ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠶ ᠪᠣᠯᠭᠠᠬᠤ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/6/13

    ︵ᠥᠪᠥᠷ ᠵᠠᠬ᠎ᠠ ᠬᠢᠨᠠᠯᠲᠠ ᠣᠨᠴᠠ ᠬᠦᠴᠦᠨ ᠦᠭᠡᠶ ᠪᠣᠯᠭᠠᠬᠤ ᠦᠰᠦᠭ ﹇ 2024﹈ 001 ᠳ᠋ᠦ᠋ᠭᠡᠷ ᠲᠣᠭᠠᠲᠤ︶

    ᠲᠤᠬᠠᠢ ᠶᠢᠨ ᠬᠥᠮᠦᠨ᠄ ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ

    ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠣᠯᠠᠬᠤ ᠨᠣᠮᠧᠷ ︵ᠳᠠᠩᠰᠠᠯᠠᠭᠤᠯᠤᠭᠰᠠᠨ ᠨᠣᠮᠧᠷ︶᠄ 91150291089581584E  

    ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ᠂ ᠡᠵᠡᠩᠨᠡᠭᠴᠢ︶᠄ ᠨᠢ ᠺᠤᠸᠠᠨ ᠲᠢᠶᠠᠨ

    ᠪᠡᠶ᠎ᠡ ᠶᠢᠨ ᠦᠨᠡᠮᠯᠡᠯ ︵ᠪᠤᠰᠤᠳ ᠬᠦᠴᠦᠨ ᠪᠦᠬᠦᠢ ᠦᠨᠡᠮᠯᠡᠯ︶ ᠤᠨ ᠨᠣᠮᠧᠷ᠄ ᠲᠣᠪᠴᠢᠯᠠᠪᠠ

    ᠬᠠᠷᠢᠯᠴᠠᠬᠤ ᠣᠳᠠᠰᠣ᠄ ᠲᠣᠪᠴᠢᠯᠠᠪᠠ

    ᠬᠠᠷᠢᠯᠴᠠᠬᠤ ᠬᠠᠶᠢᠭ᠄ ᠲᠣᠪᠴᠢᠯᠠᠪᠠ

    2023 ᠣᠨ ᠤ 7 ᠳ᠋ᠤᠭᠠᠷ ᠰᠠᠷ᠎ᠠ ᠶᠢᠨ 7 ᠤ ᠡᠳᠦᠷ᠂ ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ︽ᠥᠪᠡᠰᠦᠪᠡᠨ ᠢᠯᠡᠷᠬᠡᠶᠢᠯᠡᠭᠰᠡᠨ ᠠᠮᠠᠯᠠᠯᠲᠠ ᠪᠠᠷ ᠦᠨᠡᠮᠯᠡᠯ ᠰᠣᠯᠢᠬᠤ ︾ ᠭᠡᠵᠦ ᠳᠤᠷᠠᠳᠴᠤ᠂ 2023 ᠣᠨ ᠤ 7 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠯ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾ ᠢ ᠣᠯᠵᠤ᠂ ᠦᠨᠡᠮᠯᠡᠯ ᠤᠨ ᠳ᠋ᠤᠭᠠᠷ ᠨᠢ TS2415010—2027 ᠃ 2023 ᠣᠨ ᠤ 10 ᠳ᠋ᠤᠭᠠᠷ ᠰᠠᠷ᠎ᠠ ᠶᠢᠨ 8 ᠤ ᠡᠳᠦᠷ᠂ ᠦᠨᠡᠮᠯᠡᠯ ᠤᠨ ᠳᠠᠷᠠᠭ᠎ᠠ ᠬᠢᠨᠠᠯᠲᠠ ᠲᠠᠯᠪᠢᠵᠤ ᠪᠠᠶᠢᠴᠠᠭᠠᠬᠤ ᠪᠠᠷ ᠳᠡᠮᠵᠢᠨ᠂ ︽ᠥᠪᠡᠰᠦᠪᠡᠨ ᠢᠯᠡᠷᠬᠡᠶᠢᠯᠡᠭᠰᠡᠨ ᠠᠮᠠᠯᠠᠯᠲᠠ ᠪᠠᠷ ᠦᠨᠡᠮᠯᠡᠯ ᠰᠣᠯᠢᠬᠤ︾ ᠭᠤᠤᠯ ᠮᠠᠲ᠋ᠧᠷᠢᠶᠠᠯ ᠨᠢ ᠬᠤᠳᠠᠯ ᠬᠠᠭᠤᠷᠮᠠᠭ ᠮᠠᠲ᠋ᠧᠷᠢᠶᠠᠯ ᠪᠠᠶᠢᠵᠤ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠤᠨ ᠳᠠᠷᠠᠭᠠᠬᠢ ᠪᠠᠶᠢᠴᠠᠭᠠᠯᠲᠠ ᠶᠢᠨ ᠲᠡᠮᠳᠡᠭᠯᠡᠯ︾ ᠤᠨ ᠨᠠᠢᠮᠠᠨ ᠭᠤᠤᠯ ᠠᠭᠤᠯᠭ᠎ᠠ ᠨᠢ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠪᠠ ᠰᠠᠪᠠᠯᠠᠵᠤ ᠲᠥᠬᠦᠭᠡᠷᠬᠦ ᠨᠢᠭᠡᠴᠢ ᠶᠢᠨ ᠵᠥᠪᠰᠢᠶᠡᠷᠡᠯ ᠤᠨ ᠲᠦᠷᠢᠮ︾ ᠤᠨ ᠲᠣᠭᠲᠠᠭᠠᠯ ᠢ ᠬᠠᠩᠭᠠᠵᠤ ᠳᠡᠶᠢᠯᠬᠦ ᠥᠬᠡᠶ ᠪᠠᠶᠢᠬᠤ ᠶᠢ ᠣᠯᠵᠤ ᠮᠡᠳᠡᠵᠡᠢ᠃     ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠠᠴᠠ ᠬᠢᠨᠠᠨ ᠪᠠᠶᠢᠴᠠᠭᠠᠬᠤ ᠵᠠᠷᠯᠢᠭ ᠤᠨ ᠪᠢᠴᠢᠭ ︵ᠪᠤᠭᠤᠲᠤ ᠬᠤᠪᠣᠷ ᠰᠢᠷᠣᠶ ᠬᠢᠨᠠᠯᠲᠠ ᠣᠨᠴᠠ ᠵᠠᠷᠯᠢᠭ ﹇2023﹈ 1003 ᠳ᠋ᠤᠭᠠᠷ ᠲᠣᠭᠠᠲᠤ︶ ᠢ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ 2024 ᠣᠨ ᠤ 5 ᠳ᠋ᠤᠭᠠᠷ ᠰᠠᠷ᠎ᠠ ᠶᠢᠨ 9 ᠤ ᠡᠳᠦᠷ ᠲᠤᠬᠠᠶ ᠶᠢᠨ ᠲᠠᠯᠠᠪᠠᠶ ᠳᠤ ᠳᠠᠬᠢᠨ ᠬᠠᠷᠭᠤᠭᠤᠯᠤᠨ ᠪᠠᠶᠢᠴᠠᠭᠠᠬᠤ ᠳᠤ᠂ ᠳᠠᠯᠳᠠ ᠬᠡᠮ ᠤᠨ ᠠᠰᠠᠭᠤᠳᠠᠯ ᠢ ᠮᠥᠨ ᠯᠡ ᠴᠡᠭᠴᠡᠯᠡᠨ ᠰᠠᠶᠢᠵᠢᠷᠠᠭᠤᠯᠤᠭᠰᠠᠨ ᠥᠬᠡᠶ᠃

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠥᠪᠡᠷ ᠢᠶᠠᠨ ᠠᠮᠠᠯᠠᠵᠤ ᠦᠨᠡᠮᠯᠡᠯ ᠰᠣᠯᠢᠭᠰᠠᠨ ᠤ ᠳᠠᠷᠠᠭ᠎ᠠ ᠬᠢᠨᠠᠯᠲᠠ ᠲᠠᠯᠪᠢᠵᠤ ᠪᠠᠶᠢᠴᠠᠭᠠᠭᠰᠠᠨ ᠵᠢᠴᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠳᠦᠰᠦᠯᠡᠨ᠂ ᠲᠣᠰ ᠺᠣᠮᠫᠠᠨᠢ ᠶᠢᠨ ︽ᠥᠪᠡᠰᠦᠪᠡᠨ ᠢᠯᠡᠷᠬᠡᠶᠢᠯᠡᠭᠰᠡᠨ ᠠᠮᠠᠯᠠᠯᠲᠠ ᠪᠠᠷ ᠦᠨᠡᠮᠯᠡᠯ ᠰᠣᠯᠢᠬᠤ︾ ᠳᠤᠮᠳᠠ ᠬᠠᠩᠭᠠᠭᠰᠠᠨ ᠬᠤᠯᠪᠣᠭᠳᠠᠯ ᠪᠥᠬᠦᠶ ᠠᠭᠤᠯᠭ᠎ᠠ ᠨᠢ ᠬᠤᠳᠠᠯ ᠬᠠᠭᠤᠷᠮᠠᠭ ᠮᠠᠲ᠋ᠧᠷᠢᠶᠠᠯ ᠪᠣᠯᠤᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ 69 ᠳ᠋ᠦ᠋ᠭᠡᠷ ᠵᠦᠢᠯ ᠤᠨ ᠲᠣᠭᠲᠠᠭᠠᠯ ᠢ ᠵᠥᠷᠢᠴᠡᠪᠡ᠃

    ᠳᠡᠭᠡᠷ᠎ᠡ ᠳᠤᠷᠠᠳᠤᠭᠰᠠᠨ ᠪᠣᠳᠠᠲᠤ ᠬᠡᠷᠡᠭ ᠢ ᠭᠤᠣᠯᠳᠠᠭᠤ ᠳᠣᠣᠷᠠᠬᠢ ᠭᠡᠷᠡᠴᠢ ᠪᠠᠷᠢᠮᠲᠠ ᠪᠠᠷ ᠭᠡᠷᠡᠴᠢᠯᠡᠪᠡ᠄

    1. ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠺᠤᠸᠠᠨ ᠲᠢᠶᠠᠨ ᠤ ᠬᠢᠨᠠᠨ ᠲᠣᠭᠲᠠᠭᠠᠯᠲᠠ ᠶᠢᠨ ᠦᠨᠡᠮᠯᠡᠯ ᠰᠣᠯᠢᠬᠤ ᠥᠪᠡᠷ ᠤᠨ ︽ᠠᠮᠠᠯᠠᠯᠲᠠ ᠶᠢᠨ ᠪᠢᠴᠢᠭ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠤᠨ ᠳᠠᠷᠠᠭᠠᠬᠢ ᠪᠠᠶᠢᠴᠠᠭᠠᠯᠲᠠ ᠶᠢᠨ ᠲᠡᠮᠳᠡᠭᠯᠡᠯ︾᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠲᠡᠮᠳᠡᠭᠯᠡᠯ︾ ᠵᠡᠷᠭᠡ ᠲᠤᠬᠠᠶ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢᠨ ᠮᠠᠲ᠋ᠧᠷᠢᠶᠠᠯ︔

    2.ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠵᠢᠭᠠᠪᠤᠷᠢ ᠶᠢᠨ ᠪᠢᠴᠢᠭ︾ ︵ᠪᠤᠭᠤᠲᠤ ᠬᠤᠪᠣᠷ ᠰᠢᠷᠣᠶ ᠬᠢᠨᠠᠯᠲᠠ ᠣᠨᠴᠠ ᠵᠠᠷᠯᠢᠭ ﹇2023﹈ 1003 ᠳ᠋ᠤᠭᠠᠷ ᠲᠣᠭᠠᠲᠤ︶᠃

    2024 ᠣᠨ ᠤ 6 ᠳ᠋ᠤᠭᠠᠷ ᠰᠠᠷ᠎ᠠ ᠶᠢᠨ 5 ᠤ ᠡᠳᠦᠷ ᠲᠣᠰ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠦᠷᠭᠡᠭᠰᠡᠨ ︽ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠬᠤ ᠮᠡᠳᠡᠭᠳᠡᠯ ᠤᠨ ᠪᠢᠴᠢᠭ︾ ︵ᠥᠪᠥᠷ ᠵᠠᠬ᠎ᠠ ᠬᠢᠨᠠᠯᠲᠠ ᠣᠨᠴᠠ ᠬᠦᠴᠦᠨ ᠥᠬᠡᠶ ᠪᠣᠯᠭᠠᠬᠤ ᠥᠰᠥᠭ ﹇2024﹈ 1 ᠳ᠋ᠦ᠋ᠭᠡᠷ ᠲᠣᠭᠠᠲᠤ︶ ᠢ ᠭᠥᠯᠢᠶᠡᠨ ᠠᠪᠬᠤ ᠶᠢ ᠲᠡᠪᠴᠢᠵᠦ᠂ ᠲᠤᠬᠠᠶ ᠶᠢᠨ ᠲᠠᠯᠠᠪᠤᠷ ᠲᠤ ᠬᠦᠷᠭᠡᠭᠰᠡᠨ ᠬᠥᠮᠦᠨ ᠪᠠ ᠭᠡᠷᠡᠴᠢᠯᠡᠭᠴᠢ ᠶᠢᠨ ᠵᠢᠷᠤᠭᠰᠠᠨ ᠭᠠᠷ ᠤᠨ ᠥᠰᠥᠭ ᠵᠢᠴᠢ ᠲᠤᠬᠠᠶ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠲᠡᠮᠳᠡᠭᠯᠡᠭᠦᠷ ᠤᠨ   ᠸᠢᠳᠢᠤ᠋ ᠵᠡᠷᠭᠡ ᠶᠢ ᠦᠨᠳᠦᠰᠦᠯᠡᠨ᠂ ︽ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠬᠤ ᠮᠡᠳᠡᠭᠳᠡᠯ ᠤᠨ ᠪᠢᠴᠢᠭ︾ ᠢ ᠲᠤᠬᠠᠶ ᠶᠢᠨ ᠲᠠᠯᠠᠪᠤᠷ ᠲᠤᠨᠢ ᠬᠦᠷᠭᠡᠭᠰᠡᠨ ᠢᠶᠠᠷ ᠦᠵᠡᠨ᠎ᠡ᠃ ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠲᠠᠪᠤᠨ ᠠᠵᠢᠯ ᠤᠨ ᠡᠳᠦᠷ ᠤᠨ ᠳᠣᠲᠣᠷ᠎ᠠ ᠲᠣᠭᠠᠴᠢᠬᠤ ᠪᠠ ᠵᠥᠪᠳᠡᠭᠡᠨ ᠲᠣᠳᠣᠷᠬᠠᠶᠢᠯᠠᠬᠤ ᠡᠷᠬᠡ ᠪᠠᠨ ᠬᠡᠷᠡᠭᠵᠢᠭᠦᠯᠦᠭᠰᠡᠨ ᠦᠭᠡᠢ᠂ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠨ ᠦᠭᠡᠢ ᠪᠣᠯᠬᠤᠷ ᠡᠨᠡ ᠡᠷᠬᠡ ᠪᠠᠨ ᠬᠠᠶᠠᠭᠰᠠᠨ ᠢᠶᠠᠷ ᠦᠵᠡᠨ᠎ᠡ᠃

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠵᠢᠷᠠ ᠶᠢᠰᠦᠳᠦᠭᠡᠷ ᠵᠦᠢᠯ᠂ ᠳᠠᠯᠠ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠤᠷᠠᠬᠢ ᠮᠡᠲᠦ ᠲᠣᠭᠲᠠᠭᠠᠯ ᠭᠠᠷᠭᠠᠪᠠ᠄

    1. ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠶᠢᠨ TS2415010 —2027 ᠳ᠋ᠤᠭᠠᠷᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾ ᠢ ᠬᠦᠴᠦᠨ ᠦᠭᠡᠢ ᠪᠣᠯᠭᠠᠨ᠎ᠠ᠂ ᠵᠥᠪᠰᠢᠶᠡᠷᠡᠯ ᠤᠨ ᠲᠥᠷᠥᠯ ᠵᠦᠢᠯ᠄ ᠡᠷᠭᠦᠭᠦᠯ ᠮᠠᠰᠢᠨ ᠦᠢᠯᠡᠳᠬᠦ ︵ᠤᠭᠰᠠᠷᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠶᠢ ᠪᠠᠭᠲᠠᠭᠠᠨ᠎ᠠ︶᠂ ᠬᠤᠪᠢᠶᠠᠷᠢ ᠲᠥᠷᠥᠯ ᠵᠦᠢᠯ᠄ ᠳᠡᠭᠳᠡᠵᠦ ᠪᠠᠭᠤᠬᠤ ᠮᠠᠰᠢᠨ᠃

    2. ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠭᠤᠷᠪᠠᠨ ᠵᠢᠯ ᠤᠨ ᠳᠣᠲᠣᠷ᠎ᠠ ᠡᠷᠭᠦᠭᠦᠯ ᠮᠠᠰᠢᠨ ᠦᠢᠯᠡᠳᠬᠦ ︵ᠤᠭᠰᠠᠷᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠶᠢ ᠪᠠᠭᠲᠠᠭᠠᠨ᠎ᠠ︶ ᠵᠥᠪᠰᠢᠶᠡᠷᠡᠯ ᠢ ᠳᠠᠬᠢᠨᠲᠠ ᠭᠤᠶᠤᠴᠢᠯᠠᠵᠤ ᠪᠣᠯᠬᠤ ᠦᠭᠡᠢ᠃

    ᠲᠤᠬᠠᠢ ᠶᠢᠨ ᠬᠥᠮᠦᠨ ᠨᠢ ᠲᠤᠰ ᠲᠣᠭᠲᠠᠭᠠᠯ ᠤᠨ ᠪᠢᠴᠢᠭ ᠢ ᠨᠡᠶᠢᠲᠡᠯᠡᠭᠰᠡᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ᠂ ᠤᠤᠯ ᠤᠨ ᠵᠥᠪᠰᠢᠶᠡᠷᠡᠯ ᠤᠨ ᠦᠨᠡᠮᠯᠡᠯ ᠤᠨ ᠵᠢᠩᠬᠢᠨᠢ ᠳᠡᠪᠲᠡᠷ᠂ ᠬᠠᠭᠤᠯᠪᠤᠷᠢ ᠳᠡᠪᠲᠡᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠤᠴᠠᠭᠠᠬᠤ ᠬᠡᠷᠡᠭᠲᠡᠶ᠃

    ᠬᠡᠷᠪᠡ ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠪᠰᠢᠶᠡᠷᠡᠬᠦ ᠦᠭᠡᠢ ᠪᠣᠯ ᠲᠤᠰ ᠲᠣᠭᠲᠠᠭᠠᠯ ᠤᠨ ᠪᠢᠴᠢᠭ ᠢ ᠨᠡᠶᠢᠲᠡᠯᠡᠭᠰᠡᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ︔ ᠡᠰᠡᠬᠦᠯ᠎ᠡ ᠲᠤᠰ ᠲᠣᠭᠲᠠᠭᠠᠯ ᠤᠨ ᠪᠢᠴᠢᠭ ᠢ ᠨᠡᠶᠢᠲᠡᠯᠡᠭᠰᠡᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠶᠢᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ ᠵᠠᠰᠠᠭ ᠵᠠᠬᠢᠷᠭᠠᠨ ᠤ ᠳᠠᠬᠢᠨ ᠵᠦᠪᠳᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠬᠤᠭᠤᠴᠠᠭᠠᠨ ᠳᠤ ᠲᠤᠰ ᠲᠣᠭᠲᠠᠭᠠᠯ ᠢ ᠬᠡᠷᠡᠭᠵᠢᠭᠦᠯᠬᠦ ᠪᠠᠨ ᠵᠣᠭᠰᠣᠬᠤ ᠦᠭᠡᠢ᠃

 

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

            2024 ᠣᠨ ᠤ 6 ᠳ᠋ᠤᠭᠠᠷ ᠰᠠᠷ᠎ᠠ ᠶᠢᠨ 13 ᠤ ᠡᠳᠦᠷ

 

ᠢᠷᠡᠯᠲᠡ᠄ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ