ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶ ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ 2 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠨ ᠨᠡᠶᠢᠳᠡᠯᠡᠪᠡ
ᠨᠡᠶᠢᠲᠡᠯᠡᠭᠰᠡᠨ ᠴᠠᠭ᠄
2024/5/9

    ᠣᠶᠢᠷ᠎ᠠ  ᠶᠢᠨ ᠡᠳᠦᠷ᠂ ︽ᠳᠡᠷᠪᠡᠯᠵᠢ ᠲᠠᠷᠢᠵᠤ ᠴᠢᠬᠢ ᠪᠣᠶᠢᠵᠢᠭᠤᠯᠬᠤ ᠮᠡᠷᠭᠡᠵᠢᠯ ᠤᠨ ᠳᠦᠷᠢᠮᠯᠡᠯ︾ ︽ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠭᠡᠯ ᠢᠶᠠᠷ ᠨᠤᠲᠤᠭ ᠪᠡᠯᠴᠢᠭᠡᠷ ᠤᠨ ᠭᠠᠵᠠᠷ ᠳᠡᠭᠡᠷᠡᠬᠢ ᠬᠥᠨᠥᠭᠡᠯᠲᠦ ᠬᠤᠯᠤᠭᠠᠨ᠎ᠠ ᠶᠢ ᠰᠡᠷᠭᠡᠶᠢᠯᠡᠨ ᠵᠠᠰᠠᠬᠤ ᠮᠡᠷᠭᠡᠵᠢᠯ ᠤᠨ ᠳᠦᠷᠢᠮᠯᠡᠯ︾ ᠵᠡᠷᠭᠡ 2 ᠵᠦᠢᠯ ᠤᠨ ᠣᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠠᠬᠢ ᠣᠷᠣᠨ ᠨᠤᠲᠤᠭ ᠤᠨ ᠪᠠᠷᠢᠮᠵᠢᠶ᠎ᠠ ᠶᠢ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠᠷ ᠵᠥᠪᠰᠢᠶᠡᠷᠡᠭᠦᠯᠦᠭᠡᠳ ᠨᠡᠶᠢᠲᠡᠯᠡᠬᠦ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ 5 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠤᠨ᠎ᠠ᠃ ︽ᠳᠡᠷᠪᠡᠯᠵᠢ ᠲᠠᠷᠢᠵᠤ ᠴᠢᠬᠢ ᠪᠣᠶᠢᠵᠢᠭᠤᠯᠬᠤ ᠮᠡᠷᠭᠡᠵᠢᠯ ᠤᠨ ᠳᠦᠷᠢᠮᠯᠡᠯ︾ ︽ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠭᠡᠯ ᠢᠶᠠᠷ ᠨᠤᠲᠤᠭ ᠪᠡᠯᠴᠢᠭᠡᠷ ᠤᠨ ᠭᠠᠵᠠᠷ ᠳᠡᠭᠡᠷᠡᠬᠢ ᠬᠥᠨᠥᠭᠡᠯᠲᠦ ᠬᠤᠯᠤᠭᠠᠨ᠎ᠠ ᠶᠢ ᠰᠡᠷᠭᠡᠶᠢᠯᠡᠨ ᠵᠠᠰᠠᠬᠤ ᠮᠡᠷᠭᠡᠵᠢᠯ ᠤᠨ ᠳᠦᠷᠢᠮᠯᠡᠯ︾ ᠵᠡᠷᠭᠡ 2 ᠵᠦᠢᠯ ᠤᠨ ᠣᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠳᠠᠬᠢ ᠣᠷᠣᠨ ᠨᠤᠲᠤᠭ ᠤᠨ ᠪᠠᠷᠢᠮᠵᠢᠶ᠎ᠠ ᠶᠢ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠᠷ ᠵᠥᠪᠰᠢᠶᠡᠷᠡᠭᠦᠯᠦᠭᠡᠳ ᠨᠡᠶᠢᠲᠡᠯᠡᠬᠦ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ 5 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠤᠨ᠎ᠠ᠃

    ︽ᠳᠡᠷᠪᠡᠯᠵᠢ ᠲᠠᠷᠢᠵᠤ ᠴᠢᠬᠢ ᠪᠣᠶᠢᠵᠢᠭᠤᠯᠬᠤ ᠮᠡᠷᠭᠡᠵᠢᠯ ᠤᠨ ᠳᠦᠷᠢᠮᠯᠡᠯ︾ ᠢ ᠲᠣᠭᠲᠠᠭᠠᠭᠰᠠᠨ ᠨᠢ ᠣᠷᠳᠣᠰ ᠬᠤᠲᠠ ᠵᠢᠴᠢ ᠠᠳᠠᠯᠢᠪᠲᠤᠷ ᠭᠠᠵᠠᠷ ᠵᠦᠢ ᠶᠢᠨ ᠲᠥᠷᠥᠯ ᠬᠡᠯᠪᠡᠷᠢ ᠲᠠᠢ ᠭᠠᠵᠠᠷ ᠣᠷᠣᠨ ᠤ ᠣᠢ ᠮᠣᠳᠣ ᠡᠪᠡᠰᠦ ᠪᠣᠶᠢᠵᠢᠭᠤᠯᠬᠤ ᠦᠢᠯᠡᠳᠪᠦᠷᠢᠯᠡᠯ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠳᠡᠷᠪᠡᠯᠵᠢ ᠳᠠᠷᠢᠵᠤ ᠴᠢᠬᠢ ᠪᠤᠶᠢᠵᠢᠭᠤᠯᠬᠤ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ᠂ ᠳᠡᠷᠪᠡᠯᠵᠢ ᠶᠢᠨ ᠥᠨᠳᠥᠷ ᠲᠣᠭᠲᠠᠭᠤᠨ ᠬᠤᠷᠢᠶᠠᠯᠲᠠ ᠲᠠᠢ ᠪᠠᠶᠢᠬᠤ ᠵᠢᠴᠢ ᠪᠠᠷᠢᠮᠵᠢᠶᠠᠵᠢᠭᠤᠯᠤᠨ ᠳᠠᠷᠢᠵᠤ ᠴᠢᠬᠢ ᠪᠤᠶᠢᠵᠢᠭᠤᠯᠬᠤ ᠵᠢᠴᠢ ᠴᠢᠨᠠᠷ ᠰᠠᠶᠢᠲᠠᠶ ᠦᠢᠯᠡᠳᠪᠦᠷᠢᠯᠡᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠭᠡᠯ ᠢᠶᠠᠷ ᠨᠤᠲᠤᠭ ᠪᠡᠯᠴᠢᠭᠡᠷ ᠤᠨ ᠭᠠᠵᠠᠷ ᠳᠡᠭᠡᠷᠡᠬᠢ ᠬᠥᠨᠥᠭᠡᠯᠲᠦ ᠬᠤᠯᠤᠭᠠᠨ᠎ᠠ ᠶᠢ ᠰᠡᠷᠭᠡᠶᠢᠯᠡᠨ ᠵᠠᠰᠠᠬᠤ ᠮᠡᠷᠭᠡᠵᠢᠯ ᠤᠨ ᠳᠦᠷᠢᠮᠯᠡᠯ︾ ᠢ ᠨᠡᠶᠢᠲᠡᠯᠡᠨ ᠬᠡᠷᠡᠭᠵᠢᠭᠦᠯᠦᠭᠰᠡᠨ ᠨᠢ ᠣᠷᠳᠣᠰ ᠬᠤᠲᠠ ᠶᠢᠨ ᠵᠢᠯᠣᠭᠤᠴᠢ ᠥᠬᠡᠶ ᠨᠢᠰᠬᠡᠯ ᠢ ᠨᠤᠲᠤᠭ ᠪᠡᠯᠴᠢᠭᠡᠷ ᠤᠨ ᠬᠥᠨᠥᠭᠡᠯᠲᠦ ᠬᠤᠯᠤᠭᠠᠨ᠎ᠠ ᠶᠢ ᠰᠡᠷᠭᠡᠶᠢᠯᠡᠨ ᠬᠢᠵᠠᠭᠠᠷᠯᠠᠬᠤ ᠳᠤ ᠬᠡᠷᠡᠭᠯᠡᠬᠦ ᠮᠡᠷᠭᠡᠵᠢᠯ ᠤᠨ ᠠᠵᠢᠯᠯᠠᠭ᠎ᠠ ᠶᠢᠨ ᠲᠠᠯ᠎ᠠ ᠪᠠᠷ ᠬᠢ ᠬᠤᠭᠤᠰᠣᠨ ᠢ ᠨᠥᠬᠦᠪᠥᠷᠢᠯᠡᠵᠦ᠂ ᠰᠡᠷᠭᠡᠶᠢᠯᠡᠨ ᠵᠠᠰᠠᠬᠤ ᠠᠵᠢᠯ ᠢ ᠵᠢᠷᠤᠮᠵᠢᠭᠤᠯᠤᠨ ᠵᠢᠯᠣᠭᠤᠳᠴᠤ᠂ ᠠᠵᠢᠯ ᠤᠨ ᠶᠠᠰᠤ ᠴᠢᠨᠠᠷ ᠢ ᠪᠠᠲᠤᠯᠠᠵᠤ᠂ ᠬᠥᠨᠥᠭᠡᠯᠲᠦ ᠬᠤᠯᠤᠭᠠᠨ᠎ᠠ ᠶᠢᠨ ᠨᠢᠭᠲᠠᠴᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠬᠦ ᠪᠠ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢᠨ ᠬᠠᠮᠲᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠤᠨ ᠬᠡᠮᠵᠢᠭᠳᠡᠯ ᠠᠴᠠ ᠬᠡᠲᠦᠷᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ᠂ ᠮᠠᠯ ᠠᠵᠤ ᠠᠬᠤᠶ ᠳᠤ ᠬᠤᠬᠢᠷᠠᠯ ᠤᠴᠠᠷᠠᠭᠤᠯᠬᠤ ᠶᠢ ᠪᠦᠲᠦᠮᠵᠢᠲᠡᠢ ᠬᠤᠷᠢᠭᠯᠠᠬᠤ ᠪᠣᠯᠣᠨ᠎ᠠ᠃

    ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠤᠯᠪᠣᠭᠠᠯᠠᠨ ᠬᠥᠳᠡᠯᠦᠯᠴᠡᠵᠦ ᠬᠠᠷᠢᠯᠴᠠᠨ ᠨᠡᠪᠲᠡᠷᠡᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠥᠯᠡᠷᠬᠡᠭᠵᠢᠯ ᠢ ᠶᠡᠷᠦᠩᠬᠡᠶᠢᠯᠡᠨ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠴᠢᠩᠭᠠᠳᠬᠠᠵᠤ᠂ ᠣᠷᠳᠣᠰ ᠤᠨ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠣᠷᠳᠣᠰ ᠤᠨ ᠣᠶ ᠰᠢᠭᠤᠶ ᠡᠪᠡᠰᠦ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ᠎ᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ