᠂ ︽ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ᠃ ᠬᠢᠷᠢ ᠲᠡᠩᠴᠡᠬᠦ ᠦᠭᠡᠶ ᠦᠢᠯᠡᠳᠬᠦᠨ ᠳᠤ ᠬᠠᠤᠯᠢ ᠶᠣᠰᠣᠭᠠᠷ ᠪᠠᠶᠢᠴᠠᠭᠠᠨ ᠪᠢᠲᠡᠭᠦᠮᠵᠢᠯᠡᠬᠦ᠂ ᠦᠯᠡᠳᠡᠭᠡᠨ ᠠᠪᠬᠤ ᠵᠡᠷᠭᠡ ᠠᠷᠭ᠎ᠠ ᠬᠡᠮᠵᠢᠶ᠎ᠡ ᠠᠪᠴᠤ᠂ ᠦᠢᠯᠡᠳᠪᠦᠷᠢᠯᠡᠵᠦ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠬᠤᠳᠠᠯ ᠬᠠᠭᠤᠷᠮᠠᠭᠯᠠᠭᠰᠠᠨ ᠢᠶᠠᠷ ᠰᠡᠵᠢᠭᠯᠡᠭᠳᠡᠭᠰᠡᠨ ᠪᠣᠯ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠪᠠᠶᠢᠳᠠᠯ ᠢ ᠯᠠᠪᠯᠠᠨ ᠠᠰᠠᠭᠤᠬᠤ᠂ ᠭᠡᠷ᠎ᠡ ᠶᠢᠨ ᠪᠠᠷᠢᠮᠲᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠨ ᠭᠡᠷᠡᠴᠢ ᠣᠯᠵᠤ᠂ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ ᠬᠢᠷᠢ ᠲᠡᠩᠴᠡᠬᠦ ᠦᠭᠡᠶ ᠦᠢᠯᠡᠳᠬᠦᠨ ᠢ ᠦᠢᠯᠡᠳᠪᠦᠷᠢᠯᠡᠵᠦ ᠪᠣᠷᠣᠯᠠᠭᠤᠯᠤᠭᠰᠠᠨ ᠨᠢᠭᠡᠴᠢ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠰᠢᠮᠳᠠᠭᠤᠯᠤᠨ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠳᠠᠪᠲᠠᠨ ᠪᠠᠶᠢᠴᠠᠭᠠᠬᠤ ᠬᠡᠷᠡᠭᠲᠡᠶ︔ ᠦᠷᠭᠦᠯᠵᠢᠯᠡᠨ ᠬᠤᠶᠠᠷ ᠤᠳᠠᠭ᠎ᠠ ᠰᠤᠭᠤᠴᠠᠨ ᠪᠠᠶᠢᠴᠠᠭᠠᠬᠤ ᠳᠤ ᠬᠢᠷᠢ ᠲᠡᠩᠴᠡᠬᠦ ᠦᠭᠡᠶ ᠦᠢᠯᠡᠳᠪᠦᠷᠢᠯᠡᠯ ᠤᠨ ᠨᠢᠭᠡᠴᠢ ᠶᠢ ᠪᠣᠯᠵᠣᠨ ᠶᠠᠷᠢᠯᠴᠠᠬᠤ ᠬᠡᠷᠡᠭᠲᠡᠶ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠥᠷᠳᠡᠨ ᠰᠢᠮᠳᠠᠭᠤᠯᠤᠨ ᠬᠦᠢᠴᠡᠳᠬᠡᠬᠦ ᠪᠠᠨ ᠴᠢᠩᠭᠠᠷᠠᠭᠤᠯᠵᠤ᠂ ᠪᠠᠶᠢᠳᠠᠯ ᠢ ᠦᠵᠡᠵᠦ ᠪᠠᠶᠢᠭᠠᠳ ᠡᠯ᠎ᠡ ᠭᠠᠵᠠᠷ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠭᠰᠡᠨ ᠪᠠᠶᠢᠳᠠᠯ ᠢ ᠮᠡᠳᠡᠭᠡᠯᠡᠨ᠎ᠡ᠃

    ︵ᠬᠤᠶᠠᠷ︶ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠶᠤᠯ ᠦᠭᠡᠶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠶᠠᠰᠤ ᠴᠢᠨᠠᠷ ᠤᠨ ᠠᠶᠤᠯ ᠦᠭᠡᠶ ᠶᠢᠨ ᠶᠡᠷᠦᠩᠬᠡᠶ ᠬᠢᠨᠠᠭᠴᠢ ᠪᠣᠯᠤᠨ ᠶᠠᠰᠤ ᠴᠢᠨᠠᠷ ᠤᠨ ᠠᠶᠤᠯ ᠦᠭᠡᠶ ᠶᠢᠨ ᠠᠵᠢᠯᠲᠠᠨ ᠢ ᠲᠣᠬᠢᠷᠠᠭᠤᠯᠬᠤ ᠬᠡᠷᠡᠭᠲᠡᠶ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢᠨ ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠯ ᠤᠨ ᠨᠢᠭᠡᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠥᠮᠥᠷᠭᠡ ᠳᠤ ᠣᠷᠣᠭᠤᠯᠵᠤ ᠰᠢᠯᠭᠠᠨ ᠠᠪᠬᠤ᠂ ᠦᠢᠯᠡᠳᠪᠦᠷᠢ ᠠᠴᠠ ᠭᠠᠷᠭᠠᠬᠤ ᠶᠢ ᠰᠢᠯᠭᠠᠨ ᠪᠠᠶᠢᠴᠠᠭᠠᠬᠤ ᠵᠡᠷᠭᠡ ᠮᠡᠳᠡᠭᠡ ᠵᠠᠩᠭᠢ ᠶᠢ ᠲᠡᠮᠳᠡᠭᠯᠡᠭᠰᠡᠨ ᠪᠠᠶᠢᠳᠠᠯ᠂ ᠪᠣᠷᠣᠯᠠᠭᠤᠯᠬᠤ ᠨᠢᠭᠡᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠥᠮᠥᠷᠭᠡ ᠳᠤ ᠣᠷᠣᠭᠤᠯᠵᠤ ᠰᠢᠯᠭᠠᠨ ᠠᠪᠬᠤ ᠵᠡᠷᠭᠡ ᠮᠡᠳᠡᠭᠡ ᠵᠠᠩᠭᠢ ᠶᠢ ᠲᠡᠮᠳᠡᠭᠯᠡᠭᠰᠡᠨ ᠪᠠᠶᠢᠳᠠᠯ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠳᠠᠯᠳᠠ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠶ᠃

    ︵ᠭᠤᠷᠪᠠ︶ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠥᠷᠨᠢᠭᠦᠯᠵᠦ᠂ ᠴᠡᠭᠴᠡᠯᠡᠨ ᠵᠠᠰᠠᠬᠤ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃

 

ᠳᠠᠭᠠᠯᠳᠤᠭᠤᠯᠤᠯ᠄ 2023 ᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠭᠦᠨ ᠤ ᠶᠠᠰᠤ ᠴᠢᠨᠠᠷ ᠢ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠵᠢᠴᠢ ᠦᠢᠯᠡᠳᠪᠦᠷᠢᠯᠡᠵᠦ ᠪᠣᠷᠣᠯᠠᠭᠤᠯᠤᠭᠰᠠᠨ ᠨᠢᠭᠡᠴᠢ ᠶᠢᠨ ᠨᠡᠷᠡᠰ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2024 ᠣᠨ ᠤ 5 ᠳ᠋ᠤᠭᠠᠷ ᠰᠠᠷ᠎ᠠ ᠶᠢᠨ 24 ᠤ ᠡᠳᠦᠷ

 

ᠢᠷᠡᠯᠲᠡ᠄ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ