213 ᠵᠦᠢᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠢᠭᠰᠠᠭᠠᠨ ᠪᠠᠶᠢᠴᠠᠭᠠᠭᠰᠠᠨ ᠳ᠋ᠦᠩᠨᠡᠯᠲᠡ ᠶᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/5/8

ᠡᠯ᠎ᠡ ᠬᠠᠮᠢᠶ᠎ᠠ ᠪᠦᠬᠦᠢ ᠨᠢᠭᠡᠴᠢ᠄

    ︽ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠯᠡᠬᠦ ᠶᠢ ᠵᠢᠷᠤᠮᠵᠢᠭᠤᠯᠵᠤ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠵᠠᠬ᠎ᠠ ᠳᠡᠯᠭᠡᠭᠦᠷ  ᠬᠢᠨᠠᠯᠲᠠ ᠪᠠᠷᠢᠮᠵᠢᠶ᠎ᠠ ᠡᠭᠦᠳᠬᠦ ᠲᠠᠷᠬᠠᠭᠠᠭᠰᠠᠨ ﹇2023﹈ 108 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠯᠡᠬᠦ ᠶᠢ ᠦᠨᠡᠯᠡᠨ ᠵᠢᠱᠢᠬᠦ ᠨᠠᠷᠢᠨ ᠲᠦᠷᠢᠮ︾ ᠢ ᠦᠨᠳᠦᠰᠦᠯᠡᠨ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ 38 ᠨᠢᠭᠡᠴᠢ ᠶᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ 2812 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠠᠵᠢᠯ ᠢ ᠥᠷᠨᠢᠭᠦᠯᠪᠡ᠃

    ᠵᠢᠭᠰᠠᠭᠠᠨ ᠪᠠᠶᠢᠴᠠᠭᠠᠭᠰᠠᠨ ᠢᠶᠠᠷ᠂ ᠨᠢᠭᠡ ᠳᠤ ᠲᠣᠭᠲᠠᠭᠠᠭᠰᠠᠨ ᠣᠭ ᠭᠠᠷᠤᠯᠲᠠ ᠶᠢᠨ ᠭᠠᠵᠠᠷ᠂ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠯᠤᠭ᠎ᠠ ᠵᠣᠬᠢᠴᠠᠯᠳᠤᠭ᠎ᠠ ᠦᠭᠡᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠵᠡᠷᠭᠡ ᠪᠠᠶᠢᠳᠠᠯ ᠣᠷᠣᠰᠢᠵᠤ ᠪᠠᠶᠢᠭ᠎ᠠ 181 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠰᠢᠢᠳᠪᠦᠷᠢᠯᠡᠬᠦ ᠳ᠋ᠦᠩᠨᠡᠯᠲᠡ ᠭᠠᠷᠭᠠᠪᠠ᠃ ᠡᠭᠦᠨ ᠳᠤ᠂ ᠦᠷᠭᠦᠯᠵᠢᠯᠡᠨ ᠬᠦᠴᠦᠨ ᠪᠥᠬᠦᠶ 3 ᠵᠦᠢᠯ ᠂ 18 ᠵᠦᠢᠯ ᠳᠤ ᠵᠠᠰᠠᠪᠤᠷᠢ ᠣᠷᠣᠭᠤᠯᠵᠤ᠂ 125 ᠵᠦᠢᠯ ᠢ ᠬᠦᠴᠦᠨ ᠥᠬᠡᠶ ᠪᠣᠯᠭᠠᠵᠤ᠂ 35 ᠣᠷᠣᠨ ᠨᠤᠲᠤᠭ ᠤᠨ ᠪᠠᠷᠢᠮᠵᠢᠶ᠎ᠠ ᠶᠢ ᠪᠦᠯᠬᠦᠮ ᠨᠡᠶᠢᠲᠡ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠪᠠ︔ ᠬᠤᠶᠠᠷ ᠲᠤ ︽ᠨᠡᠷᠡᠨ ᠬᠤᠸᠠᠷ ᠤᠨ ᠮᠥᠭᠦ ᠶᠢᠨ ᠪᠥᠭᠡᠮ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠳᠦᠷᠢᠮᠯᠡᠯ︾ ᠵᠡᠷᠭᠡ 32 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠪᠠᠷ ᠳᠤᠷᠠᠳᠪᠠ᠃ ᠡᠳᠦᠭᠡ 213 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠰᠢᠢᠳᠪᠦᠷᠢᠯᠡᠭᠰᠡᠨ ᠳ᠋ᠦᠩᠨᠡᠯᠲᠡ ᠶᠢ ᠢᠯᠡ ᠨᠡᠶᠢᠲᠡᠯᠡᠪᠡ᠃ ᠬᠡᠷᠪᠡ ᠰᠢᠢᠳᠪᠦᠷᠢᠯᠡᠭᠰᠡᠨ ᠳ᠋ᠦᠩᠨᠡᠯᠲᠡ ᠳᠤ ᠠᠳᠠᠯᠢ ᠪᠤᠰᠤ ᠰᠠᠨᠠᠯ ᠲᠠᠢ ᠪᠣᠯ᠂ 2024 ᠣᠨ ᠤ 5 ᠳ᠋ᠤᠭᠠᠷ ᠰᠠᠷ᠎ᠠ ᠶᠢᠨ 16 ᠤ ᠡᠳᠦᠷ ᠠᠴᠠ ᠡᠮᠦᠨ᠎ᠡ ᠰᠠᠨᠠᠯ ᠢᠶᠠᠨ nmgbzch@163.com ᠳᠤ ᠶᠠᠪᠤᠭᠤᠯᠵᠤ ᠬᠠᠷᠢᠭᠤ ᠲᠤᠰᠬᠠᠭᠠᠷᠠᠢ᠃

    ᠬᠠᠷᠢᠯᠴᠠᠬᠤ ᠬᠥᠮᠦᠨ᠄ ᠪᠠᠷᠢᠮᠵᠢᠶᠠᠵᠢᠯ ᠤᠨ ᠭᠠᠵᠠᠷ  ᠬᠤ᠋ ᠼᠠᠢ ᠬᠤᠩ

    ᠤᠲᠠᠰᠤ᠄ 0471 – 6628243

    ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠢᠭᠰᠠᠭᠠᠨ ᠪᠠᠶᠢᠴᠠᠭᠠᠭᠰᠠᠨ ᠳ᠋ᠦᠩᠨᠡᠯᠲᠡ ᠶᠢᠨ ᠨᠠᠷᠢᠨ ᠬᠠᠭᠤᠳᠠᠰᠤ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

                2024 ᠣᠨ ᠤ 5 ᠳ᠋ᠤᠭᠠᠷ ᠰᠠᠷ᠎ᠠ ᠶᠢᠨ 8 ᠤ ᠡᠳᠦᠷ

 

    ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠵᠢᠭᠰᠠᠭᠠᠨ ᠪᠠᠶᠢᠴᠠᠭᠠᠭᠰᠠᠨ ᠳ᠋ᠦᠩᠨᠡᠯᠲᠡ ᠶᠢᠨ ᠨᠠᠷᠢᠨ ᠬᠠᠭᠤᠳᠠᠰᠤ.pdf

 

ᠢᠷᠡᠯᠲᠡ᠄ ᠪᠠᠷᠢᠮᠵᠢᠶᠠᠵᠢᠯ ᠤᠨ ᠭᠠᠵᠠᠷ