ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠠᠯ᠎ᠠ ᠪᠠᠷ ᠬᠦᠴᠦᠯᠡᠵᠦ᠂ LNG ᠲᠡᠷᠭᠡᠨ ᠳᠤ ᠬᠡᠷᠡᠭᠯᠡᠬᠦ ᠬᠡᠶᠢᠲᠦ ᠯᠣᠩᠬᠤ ᠶᠢᠨ ︽ᠠᠶᠤᠯ ᠦᠭᠡᠢ ᠨᠡᠭᠡᠯᠡᠬᠡᠶ︾ ᠶᠢ ᠪᠥᠬᠦ ᠬᠦᠴᠦᠨ ᠢᠶᠠᠷ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2024/5/6

    ᠬᠡᠶᠢᠲᠦ ᠯᠣᠩᠬᠤ ᠬᠡᠷᠡᠭᠯᠡᠬᠦ᠂ ᠰᠠᠪᠠᠯᠠᠬᠤ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ LNG ᠬᠡᠶᠢᠲᠦ‌ᠯᠣᠩᠬᠤᠨ ᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠠᠴᠠ ᠵᠠᠶᠢᠯᠠᠰᠬᠢᠬᠦ ᠶᠢᠨ ᠲᠥᠯᠥᠭᠡ᠂ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠠᠯ᠎ᠠ ᠪᠠᠷ ᠬᠦᠴᠦᠯᠡᠵᠦ᠂ LNG ᠲᠡᠷᠭᠡᠨ ᠳᠤ ᠬᠡᠷᠡᠭᠯᠡᠬᠦ ᠬᠡᠶᠢᠲᠦ ᠯᠣᠩᠬᠤ ᠶᠢᠨ ︽ᠠᠶᠤᠯ ᠦᠭᠡᠢ ᠨᠡᠭᠡᠯᠡᠬᠡᠶ︾ ᠶᠢ ᠪᠦᠬᠦ ᠬᠦᠴᠦᠨ ᠢᠶᠠᠷ ᠢᠶᠠᠨ ᠴᠢᠩᠭᠠᠷᠠᠭᠤᠯᠵᠤ᠂ LNG ᠲᠡᠷᠭᠡᠨ ᠳᠤ ᠬᠡᠷᠡᠭᠯᠡᠬᠦ ᠬᠡᠶᠢᠲᠦ ᠯᠣᠩᠬᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃

    ︽ᠥᠨᠳᠥᠷ︾ ᠲᠤ ᠰᠠᠭᠤᠷᠢᠯᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠬᠤᠷᠠᠯ᠂ ᠪᠥᠬᠦ ᠬᠤᠲᠠ ᠶᠢᠨ LNG ᠬᠡᠶᠢᠲᠦ ᠯᠣᠩᠬᠤᠨ ᠤ ᠠᠮᠤᠷ ᠲᠦᠪᠰᠢᠨ ᠤ ᠬᠠᠮᠢᠶᠠᠷᠤᠯᠲᠠ ᠶᠢ ᠠᠬᠢᠭᠤᠯᠬᠤ ᠬᠤᠷᠠᠯ᠂ ᠵᠣᠬᠢᠴᠠᠭᠤᠯᠬᠤ ᠬᠤᠷᠠᠯ ᠵᠡᠷᠭᠡ ᠬᠤᠷᠠᠯ ᠢ ᠬᠤᠷᠠᠯᠳᠤᠭᠤᠯᠵᠤ᠂ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢᠨ ᠬᠠᠮᠢᠶᠠᠷᠤᠯᠳᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠪᠥᠬᠦ ᠬᠤᠲᠠ ᠶᠢᠨ LNG ︵ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ︶ ᠬᠡᠶᠢᠲᠦ ᠯᠣᠩᠬᠤ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︽ᠪᠥᠬᠦ ᠬᠤᠲᠠ ᠶᠢᠨ LNG ᠬᠡᠶᠢᠲᠦ ᠯᠣᠩᠬᠤ ᠳᠤ ᠰᠠᠪᠠᠯᠠᠬᠤ ᠨᠢᠭᠡᠴᠢ ᠳᠤ ᠬᠡᠶᠢᠲᠦ ᠯᠣᠩᠬᠤ ᠶᠢᠨ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠠᠪᠠᠯᠠᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ LNG ᠲᠡᠷᠭᠡᠨ ᠳᠤ ᠬᠡᠷᠡᠭᠯᠡᠬᠦ ᠬᠡᠶᠢᠲᠦ ᠯᠣᠩᠬᠤ ᠶᠢᠨ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃

    ︽ᠬᠤᠯᠪᠣᠭᠠᠯᠠᠬᠤ︾ ᠶᠢ ᠠᠩᠬᠠᠷᠴᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶ᠎ᠠ ᠲᠠᠢ ᠬᠠᠷᠭᠤᠭᠤᠯᠵᠤ᠂ LNG ᠬᠡᠶᠢᠲᠦ ᠯᠣᠩᠬᠤ ᠶᠢ ᠪᠢᠲᠡᠭᠦᠮᠵᠢᠯᠡᠨ ᠠᠵᠢᠯᠯᠠᠭᠤᠯᠬᠤ ᠶᠢ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠰᠠᠪᠠᠯᠠᠬᠤ ᠥᠷᠲᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠡᠳᠡᠷᠬᠦ ᠰᠢᠬᠠᠮᠳᠠᠭᠤᠯᠵᠤ ᠪᠠᠶᠢᠭᠠᠳ ᠬᠡᠷᠡᠭᠯᠡᠭᠡᠨ ᠤ ᠨᠢᠭᠡᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠬᠡᠷᠡᠭᠯᠡᠬᠦ ᠳᠡᠩᠰᠡᠯᠡᠯᠲᠡ ᠶᠢᠨ ᠦᠨᠡᠮᠯᠡᠯ ᠢ ᠭᠤᠶᠤᠴᠢᠯᠠᠨ ᠬᠢᠯᠭᠡᠪᠡ᠃ ᠡᠭᠦᠨ ᠤ ᠬᠠᠮᠲᠤ᠂ ᠪᠠᠶᠠᠨᠨᠠᠭᠤᠷ᠂ ᠠᠯᠠᠱᠠ ᠵᠡᠷᠭᠡ ᠡᠷᠬᠢᠨ ᠲᠣᠭᠤᠷᠢᠨ ᠤ ᠠᠶᠢᠮᠠᠭ ᠬᠤᠲᠠ ᠲᠠᠢ ᠬᠠᠮᠲᠤᠷᠠᠨ LNG ᠬᠡᠶᠢᠲᠦ ᠯᠣᠩᠬᠤ ᠶᠢ ᠪᠢᠲᠡᠭᠦᠮᠵᠢᠯᠡᠨ ᠠᠵᠢᠯᠯᠠᠭᠤᠯᠬᠤ ᠶᠢ ᠬᠡᠷᠡᠭᠵᠢᠭᠦᠯᠬᠦ ᠶᠢ ᠢᠳᠡᠪᠬᠢᠲᠡᠶ ᠵᠣᠬᠢᠴᠠᠭᠤᠯᠵᠤ᠂ ᠪᠠᠷᠠᠭᠤᠨ ᠬᠡᠰᠡᠭ ᠤᠨ ᠠᠶᠢᠮᠠᠭ ᠬᠤᠲᠠ ᠶᠢᠨ LNG ᠮᠠᠰᠢᠨ ᠲᠡᠷᠭᠡᠨ ᠤ ᠬᠡᠶᠢᠲᠦ ᠯᠣᠩᠬᠤ ᠶᠢ ᠪᠢᠲᠡᠭᠦᠮᠵᠢᠯᠡᠨ ᠠᠵᠢᠯᠯᠠᠭᠤᠯᠬᠤ ᠠᠵᠢᠯ ᠢ ᠠᠬᠢᠭᠤᠯᠬᠤ ᠬᠤᠷᠠᠯ ᠢ ᠲᠦᠷᠦᠭᠦᠯᠡᠨ ᠬᠤᠷᠠᠯᠳᠤᠭᠤᠯᠵᠤ᠂ ᠨᠡᠪᠲᠡᠷᠡᠯᠴᠡᠨ ᠵᠣᠬᠢᠴᠠᠭᠤᠯᠬᠤ ᠪᠠ ᠲᠤᠷᠰᠢᠯᠭ᠎ᠠ ᠪᠠᠨ ᠰᠣᠯᠢᠯᠴᠠᠬᠤ ᠪᠠᠨ ᠴᠢᠩᠭᠠᠳᠬᠠᠨ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠳᠤ ᠴᠢᠩᠭ᠎ᠠ ᠠᠳᠬᠤᠬᠤ ᠴᠢᠩᠭ᠎ᠠ ᠬᠠᠮᠢᠶᠠᠷᠬᠤ ᠠᠭᠤᠷ ᠠᠮᠢᠰᠬᠤᠯ ᠢ ᠶᠡᠬᠡᠪᠡᠷ ᠪᠣᠶ ᠪᠣᠯᠭᠠᠪᠠ᠃

    ︽ᠴᠢᠩᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠶᠢᠲᠦ ᠯᠣᠩᠬᠤᠨ ᠤ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠪᠥᠬᠦ ᠬᠤᠲᠠ ᠶᠢᠨ ᠬᠡᠶᠢᠲᠦ ᠯᠣᠩᠬᠤᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠯ᠎ᠡ ᠲᠣᠭᠤᠷᠢᠭ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢᠨ ᠬᠠᠮᠢᠶᠠᠷᠤᠯᠳᠠ ᠶᠢᠨ ᠲᠤᠪᠴᠢᠶ᠎ᠠ ᠵᠡᠷᠭᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ LNG ᠲᠡᠷᠭᠡᠨ ᠳᠤ ᠬᠡᠷᠡᠭᠯᠡᠬᠦ ᠬᠡᠶᠢᠲᠦ ᠯᠣᠩᠬᠤ ᠶᠢ ᠪᠢᠲᠡᠭᠦᠮᠵᠢᠯᠡᠨ ᠠᠵᠢᠯᠯᠠᠭᠤᠯᠬᠤ ᠠᠴᠠ ᠡᠮᠦᠨᠡᠬᠢ ᠪᠣᠯᠪᠠᠰᠤᠷᠠᠯ ᠢ ᠥᠷᠨᠢᠭᠦᠯᠵᠦ᠂ ᠪᠥᠬᠦ ᠬᠤᠲᠠ ᠶᠢᠨ LNG ᠬᠡᠶᠢᠲᠦ ᠯᠣᠩᠬᠤ ᠶᠢᠨ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ LNG ᠬᠡᠶᠢᠲᠦ ᠯᠣᠩᠬᠤ ᠶᠢ ᠰᠠᠪᠠᠯᠠᠬᠤ ᠨᠢᠭᠡᠴᠢ᠂ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠡᠶᠢᠲᠦ ᠯᠣᠩᠬᠤ ᠶᠢ ᠰᠠᠪᠠᠯᠠᠬᠤ ᠨᠢᠭᠡᠴᠢ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠶᠢᠲᠦ ᠯᠣᠩᠬᠤ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠰᠢᠯᠭᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠬᠦ ᠶᠢ ᠱᠠᠭᠠᠷᠳᠠᠵᠤ᠂ ᠬᠡᠶᠢᠲᠦ ᠯᠣᠩᠬᠤ ᠶᠢ ᠰᠠᠪᠠᠯᠠᠬᠤ ᠠᠮᠤᠷ ᠲᠦᠪᠰᠢᠨ᠂ ᠬᠡᠶᠢᠲᠦ ᠯᠣᠩᠬᠤ ᠶᠢ ᠰᠢᠯᠭᠠᠨ ᠪᠠᠶᠢᠴᠠᠭᠠᠵᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠶᠢ ᠦᠨᠡᠨ ᠬᠦ ᠪᠠᠲᠤᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 80 ᠬᠥᠮᠦᠨ ᠤᠳᠠᠭ᠎ᠠ ᠬᠥᠳᠡᠯᠭᠡᠵᠦ᠂ LNG ᠬᠡᠶᠢᠲᠦ ᠯᠣᠩᠬᠤ ᠰᠠᠪᠠᠯᠠᠬᠤ ᠥᠷᠲᠡᠭᠡ 28᠂ ᠰᠢᠯᠭᠠᠨ ᠪᠠᠶᠢᠴᠠᠭᠠᠬᠤ ᠪᠠᠶᠢᠭᠤᠯᠤᠮᠵᠢ 3 ᠶᠢ ᠪᠠᠶᠢᠴᠠᠭᠠᠵᠤ᠂ 15 ᠵᠦᠢᠯ ᠤᠨ ᠠᠮᠤᠷ ᠲᠦᠪᠰᠢᠨ ᠤ ᠳᠠᠯᠳᠠ ᠭᠡᠮ ᠢ ᠢᠯᠡᠷᠡᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠪᠠ᠃

 

ᠢᠷᠡᠯᠲᠡ᠄ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ