ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/5/28

    ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠭᠠᠬᠤ ᠶᠢᠨ ᠲᠤᠰᠠᠳᠠ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠢᠳᠠᠪᠤᠷᠢᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠪᠠ᠃

    ᠨᠢᠭᠡ ᠳᠤ ᠢᠲᠡᠭᠡᠮᠵᠢ ᠶᠢᠨ ᠬᠡᠷᠡᠭᠯᠡᠯᠲᠡ ᠶᠢ ᠥᠷᠭᠡᠳᠬᠡᠵᠦ ᠦᠢᠯᠡᠴᠢᠯᠡᠭᠡ ᠶᠢ ᠠᠳᠬᠤᠪᠠ᠃ ︽ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ︵ᠥᠪᠥᠷ ᠮᠣᠩᠭᠤᠯ ᠤᠨ ᠤᠯᠠᠭᠠᠨᠴᠠᠪ︶︾ ᠢᠶᠠᠷ ᠬᠦᠢᠰᠦ ᠪᠣᠯᠭᠠᠵᠤ᠂ ︽ᠢᠲᠡᠭᠡᠮᠵᠢᠲᠦ ᠳᠥᠭᠦᠮ + ︾ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠳᠤ ᠲᠦᠰᠢᠭᠯᠡᠨ ᠢᠲᠡᠭᠡᠮᠵᠢ ᠪᠠᠷ ᠢᠲᠡᠭᠡᠮᠵᠢᠲᠦ ᠵᠢᠭᠡᠯᠡᠯᠭᠡ ᠶᠢᠨ ᠲᠡᠳᠬᠦᠮᠵᠢ ᠶᠢ ᠬᠡᠷᠡᠭᠵᠢᠭᠦᠯᠵᠦ᠂ ᠬᠤᠪᠢ ᠶᠢᠨ ᠵᠢᠵᠢᠭ ᠪᠢᠴᠢᠯ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠪᠡ᠃ 2 ᠳ᠋ᠤᠭᠠᠷ ᠰᠠᠷ᠎ᠠ ᠶᠢᠨ 26 ᠤ ᠡᠳᠦᠷ ᠰᠦᠯᠵᠢᠶᠡᠨ ᠳᠤ ᠭᠠᠷᠤᠭᠰᠠᠨ ᠠᠴᠠ ᠨᠠᠭᠠᠰᠢ᠂ ᠪᠥᠬᠦ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠨᠢᠭᠡᠨᠲᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 1218 ᠲᠦᠮᠡᠨ ᠲᠥᠭᠦᠷᠢᠭ ᠤᠨ ᠢᠲᠡᠭᠡᠮᠵᠢ ᠣᠯᠭᠤᠵᠤ᠂ ᠢᠲᠡᠭᠡᠮᠵᠢ ᠶᠢ ᠦᠨᠡᠨ ᠪᠣᠳᠠᠲᠠᠶ ︽ᠵᠢᠩᠬᠢᠨᠢ ᠮᠥᠩᠭᠦ︾ ᠪᠣᠯᠭᠠᠨ ᠬᠤᠪᠢᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷ ᠵᠣᠪᠠᠭᠤᠷᠢ ᠶᠢ ᠦᠨᠡᠨ ᠬᠦ ᠬᠠᠪᠰᠤᠷᠤᠨ ᠰᠢᠢᠳᠪᠦᠷᠢᠯᠡᠵᠦ ᠥᠭᠪᠡ᠃

    ᠬᠤᠶᠠᠷ ᠲᠤ ᠢᠲᠡᠭᠡᠮᠵᠢ ᠶᠢᠨ ᠬᠢᠵᠠᠭᠠᠷᠯᠠᠯ ᠢ ᠴᠢᠩᠭᠠᠷᠠᠭᠤᠯᠵᠤ ᠵᠠᠯᠬᠠᠭᠠᠨ ᠴᠡᠭᠡᠷᠯᠡᠭᠦᠯᠬᠦ ᠶᠢ ᠠᠳᠬᠤᠪᠠ᠃ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠡᠳ᠋ᠯᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠦᠢᠯᠡᠳᠪᠦᠷᠢᠯᠡᠯ ᠤᠨ ᠠᠵᠢᠯᠯᠠᠭ᠎ᠠ ᠳᠠᠬᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ᠂ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠵᠡᠷᠭᠡ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠢᠯᠡ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠠᠬᠢᠭᠤᠯᠪᠠ᠃ ᠪᠥᠬᠦ ᠬᠤᠲᠠ ᠳᠤ ᠨᠡᠶᠢᠲᠡ 3.8 ᠲᠦᠮᠡᠨ ᠵᠠᠰᠠᠭ ᠵᠠᠬᠢᠷᠭᠠᠨ ᠤ ᠵᠥᠪᠰᠢᠶᠡᠷᠡᠯ ᠢ ᠴᠤᠭᠯᠠᠭᠤᠯᠤᠨ ᠵᠠᠷᠯᠠᠨ ᠨᠡᠶᠢᠲᠡᠯᠡᠵᠦ᠂ ᠵᠠᠰᠠᠭ ᠵᠠᠬᠢᠷᠭᠠᠨ ᠤ ᠰᠢᠢᠳᠬᠡᠯ ᠢ 0.78 ᠲᠦᠮᠡᠨ ᠵᠤᠷᠪᠤᠰ ᠴᠤᠭᠯᠠᠭᠤᠯᠤᠨ ᠵᠠᠷᠯᠠᠨ ᠨᠡᠶᠢᠲᠡᠯᠡᠪᠡ᠃ ᠡᠭᠦᠨ ᠤ ᠬᠠᠮᠲᠤ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠠ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠢᠲᠡᠭᠡᠮᠵᠢᠲᠦ ᠵᠢᠭᠡᠯᠡᠯᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠬᠢᠨᠠᠨ ᠵᠥᠪᠰᠢᠶᠡᠷᠡᠬᠦ ᠵᠡᠷᠭᠡ ᠣᠯᠠᠨ ᠲᠠᠯ᠎ᠠ ᠪᠠᠷ ᠬᠠᠤᠯᠢ ᠶᠣᠰᠣᠭᠠᠷ ᠣᠷᠣᠭᠤᠯᠬᠤ ᠶᠢ ᠴᠠᠭᠠᠵᠠᠯᠠᠬᠤ ᠪᠠ ᠬᠢᠵᠠᠭᠠᠷᠯᠠᠪᠠ᠃ 5 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠲᠠ ᠳᠤ ᠨᠡᠶᠢᠲᠡ 3729 ᠠᠵᠤ ᠠᠬᠤᠶᠢᠯᠠᠯ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠵᠤ᠂ 1072 ᠠᠵᠤ ᠠᠬᠤᠶᠢᠯᠠᠯ ᠬᠦᠨᠳᠦ ᠨᠣᠴᠢᠲᠠᠶ ᠬᠠᠤᠯᠢ ᠶᠢ ᠵᠥᠷᠢᠴᠡᠨ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠵᠠᠶ᠃

    ᠭᠤᠷᠪᠠ ᠳᠤ ᠢᠲᠡᠭᠡᠮᠵᠢ ᠶᠢ ᠰᠡᠷᠭᠦᠭᠡᠬᠦ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠳᠬᠤᠪᠠ᠃ ᠢᠲᠡᠭᠡᠮᠵᠢ ᠶᠢ ᠰᠡᠷᠭᠦᠭᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠲᠡᠭᠡᠮᠵᠢ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠠᠵᠢᠯ ᠢ ᠢᠳᠡᠪᠬᠢᠲᠡᠶ ᠥᠷᠨᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠳᠤ ᠬᠦᠴᠦᠨ ᠨᠡᠮᠡᠷᠢᠯᠡᠵᠦ᠂ ᠡᠵᠡᠩᠨᠡᠯᠲᠡ ᠶᠢᠨ ᠢᠲᠡᠭᠡᠯ ᠵᠣᠷᠢᠭ ᠢ ᠨᠢ ᠬᠥᠪᠴᠢᠯᠡᠪᠡ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠨᠡᠶᠢᠲᠡ 1599 ᠠᠵᠤ ᠠᠬᠤᠶᠢᠯᠠᠯ ᠢ ᠬᠥᠮᠥᠵᠢᠭᠦᠯᠦᠨ ᠵᠢᠯᠣᠭᠤᠳᠴᠤ ᠪᠠᠶᠢᠭᠠᠳ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠵᠤ᠂ 113 ᠠᠵᠤ ᠠᠬᠤᠶᠢᠯᠠᠯ ᠢ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠨᠡᠷᠡᠰ ᠵᠢᠭᠰᠠᠭᠠᠯᠲᠠ ᠠᠴᠠ ᠰᠢᠯᠵᠢᠭᠦᠯᠦᠨ ᠭᠠᠷᠭᠠᠪᠠ᠃

    ᠲᠦᠷᠪᠡ ᠳᠤ ᠢᠲᠡᠭᠡᠮᠵᠢ ᠶᠢᠨ ᠠᠭᠤᠷ ᠠᠮᠢᠰᠬᠤᠯ ᠢ ᠪᠤᠢ ᠪᠣᠯᠭᠠᠵᠤ ᠤᠬᠠᠭᠤᠯᠭ᠎ᠠ ᠶᠢ ᠠᠳᠬᠤᠪᠠ᠃ ︽ᠤᠯᠠᠭᠠᠨᠴᠠᠪ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠬᠦ᠂ ᠰᠠᠨᠠᠭ᠎ᠠ ᠠᠮᠤᠷ ᠬᠡᠷᠡᠭᠯᠡᠭᠡ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ︵ᠬᠤᠳᠠᠯᠳᠤᠭᠠᠨ ᠤ ᠲᠣᠭᠤᠷᠢᠭ︶ ᠢ ᠡᠭᠦᠳᠦᠨ ᠪᠠᠶᠢᠭᠤᠯᠬᠤ ᠠᠵᠢᠯᠯᠠᠭ᠎ᠠ᠂ ᠺᠠᠷᠲ᠋ᠣᠨ ᠵᠢᠷᠤᠭ ᠦᠢᠯᠡᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠡᠵᠡᠩᠨᠡᠯᠲᠡ ᠶᠢᠨ ᠭᠤᠤᠯ ᠴᠣᠭᠴᠠ ᠶᠢ ᠤᠷᠢᠶᠠᠯᠠᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠵᠢᠷᠤᠮᠵᠢᠯ ᠢ ᠵᠢᠷᠤᠮᠯᠠᠭᠤᠯᠵᠤ᠂ ᠣᠯᠠᠨ ᠲᠠᠯ᠎ᠠ ᠪᠠᠷ ᠬᠦᠴᠦᠯᠡᠵᠦ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠣᠯᠭᠠᠪᠠ᠃ ᠣᠳᠣᠬᠠᠨ ᠪᠣᠯᠲᠠᠯ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠣᠯᠠᠨ ᠨᠡᠶᠢᠲᠡ ᠶᠢᠨ ᠸᠢᠴᠠᠲ ᠲᠠᠪᠴᠠᠩ ᠢᠶᠠᠷ ᠳᠠᠮᠵᠢᠭᠤᠯᠤᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠰᠠᠨᠠᠭᠠᠴᠢᠯᠠᠭ᠎ᠠ ᠶᠢᠨ ᠪᠢᠴᠢᠭ᠂ ᠢᠳᠡᠭᠡᠨ ᠤ ᠠᠮᠤᠷ ᠲᠦᠪᠰᠢᠨ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠰᠠᠨᠠᠭᠠᠴᠢᠯᠠᠭ᠎ᠠ ᠶᠢᠨ ᠪᠢᠴᠢᠭ ᠢ 3 ᠬᠤᠪᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ︵ᠬᠤᠳᠠᠯᠳᠤᠭᠠᠨ ᠤ ᠲᠣᠭᠤᠷᠢᠭ︶ ᠢ 7 ᠪᠠᠶᠢᠭᠤᠯᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 5 ᠲᠦᠮᠡ ᠭᠠᠷᠤᠶ ᠬᠤᠪᠢ ︵ᠳᠡᠪᠲᠡᠷ︶ ᠳᠠᠷᠤᠮᠠᠯᠯᠠᠨ ᠲᠠᠷᠬᠠᠭᠠᠵᠤ᠂ 200 ᠭᠠᠷᠤᠶ ᠵᠤᠷᠪᠤᠰ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠪᠡ᠃

 

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ