2024 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/30

ᠡᠯ᠎ᠡ ᠬᠤᠯᠪᠣᠭᠳᠠᠯ ᠪᠦᠬᠦᠢ ᠨᠢᠭᠡᠴᠢ᠄

    ᠰᠤᠳᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2024 ᠣᠨ ᠤ ᠠᠩᠬᠠᠳᠠᠭᠴᠢ ᠪᠦᠯᠦᠭ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠪᠠ᠃ ᠲᠣᠰ ᠪᠦᠯᠦᠭ ᠲᠥᠯᠥᠪᠯᠡᠭᠡ ᠳᠤ ᠨᠡᠶᠢᠲᠡ 312 ᠵᠦᠢᠯ ︵ᠳᠠᠭᠠᠯᠳᠤᠭᠤᠯᠤᠯ ᠳᠤ ᠦᠵᠡ︶ ᠪᠠᠶᠢᠵᠤ᠂ 305 ᠵᠦᠢᠯ ᠲᠣᠭᠲᠠᠭᠠᠨ᠂ 7 ᠵᠦᠢᠯ ᠳᠤ ᠵᠠᠰᠠᠪᠤᠷᠢ ᠣᠷᠣᠭᠤᠯᠵᠤ᠂ ᠴᠥᠮ ᠲᠠᠨᠢᠯᠴᠠᠭᠤᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠪᠣᠯᠤᠨ᠎ᠠ᠃ ᠡᠭᠦᠨ ᠳᠤ ᠲᠠᠷᠢᠶᠠᠯᠠᠩ ᠠᠵᠤ ᠠᠬᠤᠢ ᠶᠢᠨ ᠪᠠᠷᠢᠮᠵᠢᠶ᠎ᠠ 205᠂ ᠠᠵᠤ ᠦᠢᠯᠡᠳᠪᠦᠷᠢ ᠶᠢᠨ ᠪᠠᠷᠢᠮᠵᠢᠶ᠎ᠠ 37᠂ ᠦᠢᠯᠡᠴᠢᠯᠡᠭᠡᠨ ᠤ ᠦᠢᠯᠡᠰ ᠤᠨ 5 ᠪᠣᠯᠤᠨ ᠨᠡᠶᠢᠭᠡᠮ ᠤᠨ ᠠᠵᠢᠯ ᠦᠢᠯᠡᠰ ᠤᠨ ᠪᠠᠷᠢᠮᠵᠢᠶ᠎ᠠ 65 ᠵᠦᠢᠯ ᠪᠠᠶᠢᠨ᠎ᠠ᠃

    ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ᠂ ᠰᠠᠨᠠᠯ ᠬᠤᠷᠢᠶᠠᠬᠤ ᠪᠠ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠠᠪᠤᠴᠠ ᠳᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠯᠦᠭᠡ ᠵᠣᠬᠢᠴᠠᠭᠤᠯᠭ᠎ᠠ ᠪᠠᠨ ᠴᠢᠩᠭᠠᠳᠬᠠᠨ᠂ ᠥᠷᠭᠡᠨ ᠢᠶᠠᠷ ᠰᠠᠨᠠᠯ ᠰᠣᠨᠣᠰᠴᠤ᠂ ᠪᠠᠷᠢᠮᠵᠢᠶ᠎ᠠ ᠶᠢᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠪᠠᠲᠤᠯᠠᠨ᠂ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠡᠭᠦᠷᠭᠡ ᠶᠢ 18 ᠰᠠᠷ᠎ᠠ ᠶᠢᠨ ᠳᠣᠲᠣᠷ᠎ᠠ ᠪᠡᠶᠡᠯᠡᠭᠦᠯᠵᠦ᠂ ᠬᠤᠭᠤᠴᠠᠭ᠎ᠠ ᠥᠩᠭᠡᠷᠡᠪᠡᠯ ᠲᠥᠷᠥᠯ ᠵᠦᠢᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃

 

ᠳᠠᠭᠠᠯᠳᠤᠭᠤᠯᠤᠯ᠄ 2024 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢᠨ ᠬᠤᠷᠢᠶᠠᠩᠭᠤᠢ ᠬᠦᠰᠦᠨᠦᠭᠲᠦ ︵ᠨᠡᠶᠢᠲᠡ 312 ᠵᠦᠢᠯ︶

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

                                2023 ᠣᠨ ᠤ 5 ᠳ᠋ᠤᠭᠠᠷ ᠰᠠᠷ᠎ᠠ ᠶᠢᠨ 30 ᠤ ᠡᠳᠦᠷ

 

ᠢᠷᠡᠯᠲᠡ᠄ ᠲᠣᠪᠴᠢᠶ᠎ᠠ ᠶᠢᠨ ᠪᠠᠷᠢᠮᠵᠢᠶᠠᠵᠢᠯ ᠤᠨ ᠭᠠᠵᠠᠷ