ᠡᠷᠡᠭᠦᠯᠵᠢᠯ ᠤᠨ ᠢᠳᠡᠭᠡᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ︵ᠠᠷᠪᠠᠨ ᠲᠠᠪᠤ︶
ᠨᠡᠶᠢᠲᠡᠯᠡᠭᠰᠡᠨ ᠴᠠᠭ᠄
2024/5/9

    ᠠᠰᠠᠭᠤᠯᠲᠠ᠄ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠬᠤ ᠬᠠᠮᠢᠶᠠᠷᠤᠯᠲᠠ ᠬᠢᠬᠦ ᠳᠤ ᠶᠠᠭᠤ ᠶᠢ ᠠᠩᠬᠠᠷᠬᠤ ᠪᠤᠢ︖

    ᠬᠠᠷᠢᠭᠤᠯᠲᠠ᠄ 4 ᠳ᠋ᠦ᠋ᠭᠡᠷ ᠰᠠᠷ᠎ᠠ ᠶᠢᠨ 30 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ︽ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠶᠢᠨ ᠳᠠᠩᠰᠠᠯᠠᠭᠤᠯᠬᠤ ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ︾ ︵ᠳᠣᠷᠣᠭᠰᠢ ︽ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠡᠷᠡᠭᠦᠯᠵᠢᠯ ᠤᠨ ᠢᠳᠡᠭᠡᠨ ᠳᠤ ᠳᠠᠩᠰᠠᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃

    2023 ᠣᠨ ᠤ 12 ᠳ᠋ᠤᠭᠠᠷ ᠰᠠᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ   ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠲᠠᠢ᠂ ᠪᠢᠯᠢᠭᠲᠦ ᠳᠡᠯᠳᠡᠦ︾ ᠶᠢ ᠨᠡᠶᠢᠲᠡᠯᠡᠵᠦ᠂ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠲᠠᠢ᠂ ᠪᠢᠯᠢᠭᠲᠦ ᠳᠡᠯᠳᠡᠦ ᠶᠢ ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ ᠲᠤ ᠣᠷᠣᠭᠤᠯᠬᠤ ᠪᠣᠯᠣᠨ᠎ᠠ᠃ ᠲᠣᠰ ᠤᠳᠠᠭᠠᠨ ᠤ ᠨᠡᠶᠢᠲᠡᠯᠡᠭᠰᠡᠨ ︽ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ︾ ᠳᠤ ᠭᠤᠷᠪᠠᠨ ᠲᠦᠭᠦᠬᠡᠶ ᠮᠠᠲ᠋ᠧᠷᠢᠶᠠᠯ ᠤᠨ ᠦᠢᠯᠡᠳᠭᠦᠨ ᠢ ᠳᠠᠩᠰᠠᠯᠠᠭᠤᠯᠬᠤ ᠦᠶ᠎ᠡ ᠳᠤ ᠬᠡᠷᠡᠭᠯᠡᠵᠦ ᠪᠣᠯᠬᠤ ᠲᠤᠰᠠᠯᠠᠬᠤ ᠮᠠᠲ᠋ᠧᠷᠢᠶᠠᠯ᠂ ᠡᠮ ᠤᠨ ᠬᠡᠯᠪᠡᠷᠢ᠂ ᠤᠷᠠᠯᠠᠯ ᠵᠡᠷᠭᠡ ᠮᠡᠷᠭᠡᠵᠢᠯ ᠤᠨ ᠱᠠᠭᠠᠷᠳᠠᠯᠭ᠎ᠠ ᠶᠢ ᠲᠣᠭᠲᠠᠭᠠᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠂ ᠵᠢᠱᠢᠶᠡᠯᠡᠪᠡᠯ ᠪᠡᠯᠭᠡ ᠲᠡᠮᠲᠡᠭᠲᠦ ᠴᠢᠨᠠᠷᠲᠠᠢ ᠪᠦᠷᠢᠯᠳᠦᠬᠦᠨ᠂ ᠪᠣᠬᠢᠷᠲᠤᠯ ᠪᠣᠳᠠᠰ ᠤᠨ ᠭᠦᠢᠴᠡᠳᠬᠡᠯ ᠲᠤᠭ᠎ᠠ ᠵᠡᠷᠭᠡ ᠨᠢ ᠡᠷᠬᠡᠪᠰᠢ ᠮᠠᠨ ᠤ ᠤᠯᠤᠰ ᠤᠨ ᠬᠤᠯᠪᠣᠭᠳᠠᠯ ᠪᠥᠬᠦᠶ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃

    ᠲᠣᠰ ᠤᠳᠠᠭ᠎ᠠ ᠣᠷᠬᠤᠳᠠᠶ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠬᠤ ᠬᠠᠮᠢᠶᠠᠷᠤᠯᠲᠠ ᠳᠤ ᠣᠷᠣᠭᠤᠯᠬᠤ ᠨᠢ ᠮᠠᠨ ᠤ ᠤᠯᠤᠰ ᠤᠨ ᠤᠯᠠᠮᠵᠢᠯᠠᠯᠲᠤ ᠬᠢᠲᠠᠳ ᠡᠮ ᠤᠨ ᠲᠥᠷᠥᠯ ᠤᠨ ᠲᠦᠭᠦᠬᠡᠶ ᠮᠠᠲ᠋ᠧᠷᠢᠶᠠᠯ ᠢ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠬᠤ ᠬᠠᠮᠢᠶᠠᠷᠤᠯᠲᠠ ᠳᠤ ᠠᠩᠬ᠎ᠠ ᠤᠳᠠᠭ᠎ᠠ ᠣᠷᠣᠭᠤᠯᠤᠭᠰᠠᠨ ᠪᠣᠯᠬᠤᠷ ᠳᠠᠩᠰᠠᠯᠠᠭᠤᠯᠬᠤ ᠦᠢᠯᠡᠳᠬᠦᠨ ᠨᠢ ᠤᠯᠠᠮᠵᠢᠯᠠᠯᠲᠤ ᠬᠡᠷᠡᠭᠯᠡᠭᠡᠨ ᠤ ᠠᠷᠭ᠎ᠠ ᠮᠠᠶ᠋ᠢᠭ᠂ ᠤᠯᠠᠮᠵᠢᠯᠠᠯᠲᠤ ᠢᠳᠡᠭᠡᠨ ᠤ ᠬᠡᠷᠡᠭᠯᠡᠭᠴᠢ ᠪᠠ ᠤᠯᠠᠮᠵᠢᠯᠠᠯᠲᠤ ᠡᠳ᠋ᠰᠢᠭᠦᠯᠬᠦ ᠤᠷᠠᠨ ᠳᠠᠷᠬ᠎ᠠ ᠶᠢ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃ ᠡᠭᠦᠨ ᠤ ᠬᠠᠮᠲᠤ ᠳᠠᠩᠰᠠᠯᠠᠭᠤᠯᠤᠭᠴᠢ ᠶᠢ ᠡᠷᠬᠡᠪᠰᠢ ᠡᠷᠡᠭᠦᠯᠵᠢᠯ ᠤᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠶᠢ ᠪᠦᠷᠢᠯᠳᠦᠭᠦᠯᠵᠦ᠂ ᠳᠠᠩᠰᠠᠯᠠᠭᠤᠯᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠦᠢᠯᠡᠳᠬᠦᠨ ᠤ ᠶᠠᠰᠤ ᠴᠢᠨᠠᠷ ᠢ ᠡᠵᠡᠮᠳᠡᠵᠦ ᠪᠣᠯᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠪᠡᠶᠡᠯᠡᠭᠦᠯᠵᠦ ᠴᠢᠳᠠᠬᠤ ᠶᠢᠨ ᠲᠤᠰᠠᠳᠠ᠂ ᠳᠠᠩᠰᠠᠯᠠᠭᠤᠯᠬᠤ ᠭᠤᠶᠤᠴᠢᠯᠠᠭᠴᠢ ᠡᠷᠬᠡᠪᠰᠢ ᠵᠣᠬᠢᠴᠠᠩᠭᠤᠶ ᠲᠦᠭᠦᠬᠡᠶ ᠮᠠᠲ᠋ᠧᠷᠢᠶᠠᠯ ᠢ ᠭᠠᠷᠭᠠᠨ ᠠᠪᠬᠤ ᠵᠡᠷᠭᠡ ᠪᠠᠷ ᠤᠷᠢᠳ ᠲᠤ ᠰᠢᠢᠳᠪᠦᠷᠢᠯᠡᠬᠦ ᠴᠢᠳᠠᠪᠤᠷᠢ ᠶᠢ ᠪᠦᠷᠢᠳᠦᠭᠦᠯᠵᠦ᠂ ᠦᠢᠯᠡᠳᠪᠦᠷᠢᠯᠡᠯ ᠤᠨ ᠨᠥᠬᠦᠴᠡᠯ ᠢ ᠲᠦᠷ ᠪᠦᠷᠢᠯᠳᠦᠭᠦᠯᠦᠭᠡᠳᠦᠶ ᠪᠣᠯ ᠳᠠᠩᠰᠠᠯᠠᠭᠤᠯᠬᠤ ᠬᠠᠮᠢᠶᠠᠷᠤᠯᠲᠠ ᠳᠤ ᠣᠷᠣᠭᠤᠯᠬᠤ ᠦᠭᠡᠶ᠃ ᠤᠯᠠᠮᠵᠢᠯᠠᠯᠲᠤ ᠡᠷᠡᠭᠦᠯᠵᠢᠯ ᠪᠡᠶ᠎ᠡ ᠰᠤᠪᠢᠯᠠᠬᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ᠂ ᠳᠠᠩᠰᠠᠯᠠᠭᠤᠯᠬᠤ ᠦᠢᠯᠡᠳᠬᠦᠨ ᠤ ᠠᠶᠤᠯᠭᠦᠢ ᠴᠢᠨᠠᠷ ᠪᠣᠯᠤᠨ ᠦᠷ᠎ᠡ ᠪᠦᠲᠦᠮᠵᠢᠲᠦ ᠴᠢᠨᠠᠷ ᠢ ᠪᠠᠲᠤᠯᠠᠬᠤ ᠬᠡᠷᠡᠭᠲᠡᠶ᠃

    ︽ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ︾ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠮᠠᠨ ᠤ ᠣᠷᠣᠨ ᠤ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠬᠤ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠣᠷᠬᠤᠳᠠᠶ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠶᠢᠨ ᠡᠷᠡᠭᠦᠯᠵᠢᠯ ᠤᠨ ᠢᠳᠡᠭᠡᠨ ᠢ ᠳᠠᠩᠰᠠᠯᠠᠭᠤᠯᠵᠤ ᠬᠢᠨᠠᠨ ᠬᠠᠮᠢᠶᠠᠷᠬᠤ ᠪᠠ ᠮᠥᠷᠳᠡᠬᠦ ᠶᠠᠪᠤᠴᠠ ᠳᠤ᠂ ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠤᠨ ᠭᠠᠷᠴᠠᠭ ᠤᠨ ᠲᠦᠭᠦᠬᠡᠶ ᠮᠠᠲ᠋ᠧᠷᠢᠶᠠᠯ ᠤᠨ ᠮᠡᠷᠭᠡᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠡᠪᠯᠡᠯ ᠤᠨ ︽ᠳᠤᠮᠳᠠᠳᠤ ᠤᠯᠤᠰ ᠤᠨ ᠡᠮ ᠤᠨ ᠲᠣᠯᠢ︾ ᠪᠣᠯᠤᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠢᠨᠠᠨ ᠬᠠᠮᠢᠶᠠᠷᠤᠨ᠎ᠠ᠃ ᠣᠷᠬᠤᠳᠠᠶ᠂  ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠡᠷᠡᠭᠦᠯᠵᠢᠯ ᠤᠨ ᠢᠳᠡᠭᠡᠨ ᠤ ᠳᠠᠩᠰᠠᠯᠠᠭᠤᠯᠬᠤ ᠬᠡᠷᠡᠭᠴᠡᠭᠡ ᠪᠦᠬᠦᠢ ᠠᠵᠤ ᠠᠬᠤᠶᠢᠯᠠᠯ ᠨᠢ ︽ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ︾᠂ ᠣᠳᠣ ᠶᠢᠨ ᠬᠡᠷᠡᠭᠵᠢᠭᠦᠯᠵᠦ ᠪᠠᠶᠢᠭ᠎ᠠ ᠬᠡᠪᠯᠡᠯ ᠤᠨ ︽ᠳᠤᠮᠳᠠᠳᠤ ᠤᠯᠤᠰ ᠤᠨ ᠡᠮ ᠤᠨ ᠲᠤᠯᠢ︾ ᠪᠣᠯᠤᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠣᠰᠣᠭᠠᠷ ᠬᠢᠨᠠᠮᠠᠭᠠᠶ ᠪᠡᠯᠡᠳᠬᠡᠯ ᠬᠢᠬᠦ ᠬᠡᠷᠡᠭᠲᠡᠶ᠃

    ᠳᠠᠭᠠᠯᠳᠤᠭᠤᠯᠤᠯ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︿ᠡᠷᠡᠭᠦᠯᠵᠢᠯ ᠤᠨ ᠢᠳᠡᠭᠡᠨ ᠤ ᠲᠦᠭᠦᠬᠡᠶ ᠮᠠᠲ᠋ᠧᠷᠢᠶᠠᠯ ᠪᠣᠯᠬᠤ ᠣᠷᠬᠤᠳᠠᠢ᠂ ᠤᠮᠠᠷᠠᠲᠤ ᠠᠮᠧᠷᠢᠺᠠ ᠶᠢᠨ ᠣᠷᠬᠤᠳᠠᠢ᠂ ᠪᠢᠯᠢᠭᠲᠦ ᠳᠡᠯᠳᠡᠦ ᠶᠢᠨ ᠳᠠᠩᠰᠠᠯᠠᠭᠤᠯᠬᠤ ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ﹀ ᠶᠢ ᠨᠡᠶᠢᠲᠡᠯᠡᠬᠦ ᠲᠤᠬᠠᠶ ᠵᠠᠷᠯᠠᠯ.pdf


 

ᠢᠷᠡᠯᠲᠡ᠄ ᠤᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠬᠤᠳᠠ ᠶᠢᠨ ᠰᠢᠨ᠎ᠡ ᠦᠭᠡ ᠬᠡᠯᠡ