199 ᠪᠦᠯᠦᠭ ᠤᠳᠠᠭ᠎ᠠ ᠶᠢᠨ ᠢᠳᠡᠭᠡᠨ ᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠳᠡᠯ ︵2024 ᠣᠨ ᠤ 4 ᠳ᠋ᠤᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2024/5/7

    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠡᠷᠡᠭᠦᠯᠵᠢᠯ ᠤᠨ ᠢᠳᠡᠭᠡᠨ᠂ ᠢᠳᠡᠭᠡᠨ ᠤᠮᠳᠠᠭᠠᠨ ᠤ ᠢᠳᠡᠭᠡᠨ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ᠂ ᠠᠮᠲᠠ ᠣᠷᠣᠭᠤᠯᠬᠤ ᠡᠳ᠋᠂ ᠭᠤᠸᠠᠨᠲ᠋ᠧᠦ᠂ ᠮᠢᠬᠠᠨ ᠤ ᠪᠦᠲᠦᠭᠡᠭᠳᠡᠬᠦᠨ᠂ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ ᠵᠡᠷᠭᠡ 7 ᠶᠡᠭᠡ ᠲᠥᠷᠥᠯ ᠤᠨ ᠢᠳᠡᠭᠡᠨ ᠤ 199 ᠪᠦᠯᠦᠭ ᠤᠳᠠᠭ᠎ᠠ ᠶᠢᠨ ᠥᠯᠢᠭᠡᠷ ᠡᠳ᠋ ᠢ ᠰᠣᠩᠭᠤᠨ ᠠᠪᠴᠤ᠂ ᠡᠭᠦᠨ ᠳᠤ 5 ᠪᠦᠯᠦᠭ ᠤᠳᠠᠭ᠎ᠠ ᠶᠢᠨ ᠬᠢᠷᠢ ᠲᠡᠩᠴᠡᠭᠰᠡᠨ ᠦᠭᠡᠢ ᠥᠯᠢᠭᠡᠷ ᠡᠳ᠋ ᠢ ᠪᠠᠶᠢᠴᠠᠭᠠᠨ ᠭᠠᠷᠭᠠᠪᠠ᠃ ᠭᠤᠤᠯᠳᠠᠭᠤ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠲᠡᠯ᠎ᠡ ᠬᠡᠷᠡᠭᠯᠡᠬᠦ᠂ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠪᠣᠯᠤᠨ᠎ᠠ᠃

    ᠰᠤᠭᠤᠴᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠢᠷᠢ ᠲᠡᠩᠴᠡᠭᠰᠡᠨ ᠥᠬᠡᠶ ᠢᠳᠡᠭᠡᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠥᠬᠡᠬᠤᠲᠠ᠂ ᠤᠯᠠᠭᠠᠨᠴᠠᠪ ᠬᠤᠲᠠ᠂ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠪᠠᠶᠢᠴᠠᠭᠠᠨ ᠲᠣᠳᠣᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠷᠢ ᠲᠡᠩᠴᠡᠭᠰᠡᠨ ᠥᠬᠡᠶ ᠦᠢᠯᠡᠳᠬᠦᠨ ᠢᠶᠠᠨ ᠪᠠᠭᠤᠯᠭᠠᠵᠤ ᠡᠭᠡᠭᠦᠯᠦᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠦᠭᠰᠢᠭᠦᠷᠢ ᠶᠢ ᠡᠵᠡᠮᠳᠡᠪᠡ︔ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠡ︔ ᠠᠵᠤ ᠠᠬᠤᠶᠢᠯᠠᠯ ᠤᠨ ᠠᠪᠤᠭᠰᠠᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠪᠡ᠃

    ᠡᠳᠦᠭᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠤ ᠪᠣᠳᠠᠲᠠᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄

    ᠨᠢᠭᠡ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ ᠠᠰᠠᠭᠤᠳᠠᠯ

    ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠬᠡᠲᠦ ᠳᠡᠯᠭᠡᠭᠦᠷ ᠲᠤ ᠪᠣᠷᠣᠯᠠᠭᠤᠯᠤᠭᠰᠠᠨ ᠬᠤᠩ ᠶᠧ   ᠹᠧᠨᠲ᠋ᠢᠶᠣᠣᠷ ᠤᠨ ᠬᠥᠩᠭᠡᠨ ᠴᠠᠭᠠᠨ ᠤ ᠦᠯᠡᠳᠡᠭᠳᠡᠯ ᠤᠨ ᠬᠡᠮᠵᠢᠶ᠎ᠡ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ᠬᠤᠶᠠᠷ᠂ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ

    ︵ᠨᠢᠭᠡ︶ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠶᠦᠩ ᠹᠧᠩ ᠭᠤᠸᠠ ᠵᠢᠮᠢᠰ ᠢᠳᠡᠰᠢᠨ ᠨᠣᠭᠤᠭ᠎ᠠ ᠶᠢᠨ ᠳᠡᠯᠭᠡᠭᠦᠷ ᠲᠤ ᠪᠣᠷᠣᠯᠠᠭᠤᠯᠵᠤ ᠪᠠᠶᠢᠭ᠎ᠠ ᠭᠤᠭᠤᠳ ᠤᠨ  ᠾᠯᠣᠷ ᠫᠢᠷᠢᠳᠢᠨ ᠹᠣᠰᠹᠣᠷ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠶᠤᠤ ᠯᠠᠨ ᠭᠤᠸᠠ ᠵᠢᠮᠢᠰ ᠢᠳᠡᠰᠢᠨ ᠨᠣᠭᠤᠭ᠎ᠠ ᠶᠢᠨ ᠳᠡᠯᠭᠡᠭᠦᠷ ᠲᠤ ᠪᠣᠷᠣᠯᠠᠭᠤᠯᠵᠤ ᠪᠠᠶᠢᠭ᠎ᠠ ᠭᠤᠭᠤᠳ ᠤᠨ  ᠾᠯᠣᠷ ᠫᠢᠷᠢᠳᠢᠨ ᠹᠣᠰᠹᠣᠷ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠭᠤᠷᠪᠠ︶ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠺᠠᠶᠢᠯᠦ ᠪᠠᠯᠭᠠᠰᠤᠨ ᠤ ᠵᠢᠦ ᠶᠤᠸᠠᠢ ᠬᠡᠲᠦ ᠳᠡᠯᠭᠡᠭᠦᠷ ᠤᠨ ᠪᠣᠷᠣᠯᠠᠭᠤᠯᠤᠭᠰᠠᠨ ᠴᠤᠭᠤᠷ ᠨᠣᠭᠤᠭᠠᠨ ᠤ ᠾᠯᠣᠷ ᠫᠢᠷᠢᠳᠢᠨ ᠹᠣᠰᠹᠣᠷ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠲᠦᠷᠪᠡ︶ ᠬᠥᠬᠡᠬᠤᠲᠠ ᠶᠢᠨ ᠬᠤᠷᠢᠨᠭᠡᠷ ᠰᠢᠶᠠᠨ ᠤ ᠭᠥᠸᠧ ᠯᠢ ᠶᠤᠸᠠᠨ ᠵᠢᠮᠢᠰ ᠤᠨ ᠳᠡᠯᠭᠡᠭᠦᠷ ᠤᠨ ᠪᠣᠷᠣᠯᠠᠭᠤᠯᠤᠭᠰᠠᠨ ᠪᠠᠨᠠᠨᠠ ᠶᠢᠨ ᠲᠢᠶᠠᠲ ᠠᠮᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ᠡᠭᠦᠨ ᠤ ᠲᠤᠯᠠ ᠣᠨᠴᠠᠭᠠᠶᠢᠯᠠᠨ ᠵᠠᠷᠯᠠᠪᠠ᠃

ᠳᠠᠭᠠᠯᠳᠤᠭᠤᠯᠤᠯ᠄

    1. ᠬᠢᠷᠢ ᠲᠡᠩᠴᠡᠭᠰᠡᠨ ᠦᠢᠯᠡᠳᠬᠦᠨ ᠤ ᠮᠡᠳᠡᠭᠡ ᠵᠠᠩᠭᠢ

    2. ᠬᠢᠷᠢ ᠲᠡᠩᠴᠡᠭᠰᠡᠨ ᠦᠭᠡᠶ ᠦᠢᠯᠡᠳᠬᠦᠨ ᠤ ᠮᠡᠳᠡᠭᠡ ᠵᠠᠩᠭᠢ

    3. ᠬᠡᠰᠡᠭ ᠬᠢᠷᠢ ᠲᠡᠩᠴᠡᠬᠦ ᠦᠭᠡᠢ ᠰᠢᠯᠭᠠᠨ ᠪᠠᠶᠢᠴᠠᠭᠠᠬᠤ ᠲᠥᠷᠥᠯ ᠵᠦᠢᠯ ᠤᠨ ᠵᠢᠵᠢᠭ ᠮᠡᠳᠡᠯᠭᠡ

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

    2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ

 

ᠢᠷᠡᠯᠲᠡ᠄ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ