ᠦᠬᠠᠶ ᠬᠤᠲᠠ ︽ᠵᠢᠵᠢᠭ︾ ᠠᠵᠤ ᠠᠬᠤᠶᠢᠯᠠᠯ ᠢ ᠬᠠᠪᠰᠤᠷᠤᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/6/13

    ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 - 2025 ᠣᠨ︶︾ ᠶᠢ ᠬᠡᠷᠡᠭᠵᠢᠭᠦᠯᠵᠦ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂  ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠨ ᠢᠶᠠᠷ ᠭᠠᠷᠳᠠᠴᠠ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪᠴᠢᠶ᠎ᠡ ᠶᠢ ᠥᠷᠭᠡᠳᠬᠡᠬᠦ ᠪᠠ ᠭᠤᠤᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠴᠠ ᠭᠠᠷᠳᠠᠵᠤ᠂ ᠨᠠᠷᠢᠨ ᠬᠢᠨᠠᠮᠠᠭᠠᠶ ᠲᠥᠯᠥᠪᠯᠡᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠬᠦ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠳᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃

    ᠨᠢᠭᠡ ᠳᠤ ᠡᠭᠦᠷᠭᠡ ᠴᠢᠳᠠᠪᠤᠷᠢ ᠳᠤ ᠪᠠᠨ ᠰᠠᠭᠤᠷᠢᠯᠠᠨ ᠵᠢᠵᠢᠭ ᠪᠢᠴᠢᠯ ᠠᠵᠤ ᠠᠬᠤᠶᠢᠯᠠᠯ  ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ︽ᠦᠬᠠᠶ ᠬᠤᠲᠠ ᠶᠢᠨ ᠥᠪᠡᠷᠲᠡᠭᠡᠨ ᠵᠠᠰᠠᠬᠤ ᠣᠷᠣᠨ ᠤ ︿ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠣᠶᠢᠵᠢᠯᠲᠠ ᠶᠢᠨ ᠲᠥᠯᠥᠪᠯᠡᠭᠡ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ 55 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠮᠥᠩᠭᠦᠨ ᠭᠦᠢᠯᠭᠡᠭᠡᠨ ᠤ ᠲᠡᠳᠬᠦᠮᠵᠢ᠂ ᠬᠥᠳᠡᠯᠮᠦᠷᠢ ᠬᠦᠴᠦ ᠠᠵᠢᠯᠲᠠᠨ ᠬᠡᠷᠡᠭᠯᠡᠬᠦ ᠵᠡᠷᠭᠡ 15 ᠲᠠᠯ᠎ᠠ ᠠᠴᠠ ᠪᠥᠬᠦ ᠬᠤᠲᠠ ᠶᠢᠨ ᠡᠵᠡᠩᠨᠡᠯᠲᠡ ᠶᠢᠨ ᠭᠤᠤᠯ ᠴᠣᠭᠴᠠ ᠶᠢᠨ ︽ᠲᠤᠭ᠎ᠠ ᠬᠡᠮᠵᠢᠶ᠎ᠡ᠂ ᠶᠠᠰᠤ ᠴᠢᠨᠠᠷ︾ ᠤᠨ ᠬᠤᠤᠰ ᠳᠡᠭᠡᠭᠰᠢᠯᠡᠯᠲᠡ ᠶᠢ ᠠᠬᠢᠭᠤᠯᠪᠠ᠃ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠬᠦᠴᠦᠨ ᠢ ᠬᠤᠷᠠᠮᠳᠤᠭᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠨ ᠪᠤᠵᠠᠭᠠᠢᠢᠷᠠᠬᠤ ᠶᠢ ᠲᠡᠳᠬᠦᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠲᠡᠳᠬᠦᠬᠦ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠴᠢᠩᠭ᠎ᠠ ᠪᠠᠶᠢᠭ᠎ᠠ ᠬᠦᠴᠢᠷ ᠲᠦᠭᠵᠢᠷᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠬᠦᠳᠦᠯᠦᠨ ᠵᠢᠯᠣᠭᠤᠳᠬᠤ ᠬᠠᠮᠤᠭ ᠤᠨ ᠶᠡᠭᠡ ᠴᠢᠳᠠᠪᠤᠷᠢ ᠶᠢ ᠪᠠᠳᠠᠷᠠᠭᠤᠯᠪᠠ᠃

    ᠬᠤᠶᠠᠷ ᠲᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠴᠢᠩᠭᠠᠳᠬᠠᠪᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠢᠭᠡ ᠪᠦᠯᠦᠭ ᠨᠥᠬᠦᠴᠡᠯ ᠪᠦᠷᠢᠯᠳᠦᠭᠦᠯᠦᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠠᠵᠤ ᠠᠬᠤᠶᠢᠯᠠᠯ ᠪᠣᠯᠬᠤ ᠶᠢ ᠠᠬᠢᠭᠤᠯᠬᠤ ᠶᠢᠨ ᠲᠥᠯᠥᠭᠡ᠂ ᠦᠬᠠᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠭᠠᠳᠠᠨᠠᠬᠢ ᠠᠵᠢᠯᠯᠠᠭ᠎ᠠ ᠪᠠᠷ ᠤᠬᠠᠭᠤᠯᠬᠤ᠂ ᠪᠠᠶᠢᠴᠠᠭᠠᠨ ᠰᠤᠳᠤᠯᠵᠤ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠷᠣᠰᠢᠵᠤ ᠪᠠᠶᠢᠭ᠎ᠠ ᠬᠦᠴᠢᠷᠳᠡᠯ ᠢ ᠤᠯᠠᠨ ᠲᠠᠯ᠎ᠠ ᠠᠴᠠ ᠣᠶᠢᠯᠠᠭᠠᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠶᠡᠬᠡᠪᠡᠷ ᠤᠬᠠᠭᠤᠯᠵᠤ᠂ ᠪᠦᠬᠦ ᠬᠤᠳᠠ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠣᠲᠣ ᠪᠣᠯᠲᠠᠯ᠎ᠠ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ 16 ᠡᠷᠦᠬᠡ ︵ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ 6 ᠡᠷᠦᠬᠡ᠂ ᠲᠦᠷᠢᠶᠡᠰᠦᠯᠡᠭᠦᠯᠬᠦ ᠦᠢᠯᠡᠴᠢᠯᠡᠭᠡᠨ ᠤ ᠦᠢᠯᠡᠰ 2᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ 6᠂ ᠰᠣᠶᠣᠯ ᠵᠢᠭᠤᠯᠴᠢᠯᠠᠯ ᠪᠠ ᠦᠢᠯᠡᠳᠬᠦ ᠦᠢᠯᠡᠰ ᠲᠣᠰ ᠪᠦᠷᠢ 1 ᠡᠷᠦᠬᠡ︶ ᠶᠢ ᠪᠡᠶᠡᠯᠡᠭᠦᠯᠪᠡ᠃

    ᠭᠤᠷᠪᠠ ᠳᠤ ᠬᠡᠯᠪᠡᠷᠢ ᠬᠤᠪᠢᠶᠠᠨ ᠲᠦᠷᠦᠯ ᠬᠤᠪᠢᠶᠠᠨ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠬᠡᠷᠡᠭᠵᠢᠭᠦᠯᠪᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ︽ᠣᠷᠣᠰᠢᠨ ᠠᠮᠢᠳᠤᠷᠠᠬᠤ ᠬᠡᠯᠪᠡᠷᠢ︾ ︽ᠪᠤᠶᠢᠵᠢᠯᠲᠠ ᠶᠢᠨ ᠬᠡᠯᠪᠡᠷᠢ︾ ︽ᠬᠥᠭᠵᠢᠯᠲᠡ ᠶᠢᠨ ᠬᠡᠯᠪᠡᠷᠢ︾ ᠵᠡᠷᠭᠡ ᠭᠤᠷᠪᠠᠨ ᠲᠠᠯ᠎ᠠ ᠠᠴᠠ ᠬᠡᠯᠪᠡᠷᠢ ᠬᠤᠪᠢᠶᠠᠨ᠂ ︽ᠨᠠᠷᠠᠲᠤ ᠣᠨᠴᠠ ᠰᠢᠯᠢᠳᠡᠭ ᠰᠢᠨ᠎ᠡ︾ ᠵᠡᠷᠭᠡ ᠳᠥᠷᠪᠡᠨ ᠲᠠᠯ᠎ᠠ ᠠᠴᠠ ᠲᠥᠷᠥᠯ ᠬᠤᠪᠢᠶᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠢ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠵᠦ᠂ ᠳᠣᠲᠣᠨᠣ ᠪᠠᠷ ᠳᠡᠮᠵᠢᠬᠦ ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠪᠥᠬᠦ ᠬᠤᠲᠠ ᠶᠢᠨ ᠡᠯ᠎ᠡ ᠱᠠᠲᠤᠨ ᠤ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠴᠣᠩᠬᠤᠪᠴᠢ ᠳᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠤᠷᠢᠳᠠᠪᠠᠷ ᠭᠦᠢᠴᠡᠳᠬᠡᠬᠦ᠂ ᠰᠦᠢᠳᠬᠡᠯ ᠬᠤᠷᠢᠶᠠᠬᠤ ᠥᠬᠡᠶ ᠪᠠᠷ ᠠᠰᠠᠭᠤᠨ ᠯᠠᠪᠯᠠᠵᠤ ᠬᠠᠪᠰᠤᠷᠤᠨ ᠵᠢᠯᠣᠭᠤᠳᠬᠤ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠭᠡᠬᠦ᠂ ᠪᠣᠯᠵᠣᠬᠤ ᠪᠠ ᠮᠥᠷᠳᠡᠬᠦ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠬᠦᠴᠦ ᠪᠠᠨ ᠬᠠᠮᠲᠤᠳᠬᠠᠨ ᠠᠬᠢᠭᠤᠯᠵᠤ᠂ ᠸᠢᠴᠠᠲ ᠤᠨ ᠴᠤᠭᠯᠠᠷᠠᠯ᠂ ᠳᠡᠩᠰᠡᠯᠡᠨ ᠲᠡᠮᠳᠡᠭᠯᠡᠬᠦ ᠴᠣᠩᠬᠤᠪᠴᠢ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠠᠵᠤ ᠠᠬᠤᠶᠢᠯᠠᠯ ᠬᠢᠭᠡᠳ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠷᠢᠴᠠᠭᠤᠯᠤᠭᠰᠠᠨ ᠳᠠᠪᠠᠭᠤᠯᠢᠭ ᠢ ᠶᠡᠬᠡᠪᠡᠷ ᠤᠬᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢ ︽ᠨᠠᠳᠠ ᠶᠢ ᠬᠤᠪᠢᠷᠠᠭᠤᠯᠬᠤ︾ ᠪᠠᠶᠢᠭᠰᠠᠨ ᠠᠴᠠ ︽ᠪᠢ ᠬᠤᠪᠢᠷᠠᠬᠤ︾ ᠳᠠᠰᠢ ᠬᠤᠪᠢᠷᠠᠭᠤᠯᠬᠤ ᠶᠢ ᠠᠬᠢᠭᠤᠯᠪᠠ᠃

 

ᠢᠷᠡᠯᠲᠡ᠄ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ