ᠠᠯᠠᠱᠠ ᠠᠶᠢᠮᠠᠭ 2023 ᠣᠨ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠢ ᠠᠰᠢᠭ ᠤᠨ ᠨᠡᠮᠡᠭᠳᠡᠯ ᠤᠨ ᠬᠡᠮᠵᠢᠶ᠎ᠡ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/5/29

    ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠳ᠋ᠠᠶᠢᠲ᠋ᠠ ᠠᠴᠠ ᠦᠵᠡᠪᠡᠯ᠂ 2023 ᠣᠨ ᠳᠤ ᠠᠯᠠᠱᠠ ᠠᠶᠢᠮᠠᠭ ᠤᠨ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ 40 ᠬᠤᠪᠢ ᠳᠤ ᠬᠦᠷᠴᠦ᠂ ᠲᠦᠮᠡᠨ ᠬᠥᠮᠦᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ 1.48 ᠬᠤᠪᠢ ᠨᠣᠭᠳᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 48% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃

    ᠣᠶᠢᠷ᠎ᠠ ᠶᠢᠨ ᠵᠢᠯ ᠳᠤ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠤᠷᠢᠳ ᠬᠤᠵᠢᠳ ︽ᠠᠯᠠᠱᠠ ᠠᠶᠢᠮᠠᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠲᠤᠰᠠᠯᠠᠬᠤ ᠪᠠ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾᠂ ︽ᠠᠯᠠᠱᠠ ᠠᠶᠢᠮᠠᠭ ᠤᠨ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠠᠵᠢᠯ ᠤᠨ ᠲᠥᠰᠦᠯ ︵2022 - 2025︶︾ ᠢ ᠳᠠᠷᠤᠮᠠᠯᠯᠠᠨ ᠲᠠᠷᠬᠠᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠪᠠ ᠬᠡᠷᠡᠭᠯᠡᠭᠡᠨ ᠤ ᠦᠷ᠎ᠡ ᠠᠰᠢᠭ ᠢ ᠬᠥᠭᠵᠢᠭᠡᠪᠡ᠃ ᠡᠭᠦᠨ ᠤ ᠬᠠᠮᠲᠤ᠂ ᠡᠭᠦᠳᠦᠯᠲᠡ ᠶᠢᠨ ᠲᠤᠰᠬᠠᠶ ᠠᠰᠢᠭ ᠤᠨ ᠬᠡᠮᠵᠢᠶ᠎ᠡ ᠵᠡᠷᠭᠡ ᠵᠠᠩᠭᠢᠯᠠᠭ᠎ᠠ ᠶᠢᠨ ᠬᠦᠢᠴᠡᠳᠭᠡᠯ ᠲᠤᠭ᠎ᠠ ᠶᠢ ᠬᠤᠰᠢᠭᠤᠨ︵ᠲᠣᠭᠤᠷᠢᠭ︶ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠰᠢᠯᠭᠠᠨ ᠬᠢᠨᠠᠬᠤ ᠰᠢᠰᠲ᠋ᠧᠮ ᠳᠤ ᠣᠷᠣᠭᠤᠯᠵᠤ᠂ ᠡᠯ᠎ᠡ ᠱᠠᠲᠤᠨ ᠤ ᠨᠢᠭᠡᠴᠢ ᠪᠠ ᠥᠷᠭᠡᠨ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠭᠦᠳᠦᠨ ᠪᠦᠲᠦᠭᠡᠬᠦ ᠢᠳᠡᠪᠬᠢᠵᠢᠯ ᠢ ᠬᠦᠢᠴᠡᠳ ᠳᠠᠶᠢᠴᠢᠯᠠᠪᠠ᠃ ︽ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠥᠩᠭᠦᠨ ᠭᠦᠢᠯᠭᠡᠭᠡᠨ ᠤ ᠲᠦᠭᠵᠢᠷᠡᠯ᠂ ᠬᠦᠴᠢᠷ ᠠᠰᠠᠭᠤᠳᠠᠯ ᠢ ᠬᠦᠴᠦᠯᠡᠨ ᠨᠡᠪᠲᠡᠷᠡᠭᠦᠯᠪᠡ᠃ 2023 ᠣᠨ ᠳᠤ ᠪᠥᠬᠦ ᠠᠶᠢᠮᠠᠭ ᠤᠨ ᠳᠠᠨᠵᠢᠯᠠᠵᠤ ᠪᠠᠯᠠ ᠴᠤᠭᠯᠠᠭᠤᠯᠤᠭᠰᠠᠨ ᠵᠣᠭᠤᠰ ᠤᠨ ᠲᠤᠭ᠎ᠠ 1.1381 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.19% ᠨᠡᠮᠡᠭᠳᠡᠭᠰᠡᠨ ᠪᠥᠭᠡᠳ ᠬᠡᠪ ᠤᠨ ᠪᠤᠰᠤ ᠲᠤᠰᠬᠠᠶ ᠠᠰᠢᠭ ᠤᠨ ᠭᠤᠶᠤᠴᠢᠯᠠᠯ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠡᠷᠬᠡ ᠣᠯᠭᠤᠭᠰᠠᠨ ᠲᠤᠰᠬᠠᠶ ᠠᠰᠢᠭ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃

    ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠤ ᠠᠬᠤᠶᠢᠯᠠᠯ ᠢ ᠪᠤᠶᠢᠵᠢᠭᠤᠯᠬᠤ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠨᠠᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ