ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠵᠢᠷᠭᠤᠭᠠᠨ ᠨᠢᠭᠡ︾ ᠶᠢᠨ ᠲᠣᠭᠲᠠᠴᠠ ᠶᠢᠨ ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢ ᠡᠭᠦᠳᠦᠨ ᠪᠠᠶᠢᠭᠤᠯᠪᠠ
ᠨᠡᠶᠢᠲᠡᠯᠡᠭᠰᠡᠨ ᠴᠠᠭ᠄
2024/5/25

    ᠬᠢᠩᠭᠠᠨ ᠠᠶᠢᠮᠠᠭ ᠤᠨ ᠨᠠᠷᠠᠲᠤ ᠰᠢᠯᠢᠳᠡᠭ ᠣᠨᠴᠠ ᠲᠠᠷᠢᠶᠠᠯᠠᠩ ᠤᠨ ᠦᠢᠯᠡᠳᠬᠦᠨ ᠪᠠ ᠲᠠᠷᠢᠶᠠᠯᠠᠩ ᠲᠠᠷᠢᠶᠠᠯᠠᠬᠤ ᠣᠷᠣᠨ ᠤ ᠪᠠᠭ᠋ᠠᠳᠤᠯ ᠢ ᠨᠠᠩ ᠰᠠᠶᠢᠲᠤᠷ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠣᠯᠭ᠎ᠠ ᠳᠣᠤᠷ᠎ᠠ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠴᠠᠷᠠᠰᠤᠨ ᠪᠠᠯᠭᠠᠰᠤᠨ ᠳᠤ ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢ ᠡᠭᠦᠳᠦᠨ ᠪᠠᠶᠢᠭᠤᠯᠵᠤ᠂ ᠨᠠᠷᠠᠲᠤ ᠲᠡᠮᠳᠡᠭᠲᠦ ᠶᠢᠨ ᠦᠵᠡᠭᠦᠯᠦᠯᠭᠡ ᠪᠠ ᠰᠣᠶᠣᠯ ᠤᠨ ᠤᠯᠠᠮᠵᠢᠯᠠᠯ ᠢ ᠨᠢᠭᠡ ᠴᠣᠭᠴᠠᠵᠢᠭᠤᠯᠤᠨ᠂ ︽ᠵᠢᠷᠭᠤᠭᠠᠨ ᠨᠢᠭᠡ︾ ᠶᠢᠨ ᠡᠭᠦᠳᠦᠨ ᠪᠠᠶᠢᠭᠤᠯᠬᠤ ᠲᠣᠭᠲᠠᠴᠠ ᠪᠠᠷ ᠳᠠᠮᠵᠢᠭᠤᠯᠤᠨ᠂ ᠪᠣᠳᠠᠲᠤ ᠴᠣᠭᠴᠠ ᠪᠠᠷ ᠳᠡᠯᠭᠡᠨ ᠦᠵᠡᠭᠦᠯᠬᠦ ᠪᠠ ᠰᠦᠯᠵᠢᠶᠡᠨ ᠳᠡᠭᠡᠷ᠎ᠡ ᠤᠯᠠᠮᠵᠢᠯᠠᠨ ᠳᠡᠯᠭᠡᠷᠡᠭᠦᠯᠬᠦ ᠶᠢ ᠤᠶᠠᠯᠳᠤᠭᠤᠯᠵᠤ᠂ ᠪᠥᠬᠦ ᠠᠶᠢᠮᠠᠭ ᠤᠨ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠦᠢᠯᠡᠳᠬᠦᠨ ᠤ ᠥᠪᠡᠷᠮᠢᠴᠡ ᠷᠢᠳᠢ ᠰᠢᠳᠢ᠂ ᠰᠣᠶᠣᠯ ᠤᠨ ᠠᠭᠤᠯᠤᠭᠳᠠᠬᠤᠨ ᠵᠢᠴᠢ ᠠᠵᠤ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠭᠠᠵᠠᠷ ᠵᠦᠶ ᠶᠢᠨ ᠲᠡᠮᠳᠡᠭ ᠤᠨ ᠨᠠᠷᠠᠲᠤ ᠲᠡᠮᠳᠡᠭᠲᠦ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃

    ᠨᠢᠭᠡ ᠳᠡᠯᠭᠡᠨ ᠦᠵᠡᠭᠦᠯᠬᠦ ᠲᠢᠩᠬᠢᠮ ᠢᠶᠠᠷ ᠴᠣᠩᠬᠤᠪᠴᠢ ᠪᠣᠯᠭᠠᠪᠠ᠃ ᠭᠤᠣᠯ ᠪᠠᠷᠢᠯᠭ᠎ᠠ ᠶᠢᠨ ᠲᠠᠯᠠᠪᠠᠢ ᠨᠢ 1800 ᠲᠡᠭᠰᠢ ᠳᠥᠷᠪᠡᠯᠵᠢᠨ ᠮᠧᠲᠷ ᠲᠤ ᠬᠦᠷᠴᠦ᠂ ᠭᠠᠵᠠᠷ ᠤᠨ ᠵᠦᠢ ᠶᠢᠨ ᠲᠡᠮᠳᠡᠭ ᠤᠨ ᠦᠵᠡᠭᠦᠯᠭᠡ ᠶᠢᠨ ᠲᠣᠭᠤᠷᠢᠭ᠂ ᠰᠢᠭᠤᠳ ᠨᠡᠪᠲᠡᠷᠡᠭᠦᠯᠭᠡ ᠢᠶᠠᠷ ᠲᠠᠨᠢᠯᠴᠠᠭᠤᠯᠬᠤ ᠲᠣᠭᠤᠷᠢᠭ ᠪᠠ ᠪᠡᠶᠡᠴᠢᠯᠡᠨ ᠣᠶᠢᠯᠠᠭᠠᠬᠤ ᠲᠥᠪ ᠵᠡᠷᠭᠡ ᠬᠡᠳᠦᠨ ᠬᠡᠰᠡᠭ ᠢᠶᠠᠷ ᠪᠦᠷᠢᠯᠳᠦᠵᠡᠶ᠃ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠨᠢᠭᠡ ᠴᠤᠭᠴᠠᠵᠢᠭᠤᠯᠤᠨ ᠡᠵᠡᠩᠨᠡᠬᠦ ᠵᠠᠭᠪᠤᠷ ᠢ ᠬᠡᠷᠡᠭᠯᠡᠨ᠂ ᠬᠢᠩᠭᠠᠨ ᠠᠶᠢᠮᠠᠭ ᠤᠨ 14 ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠳᠡᠯᠭᠡᠨ ᠦᠵᠡᠭᠦᠯᠵᠦ᠂ ᠬᠡᠷᠡᠭᠯᠡᠭᠴᠢᠳ ᠲᠤ ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠰᠢᠭᠤᠳ ᠣᠶᠢᠯᠠᠭᠠᠭᠤᠯᠵᠤ᠂ ᠦᠢᠯᠡᠳᠬᠦᠨ ᠤ ᠮᠡᠳᠡᠷᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃

    ︽5.19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠠᠵᠢᠯᠯᠠᠭ᠎ᠠ ᠪᠠᠷ ᠲᠤᠯᠭᠠᠭᠤᠷᠢ ᠪᠣᠯᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠤᠯ ᠬᠤᠷᠠᠯ ᠤᠨ ᠲᠠᠯᠠᠪᠠᠶ — ᠴᠠᠷᠠᠰᠤᠨ ᠪᠠᠯᠭᠠᠰᠤᠨ ᠤ ᠠᠨᠳᠠ ᠠᠭᠤᠳᠠᠮ ᠲᠠᠯᠠᠪᠠᠶ ᠳᠤ᠂ ᠪᠥᠬᠦ ᠠᠶᠢᠮᠠᠭ ᠤᠨ 14 ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠶᠢᠨ ᠬᠠᠮᠲᠤ ᠭᠠᠵᠠᠷ ᠵᠦᠢ ᠶᠢᠨ ᠲᠡᠮᠳᠡᠭᠲᠦ ᠦᠢᠯᠡᠳᠬᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠰᠬᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 10 ᠲᠦᠮᠡᠨ ᠵᠤᠭᠠᠴᠠᠭᠰᠠᠳ ᠢ ᠲᠠᠲᠠᠵᠤ᠂ ᠭᠠᠵᠠᠷ ᠵᠦᠶ ᠶᠢᠨ ᠲᠡᠮᠳᠡᠭᠲᠦ ᠦᠢᠯᠡᠳᠬᠦᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃

    ᠨᠢᠭᠡ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠠᠴᠢᠶᠠᠯᠠᠪᠤᠷᠢ ᠪᠣᠯᠭᠠᠪᠠ᠃ ᠳᠤᠮᠳᠠᠳᠤ ᠤᠯᠤᠰ ᠤᠨ ᠤᠯᠠᠮᠵᠢᠯᠠᠬᠤ ᠵᠠᠭᠤᠴᠢ ᠶᠢᠨ ᠶᠡᠭᠡ ᠰᠤᠷᠭᠠᠭᠤᠯᠢ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠠᠵᠠᠷ ᠵᠦᠢ ᠶᠢᠨ ᠲᠡᠮᠳᠡᠭᠲᠦ ᠦᠢᠯᠡᠳᠬᠦᠨ ᠢ ᠰᠦᠯᠵᠢᠶᠡᠨ ᠳᠡᠭᠡᠷ᠎ᠡ ᠤᠬᠠᠭᠤᠯᠤᠨ ᠪᠣᠷᠣᠯᠠᠭᠤᠯᠵᠤ᠂ ︽ᠬᠢᠩᠭᠠᠨ ᠤ ᠰᠢᠯᠢᠳᠡᠭ ᠦᠢᠯᠡᠳᠬᠦᠨ ᠢ ᠤᠯᠠᠮᠵᠢᠯᠠᠨ ᠲᠠᠷᠬᠠᠭᠠᠬᠤ ︾ ᠡᠯᠧᠺᠲᠷᠣᠨ ᠬᠤᠳᠠᠯᠳᠤᠭᠠᠨ ᠤ ᠬᠤᠲᠠ ᠳᠤ᠂ ᠬᠢᠩᠭᠠᠨ ᠠᠶᠢᠮᠠᠭ ᠤᠨ ᠲᠤᠲᠤᠷᠭ᠎ᠠ᠂ ᠨᠡᠲᠦᠭᠡᠷ ᠤᠨ ᠹᠧᠨᠲ᠋ᠢᠶᠤᠤᠷ ᠵᠡᠷᠭᠡ ᠣᠯᠠᠨ ᠵᠦᠢᠯ ᠤᠨ ᠭᠠᠵᠠᠷ ᠵᠦᠢ ᠶᠢᠨ ᠲᠡᠮᠳᠡᠭᠲᠦ ᠦᠢᠯᠡᠳᠬᠦᠨ ᠳᠤ ︽ᠪᠢᠴᠢᠬᠠᠨ ᠰᠢᠷ᠎ᠠ ᠲᠡᠷᠭᠡ︾ ᠡᠯᠭᠦᠵᠦ᠂ ᠨᠢᠭᠡᠨᠲᠡ 10 ᠤᠳᠠᠭ᠎ᠠ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ᠂ ᠨᠡᠶᠢᠲᠡ 25 ᠲᠦᠮᠡᠨ ᠬᠥᠮᠦᠨ ᠤᠳᠠᠭ᠎ᠠ ᠦᠵᠡᠵᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ 30 ᠲᠦᠮᠡᠨ ᠲᠥᠭᠦᠷᠢᠭ ᠢ ᠳᠠᠪᠠᠪᠠ᠃ ᠪᠦᠬᠦ ᠠᠶᠢᠮᠠᠭ ᠤᠨ 1060 ᠭᠠᠷᠤᠶ ᠮᠠᠯᠴᠢᠨ ᠲᠠᠷᠢᠶᠠᠴᠢᠨ ᠤ ᠡᠷᠦᠬᠡ ᠪᠦᠷᠢ ᠶᠢᠨ ᠣᠷᠣᠯᠭ᠎ᠠ ᠶᠢ 1600 ᠲᠥᠭᠦᠷᠢᠭ ᠨᠡᠮᠡᠭᠳᠡᠭᠦᠯᠪᠡ᠃ ᠪᠠᠰᠠ ᠲᠥᠷᠥᠯ ᠲᠡᠮᠳᠡᠭᠲᠦ ᠶᠢᠨ ᠳᠦᠷᠢ ᠲᠥᠷᠬᠦ᠂ ᠨᠠᠷᠠᠲᠤ ᠬᠥᠮᠦᠰ᠂ ᠣᠷᠣᠢ ᠤᠷᠤᠰᠬᠠᠯ ᠤᠨ ᠰᠦᠯᠵᠢᠶᠡᠨ ᠤ ᠤᠯᠠᠭᠠᠨ ᠪᠤᠤᠬᠢᠶ᠎ᠠ VCR᠂ ᠸᠢᠳᠢᠣ᠋ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠩᠭᠠᠨ ᠠᠶᠢᠮᠠᠭ ᠤᠨ ᠭᠠᠵᠠᠷ ᠵᠦᠢ ᠶᠢᠨ ᠲᠡᠮᠳᠡᠭᠲᠦ ᠦᠢᠯᠡᠳᠬᠦᠨ᠂ ᠤᠨᠴᠠᠯᠢᠬᠳᠤ ᠰᠣᠶᠣᠯ ᠢ 1000 ᠭᠠᠷᠤᠶ ᠲᠠᠯᠠᠪᠠᠶ ᠲᠠᠨᠢᠯᠴᠠᠭᠤᠯᠪᠠ᠃ ᠡᠳᠡᠭᠡᠷ ᠠᠵᠢᠯᠯᠠᠭ᠎ᠠ ᠶᠢ ᠥᠷᠨᠢᠭᠦᠯᠦᠭᠰᠡᠨ ᠨᠢ ᠡᠯ᠎ᠡ ᠲᠥᠷᠥᠯ ᠤᠨ ᠡᠬᠡ ᠪᠢᠴᠢᠭ ᠤᠨ ᠤᠩᠰᠢᠯᠭ᠎ᠠ ᠶᠢᠨ ᠬᠡᠮᠵᠢᠶ᠎ᠡ ᠶᠢ 9900 ᠲᠦᠮᠡ ᠳᠤ ᠬᠦᠷᠭᠡᠵᠦ᠂ ᠰᠦᠯᠵᠢᠶᠡᠨ ᠤ ᠬᠠᠶᠢᠯᠲᠠ ᠶᠢᠨ ᠵᠠᠩᠭᠢᠯᠠᠭ᠎ᠠ ᠶᠢᠨ ᠦᠭᠡ ᠶᠢᠨ ᠮᠡᠳᠡᠭᠡ ᠵᠠᠩᠭᠢ ᠶᠢ 6.22 ᠳ᠋ᠦᠩᠰᠢᠭᠤᠷ ᠵᠤᠷᠪᠤᠰ ᠪᠣᠯᠭᠠᠪᠠ᠃ ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠪᠥᠬᠦ ᠤᠯᠤᠰ ᠲᠤ ᠳᠡᠯᠭᠡᠷᠡᠭᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃

    ᠨᠢᠭᠡ ᠳᠡᠯᠭᠡᠨ ᠨᠡᠪᠲᠡᠷᠡᠭᠦᠯᠬᠦ ᠲᠠᠪᠴᠠᠩ ᠢᠶᠠᠷ ᠵᠠᠭᠤᠴᠢ ᠪᠣᠯᠭᠠᠪᠠ᠃ ᠳᠡᠯᠭᠡᠨ ᠦᠵᠡᠭᠦᠯᠬᠦ ᠲᠢᠩᠬᠢᠮ ᠳᠤ᠂ 20 ᠲᠡᠭᠰᠢ ᠳᠥᠷᠪᠡᠯᠵᠢᠨ ᠮᠧᠲᠷ ᠤᠨ ᠭᠤᠤᠯ ᠨᠡᠪᠲᠡᠷᠡᠭᠦᠯᠦᠭᠴᠢ ᠲᠣᠮᠣ ᠳᠡᠯᠭᠡᠴᠡ᠂ 20 ᠵᠢᠵᠢᠭ ᠳᠡᠯᠭᠡᠴᠡ ᠲᠠᠢ᠂ ︽ᠬᠢᠩᠭᠠᠨ ᠠᠶᠢᠮᠠᠭ ᠤᠨ ᠲᠤᠲᠤᠷᠭ᠎ᠠ︾᠂ ︽ᠨᠡᠲᠦᠭᠡᠷ ᠤᠨ ᠹᠧᠨᠲ᠋ᠢᠶᠣᠤᠷ︾᠂ ︽ᠪᠠᠳᠠᠷᠠᠩᠭᠤᠶ ᠲᠤᠲᠤᠷᠭ᠎ᠠ︾ ᠵᠡᠷᠭᠡ ᠭᠠᠵᠠᠷ ᠵᠦᠢ ᠶᠢᠨ ᠲᠡᠮᠳᠡᠭᠲᠦ ᠦᠢᠯᠡᠳᠬᠦᠨ ᠤ ᠣᠬᠤᠷ ᠸᠢᠳᠢᠣ᠋ ᠤᠬᠠᠭᠤᠯᠭ᠎ᠠ ᠶᠢᠨ ᠹᠢᠯᠢᠮ ᠢ ᠡᠷᠭᠢᠯᠳᠦᠭᠦᠯᠦᠨ ᠨᠡᠪᠲᠡᠷᠡᠭᠦᠯᠵᠦ᠂ ᠣᠯᠠᠨ ᠨᠡᠶᠢᠲᠡ ᠶᠢᠨ ᠭᠠᠵᠠᠷ ᠵᠦᠶ ᠶᠢᠨ ᠲᠡᠮᠳᠡᠭ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠦᠢᠯᠡᠳᠬᠦᠨ ᠤ ᠦᠢᠯᠡᠳᠪᠦᠷᠢᠯᠡᠯ ᠪᠠ ᠬᠡᠷᠡᠭᠯᠡᠭᠡ ᠶᠢ ᠠᠬᠢᠭᠤᠯᠪᠠ᠃

    ᠲᠤᠲᠤᠷᠭ᠎ᠠ ᠪᠠᠷ ᠪᠡᠶᠡᠴᠢᠯᠡᠨ ᠣᠶᠢᠯᠠᠭᠠᠬᠤ ᠲᠥᠪ ᠤᠨ ᠪᠤᠳᠠᠲᠤ ᠴᠣᠭᠴᠠ ᠪᠣᠯᠭᠠᠪᠠ᠃ ᠴᠠᠷᠠᠰᠤᠨ ᠪᠠᠯᠭᠠᠰᠤᠨ ᠳᠤ ᠪᠠᠶᠢᠭ᠎ᠠ ᠬᠢᠩᠭᠠᠨ ᠠᠶᠢᠮᠠᠭ ᠤᠨ ᠵᠢᠶᠠ ᠾᠧ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠭᠠᠵᠠᠷ ᠵᠦᠢ ᠶᠢᠨ ᠲᠡᠮᠳᠡᠭ ᠤᠨ ᠭᠡᠷᠡᠴᠢᠯᠡᠭᠡ ᠠᠴᠠ ᠡᠷᠬᠡ ᠣᠯᠭᠤᠭᠰᠠᠨ ᠠᠵᠤ ᠠᠬᠤᠶᠢᠯᠠᠯ ᠤᠨ ᠨᠢᠭᠡ ᠪᠣᠯᠤᠭᠰᠠᠨ ᠤ ᠬᠤᠪᠢ ᠳᠤ᠂ ᠥᠨᠳᠥᠷ ᠠᠮᠲᠠ ᠶᠢᠨ ᠬᠡᠮᠵᠢᠭᠳᠡᠯ ᠲᠠᠢ ᠳᠤᠲᠤᠷᠭ᠎ᠠ ᠪᠠᠷ ᠭᠠᠵᠠᠷ ᠵᠦᠢ ᠶᠢᠨ ᠲᠡᠮᠳᠡᠭ ᠨᠥᠯᠥᠭᠡᠯᠡᠯ ᠢ ᠢᠳᠡᠪᠬᠢᠵᠢᠭᠦᠯᠵᠦ᠂ ᠶᠡᠷᠦᠩᠬᠡᠢ ᠲᠠᠯᠠᠪᠠᠢ ᠨᠢ 680 ᠮᠥ᠂ ᠤᠰᠤᠨ ᠲᠤᠲᠤᠷᠭ᠎ᠠ ᠳᠠᠷᠢᠬᠤ᠂ ᠡᠳ᠋ᠰᠢᠭᠦᠯᠬᠦ᠂ ᠶᠠᠰᠤ ᠴᠢᠨᠠᠷ ᠢ ᠡᠵᠡᠮᠳᠡᠬᠦ᠂ ᠰᠣᠶᠣᠯ ᠵᠢᠭᠤᠯᠴᠢᠯᠠᠯ᠂ ᠰᠡᠯᠡᠭᠦᠴᠡᠯ ᠵᠡᠷᠭᠡ 5 ᠶᠡᠭᠡ ᠠᠵᠤ ᠦᠢᠯᠡᠰ ᠢ ᠬᠠᠮᠤᠷᠤᠭᠰᠠᠨ ᠪᠠᠶᠢᠷᠢᠰᠢᠭᠤᠯᠤᠯᠲᠠ ᠪᠠᠷ ᠳᠠᠮᠵᠢᠭᠤᠯᠤᠨ᠂ ᠥᠨᠳᠥᠷ ᠡᠬᠢᠯᠡᠯᠲᠡ ᠲᠠᠢ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠤᠰᠤᠨ ᠲᠤᠲᠤᠷᠭ᠎ᠠ ᠶᠢᠨ ᠰᠣᠶᠣᠯ ᠤᠨ ᠠᠵᠤ ᠦᠢᠯᠡᠰ ᠤᠨ ᠠᠮᠢ ᠠᠬᠤᠶ ᠶᠢ ᠪᠠᠶᠢᠭᠤᠯᠵᠤ᠂ ᠬᠡᠷᠡᠭᠯᠡᠭᠴᠢᠳ ᠬᠢᠩᠭᠠᠨ ᠠᠶᠢᠮᠠᠭ ᠤᠨ ᠲᠤᠲᠤᠷᠭ᠎ᠠ ᠶᠢ ᠢᠳᠡᠵᠦ ᠦᠵᠡᠰᠬᠦᠯᠡᠩᠲᠦ ᠰᠠᠶᠢᠬᠠᠨ ᠭᠠᠵᠠᠷ ᠢᠶᠠᠷ ᠨᠢ ᠵᠢᠭᠤᠯᠴᠢᠯᠠᠬᠤ ᠠᠮᠢ ᠠᠬᠤᠶ ᠶᠢᠨ ᠪᠢᠲᠡᠭᠦᠦ ᠴᠠᠭᠠᠷᠢᠭ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠂ ᠨᠢᠭᠡ ᠭᠠᠵᠠᠷ ᠵᠦᠢ ᠶᠢᠨ ᠲᠡᠮᠳᠡᠭ ᠢ ᠠᠮᠢᠯᠠᠭᠤᠯᠵᠤ᠂ ᠨᠢᠭᠡ ᠠᠵᠤ ᠦᠢᠯᠡᠰ ᠢ ᠳᠠᠶᠢᠴᠢᠯᠠᠨ᠂ ᠨᠢᠭᠡ ᠠᠵᠤ ᠦᠢᠯᠡᠰ ᠢ ᠳᠠᠶᠢᠴᠢᠯᠠᠵᠤ᠂ ᠨᠢᠭᠡ ᠮᠥᠬᠦᠯᠢᠭ ᠠᠮᠤ ᠪᠤᠳᠠᠭ᠎ᠠ ᠪᠠᠷ ︽ᠨᠢᠭᠡᠳᠦᠭᠡᠷ ᠠᠵᠤ ᠵᠦᠢᠯᠡᠰ ᠢ ᠵᠠᠯᠭᠠᠪᠠᠷ ᠬᠥᠭᠵᠢᠭᠦᠯᠵᠦ᠂ ᠬᠤᠶᠠᠳᠤᠭᠠᠷ ᠠᠵᠤ ᠦᠢᠯᠡᠰ ᠤᠨ ᠨᠢᠭᠡ ᠶᠢ ᠬᠦᠴᠦᠷᠬᠡᠭᠵᠢᠭᠦᠯᠵᠦ ᠭᠤᠷᠪᠠ ᠶᠢ ᠠᠮᠢᠯᠠᠭᠤᠯᠵᠤ᠂ ᠭᠤᠷᠪᠠᠳᠤᠭᠠᠷ ᠠᠵᠤ ᠦᠢᠯᠡᠰ ᠤᠨ ᠬᠤᠶᠠᠷ ᠢ ᠠᠬᠢᠭᠤᠯᠵᠤ ᠨᠢᠭᠡ ᠶᠢ ᠳᠠᠭᠠᠭᠤᠯᠬᠤ︾ ᠬᠥᠭᠵᠢᠯᠲᠡ ᠶᠢᠨ ᠪᠠᠶᠢᠷᠢᠰᠢᠯ ᠢ ᠪᠡᠶᠡᠯᠡᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃

    ︽ᠡᠮᠦᠨᠡᠲᠦ ᠬᠤᠰᠢᠭᠤᠨ ᠤ ᠠᠮᠲᠠ︾ ᠪᠠᠷ ᠬᠥᠳᠡᠯᠭᠡᠭᠦᠷ ᠪᠣᠯᠭᠠᠪᠠ᠃ ᠳᠤᠮᠳᠠᠳᠤ ᠤᠯᠤᠰ ᠤᠨ ᠤᠯᠠᠮᠵᠢᠯᠠᠬᠤ ᠵᠠᠭᠤᠴᠢ ᠶᠢᠨ ᠶᠡᠭᠡ ᠰᠤᠷᠭᠠᠭᠤᠯᠢ ᠶᠢᠨ ᠪᠸᠢ ᠶᠤᠸᠠᠨ ᠬᠤᠭᠤᠯᠠᠨ ᠭᠡᠷ ᠫᠠᠶᠢᠰᠠ ᠡᠯᠭᠦᠨ ︽ᠡᠮᠦᠨᠡᠲᠦ ᠬᠤᠰᠢᠭᠤᠨ ᠤ ᠦᠨᠦᠷ ᠠᠮᠲᠠ︾ ᠶᠢᠨ ᠣᠨᠴᠠᠯᠢᠭᠲᠤ ᠠᠮᠠᠰᠠᠷ ᠢ ᠪᠠᠶᠢᠭᠤᠯᠵᠤ᠂ ᠣᠨᠴᠠᠯᠢᠭᠲᠤ ᠠᠮᠲᠠᠲᠤ ᠢᠳᠡᠭᠡᠨ᠂ ᠲᠠᠷᠢᠶᠠᠯᠠᠩ ᠤᠨ ᠦᠢᠯᠡᠳᠬᠦᠨ ᠵᠢᠴᠢ ᠲᠠᠯ᠎ᠠ ᠨᠤᠲᠤᠭ ᠤᠨ ᠰᠣᠶᠣᠯ ᠢ ᠳᠡᠯᠭᠡᠨ ᠦᠵᠡᠭᠦᠯᠵᠦ ᠳᠡᠯᠭᠡᠷᠡᠭᠦᠯᠬᠦ ᠲᠠᠪᠴᠠᠩ ᠢ ᠪᠠᠶᠢᠭᠤᠯᠵᠤ᠂ ᠬᠤᠭᠤᠯᠠᠨ ᠤ ᠴᠠᠭ ᠪᠣᠯᠬᠤ ᠪᠦᠷᠢ ᠬᠥᠮᠥᠰ ᠤᠳ ᠮᠥᠷᠯᠡᠵᠦ᠂ 40 ᠵᠦᠢᠯ ᠤᠨ ᠠᠮᠲᠠᠲᠤ ᠢᠳᠡᠭᠡᠨ᠂ ᠭᠠᠵᠠᠷ ᠵᠦᠢ ᠶᠢᠨ ᠲᠡᠮᠳᠡᠭᠲᠦ ᠦᠢᠯᠡᠳᠬᠦᠨ ᠨᠢ ᠰᠤᠷᠭᠠᠭᠤᠯᠢ ᠶᠢᠨ ᠬᠦᠷᠢᠶᠡᠨ ᠳᠤ ᠬᠦᠷᠢᠶᠡᠯᠡᠯ ᠢ ᠣᠯᠵᠤ᠂ ᠳᠤᠮᠳᠠᠳᠤ ᠤᠯᠤᠰ ᠤᠨ ᠤᠯᠠᠮᠵᠢᠯᠠᠬᠤ ᠵᠠᠭᠤᠴᠢ ᠶᠢᠨ ᠶᠡᠭᠡ ᠰᠤᠷᠭᠠᠭᠤᠯᠢ ᠠᠴᠠ 44 ᠺᠢᠯᠣᠮᠧᠲᠷ ᠵᠠᠶᠢᠲᠠᠢ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠢᠭᠡᠨ ᠦᠢᠯᠡᠳᠪᠦᠷᠢ ᠶᠢᠨ ᠲᠠᠰᠤᠭ ᠲᠤ 700 ᠲᠡᠭᠰᠢ ᠳᠥᠷᠪᠡᠯᠵᠢᠨ ᠮᠧᠲᠷ ᠤᠨ ᠦᠢᠯᠡᠳᠬᠦᠨ ᠤ ᠡᠷᠭᠢᠯᠲᠡ ᠶᠢᠨ ᠬᠥᠮᠥᠷᠭᠡ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠠᠯᠴᠢᠳ ᠤᠨ ᠦᠢᠯᠡᠳᠬᠦᠨ ᠢ ᠳᠡᠭᠡᠳᠦ ᠰᠤᠷᠭᠠᠭᠤᠯᠢ ᠶᠢᠨ ᠬᠤᠭᠤᠯᠠᠨ ᠭᠡᠷ ᠲᠤ ᠬᠠᠩᠭᠠᠪᠠ᠃

    ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠦᠢᠯᠡᠳᠬᠦᠨ ᠪᠣᠯ ᠲᠠᠷᠢᠶᠠᠯᠠᠩ ᠤᠨ ᠦᠢᠯᠡᠳᠬᠦᠨ ᠤ ᠵᠠᠬ᠎ᠠ ᠳᠡᠯᠭᠡᠭᠦᠷ ᠢ ᠨᠡᠭᠡᠭᠡᠬᠦ ︽ᠠᠯᠲᠠᠨ ᠦᠰᠦᠭᠲᠦ ᠫᠠᠶᠢᠰᠠ︾ ᠮᠥᠨ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠳᠥᠯᠭᠢᠨ ᠠᠬᠢᠭᠤᠯᠬᠤ ᠶᠢᠨ ᠬᠤᠷᠢᠶᠠᠩᠭᠤᠶ ᠳᠦᠷᠰᠦ ᠮᠥᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠣᠰ ᠤᠳᠠᠭᠠᠨ ᠤ ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠭᠠᠵᠠᠷ ᠵᠦᠶ ᠶᠢᠨ ᠲᠡᠮᠳᠡᠭ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠰᠢᠯᠢᠳᠡᠭᠵᠢᠭᠦᠯᠦᠨ᠂ ᠭᠠᠵᠠᠷ ᠵᠦᠢ ᠶᠢᠨ ᠲᠡᠮᠳᠡᠭ ᠤᠨ ᠲᠠᠲᠠᠬᠤ ᠬᠦᠴᠦᠨ ᠢ ᠨᠠᠷᠢᠯᠢᠭᠵᠢᠭᠤᠯᠵᠤ᠂ ᠵᠢᠵᠢᠭ ᠲᠠᠷᠢᠶᠠᠴᠢᠨ ᠡᠷᠦᠬᠡ ᠶᠢ ᠳᠠᠶᠢᠴᠢᠯᠠᠨ ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠦᠢᠯᠡᠳᠬᠦᠨ ᠤ ᠬᠥᠭᠵᠢᠯᠲᠡ ᠬᠤᠪᠢᠰᠤᠯᠲᠠ ᠶᠢ ᠨᠠᠩ ᠰᠠᠶᠢᠲᠤᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃

 

ᠢᠷᠡᠯᠲᠡ᠄ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ