ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠥᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ ᠢᠶᠠᠷ ᠠᠷᠠᠳ ᠠᠴᠠ ᠡᠷᠭᠢᠯᠡᠭᠰᠡᠨ ᠰᠤᠷᠭᠠᠭᠤᠯᠢ ᠪᠠ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠪᠣᠰᠤᠭ᠎ᠠ ᠴᠣᠭᠴᠠᠲᠤ ᠰᠢᠰᠲ᠋ᠧᠮᠵᠢ ᠶᠢ ᠪᠠᠶᠢᠭᠤᠯᠪᠠ
ᠨᠡᠶᠢᠲᠡᠯᠡᠭᠰᠡᠨ ᠴᠠᠭ᠄
2024/6/13

 

    5 ᠳ᠋ᠤᠭᠠᠷ ᠰᠠᠷ᠎ᠠ ᠠᠴᠠ ᠨᠠᠭᠠᠰᠢ᠂ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠠᠴᠠ ᠡᠷᠬᠢᠯᠡᠭᠰᠡᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠭᠲᠠᠨ᠎ᠠ︶ ᠪᠣᠯᠤᠨ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠢᠭᠤᠯᠤᠮᠵᠢ ᠶᠢᠨ ᠢᠳᠡᠭᠡᠨ ᠤ ᠵᠦᠢᠯ ᠢ ᠲᠤᠰᠬᠠᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯ ᠨᠢ ᠪᠥᠬᠦ ᠬᠤᠲᠠ ᠶᠢᠨ ᠠᠷᠠᠳ ᠠᠴᠠ ᠡᠷᠭᠢᠯᠡᠭᠰᠡᠨ ᠰᠤᠷᠭᠠᠭᠤᠯᠢ ᠪᠠ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠣᠷᠣᠯᠴᠠᠬᠤ ᠪᠠᠶᠢᠭᠤᠯᠤᠮᠵᠢ ᠪᠠᠷ ᠬᠠᠷᠠᠯᠲᠠ ᠡᠲᠡᠭᠡᠳ ᠪᠣᠯᠭᠠᠵᠤ᠂ ᠢᠳᠡᠭᠡᠨ ᠤ ᠠᠮᠤᠷ ᠲᠦᠪᠰᠢᠨ ᠤ ᠰᠢᠰᠲ᠋ᠧᠮ ᠢ ᠪᠠᠶᠢᠭᠤᠯᠬᠤ ᠳᠥᠷᠪᠡᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠬᠦᠨ ᠢ ᠬᠠᠮᠤᠷᠴᠤ᠂ ᠬᠡᠪᠢᠰ ᠮᠠᠶ᠋ᠢᠭ ᠢᠶᠠᠷ ᠵᠢᠭᠰᠠᠭᠠᠨ ᠪᠠᠶᠢᠴᠠᠭᠠᠵᠤ᠂ ᠲᠤᠰᠬᠠᠶ ᠪᠠᠶᠢᠴᠠᠭᠠᠯᠲᠠ ᠶᠢᠨ ᠠᠵᠢᠯ ᠳᠤ ᠥᠨᠴᠥᠭ ᠪᠤᠯᠤᠩ ᠥᠬᠡᠶ᠂ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃

    ᠨᠢᠭᠡ ᠳᠤ ᠬᠢᠷᠢ ᠬᠡᠮ ᠢ ᠬᠢᠨᠠᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠢᠰᠲ᠋ᠧᠮ ᠢ ᠪᠠᠶᠢᠭᠤᠯᠬᠤ ᠶᠢᠨ ᠤᠷᠢᠲᠠᠯ ᠬᠦᠴᠦᠨ ᠵᠦᠢᠯ ᠢ ᠰᠠᠶᠢᠲᠤᠷ ᠡᠵᠡᠮᠳᠡᠪᠡ᠃ ᠲᠤᠰᠬᠠᠢ ᠵᠦᠢᠯ ᠢᠶᠠᠷ ᠣᠷᠣᠭᠤᠯᠬᠤ ᠰᠢᠰᠲ᠋ᠧᠮ ᠢᠶᠠᠷ ᠰᠠᠭᠤᠷᠢ ᠪᠣᠯᠭᠠᠵᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠣᠶᠢᠯᠠᠭᠠᠬᠤ ᠪᠠᠷ ᠨᠥᠬᠦᠪᠥᠷᠢ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠠᠷᠠᠳ ᠠᠴᠠ ᠡᠷᠬᠢᠯᠡᠭᠰᠡᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠠᠭᠲᠠᠨ᠎ᠠ︶ ᠪᠣᠯᠤᠨ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠶᠢᠨ ᠦᠨᠳᠦᠰᠦᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠰᠠᠭᠤᠷᠢ ᠲᠤᠭ᠎ᠠ ᠨᠢ ᠲᠣᠳᠣᠷᠬᠠᠶ᠂ ᠲᠤᠭ᠎ᠠ ᠪᠠᠷᠢᠮᠲᠠ ᠨᠢ ᠣᠨᠣᠪᠴᠢᠲᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠠᠷᠠᠳ ᠠᠴᠠ ᠡᠷᠭᠢᠯᠡᠭᠰᠡᠨ ᠰᠤᠷᠭᠠᠭᠤᠯᠢ ︵ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠᠭᠲᠠᠨ᠎ᠠ︶ ᠪᠠ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠶᠢᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠬᠢᠷᠢ ᠬᠡᠮ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠤ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠤᠶᠤ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠡᠵᠡᠩᠨᠡᠯᠲᠡ ᠶᠢᠨ ᠳᠠᠩᠰᠠᠯᠠᠯ ᠤᠨ ᠬᠦᠰᠦᠨᠦᠭᠲᠦ ᠶᠢ ᠵᠦᠢᠯ ᠳᠠᠷᠠᠭᠠᠯᠠᠨ ᠬᠢᠨᠠᠨ ᠪᠠᠶᠢᠴᠠᠭᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠠᠩᠭᠠᠯᠭ᠎ᠠ ᠶᠢᠨ ᠬᠢᠷᠢ ᠬᠡᠮ ᠢ ᠲᠣᠭᠲᠠᠭᠠᠬᠤ ᠶᠢᠨ ᠬᠠᠮᠲᠤ ᠵᠥᠪᠰᠢᠶᠡᠷᠡᠯ ᠣᠯᠤᠭᠰᠠᠨ ᠥᠬᠡᠶ ᠬᠤᠭᠤᠯᠠ ᠬᠠᠩᠭᠠᠬᠤ ᠨᠢᠭᠡᠴᠢ ᠳᠤ ᠦᠨᠡᠮᠯᠡᠯ ᠤᠨ ᠡᠮᠦᠨ᠎ᠡ ᠵᠢᠷᠤᠮᠵᠢᠭᠤᠯᠤᠨ ᠵᠢᠯᠣᠭᠤᠳᠴᠤ᠂ ᠬᠤᠭᠤᠯᠠᠨ ᠬᠡᠷ ᠤᠨ ᠪᠥᠲᠥᠭᠡᠨ ᠪᠠᠶᠢᠭᠤᠯᠤᠯᠲᠠ ᠶᠢ ᠬᠠᠪᠰᠤᠷᠤᠨ ᠲᠥᠯᠥᠪᠵᠢᠭᠦᠯᠵᠦ᠂ ᠵᠦᠶ ᠵᠣᠬᠢᠰ ᠥᠬᠡᠶ ᠪᠠᠶᠢᠷᠢᠰᠢᠭᠤᠯᠤᠯᠲᠠ ᠶᠢ ᠤᠷᠢᠳᠴᠢᠯᠠᠨ ᠵᠠᠯᠠᠷᠠᠭᠤᠯᠪᠠ᠃

    ᠬᠤᠶᠠᠷ ᠲᠤ ᠲᠦᠷᠢᠮ ᠤᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠢᠰᠲ᠋ᠧᠮ ᠢ ᠪᠠᠶᠢᠭᠤᠯᠬᠤ ᠬᠠᠷᠢᠭᠤᠴᠠᠯᠭ᠎ᠠ ᠶᠢᠨ ᠡᠯᠧᠮᠧᠨ᠋ᠲ ᠢ ᠪᠣᠳᠠᠲᠠᠶᠢᠵᠢᠭᠤᠯᠪᠠ᠃ ᠬᠤᠭᠤᠯᠠᠨ ᠭᠡᠷ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ︽ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠬᠥᠲᠥᠯᠦᠨ ᠵᠢᠯᠣᠭᠤᠳᠴᠤ᠂ ᠠᠵᠢᠯᠲᠠᠨ ᠤ ᠬᠠᠮᠢᠶᠠᠷᠤᠯᠲᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠳ᠋ᠰᠢᠭᠦᠯᠦᠨ ᠠᠵᠢᠯᠯᠠᠬᠤ᠂ ᠥᠯᠢᠭᠡᠷ ᠦᠯᠡᠳᠡᠭᠡᠬᠦ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠲᠦᠷᠢᠮ ᠢ ᠪᠦᠷᠢᠨᠰᠢᠬᠦᠯᠵᠦ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠪᠥᠬᠦ ᠲᠠᠯ᠎ᠠ ᠶᠢᠨ᠂ ᠪᠥᠬᠦ ᠡᠯᠧᠮᠧᠨ᠋ᠲ ᠤᠨ᠂ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠪᠡ᠃ ᠬᠤᠭᠤᠯᠠᠨ ᠬᠡᠷ ᠢ ᠵᠢᠯᠣᠭᠤᠳᠴᠤ ᠪᠠᠶᠢᠭᠠᠳ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠢᠳᠡᠭᠡᠨ ᠤ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠠᠵᠢᠯᠲᠠᠨ ᠢ ᠬᠠᠤᠯᠢ ᠲᠣᠭᠲᠠᠭᠠᠯ ᠶᠣᠰᠣᠭᠠᠷ ᠳᠣᠭᠢᠷᠠᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ︾ ᠶᠢ ᠲᠣᠭᠲᠠᠭᠠᠵᠤ᠂ ᠢᠳᠡᠭᠡᠨ ᠤ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠢᠳᠡᠭᠡᠨ ᠤ ᠠᠮᠤᠷ ᠲᠦᠪᠰᠢᠨ ᠤ ᠠᠵᠢᠯᠲᠠᠨ ᠢ ᠬᠠᠤᠯᠢ ᠶᠣᠰᠣᠭᠠᠷ ᠳᠣᠭᠢᠷᠠᠭᠤᠯᠤᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠪᠠᠶᠢᠭᠤᠯᠵᠤ᠂ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠳᠣᠭᠢᠷᠠᠭᠤᠯᠬᠤ︾ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠪᠡ᠃

    ᠭᠤᠷᠪᠠ ᠳᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠢᠰᠲ᠋ᠧᠮ ᠢ ᠪᠠᠶᠢᠭᠤᠯᠬᠤ ᠨᠠᠷᠢᠨ ᠵᠦᠢᠯᠡᠰ ᠤᠨ ᠡᠯᠧᠮᠧᠨ᠋ᠲ ᠢ ᠲᠡᠭᠦᠯᠳᠡᠷᠵᠢᠭᠦᠯᠪᠡ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠨᠡᠨ ᠬᠦ ᠴᠢᠩᠭᠠᠳᠬᠠᠵᠤ᠂ ᠠᠯᠳᠠᠰᠢ ᠭᠠᠷᠬᠤ ᠶᠢ ᠴᠠᠭ ᠲᠤᠬᠠᠢ ᠳᠤᠨᠢ ᠪᠠᠶᠢᠴᠠᠭᠠᠨ ᠨᠥᠬᠦᠪᠥᠷᠢᠯᠡᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠠᠷᠢᠯᠭᠠᠪᠠ᠃ ᠨᠢᠭᠡ ᠳᠤ ᠵᠠᠩᠭᠢᠯᠠᠭ᠎ᠠ ᠶᠢᠨ ᠬᠡᠰᠡᠭ ᠢ ᠳᠣᠪᠤᠶᠢᠯᠭᠠᠨ᠂ ᠬᠤᠭᠤᠯᠠᠨ ᠭᠡᠷ ᠤᠨ ᠴᠡᠪᠡᠷᠯᠡᠬᠦ᠂ ᠠᠷᠢᠭᠤᠳᠬᠠᠬᠤ᠂ ᠠᠵᠢᠯᠯᠠᠭᠤᠯᠬᠤ ᠪᠠ ᠬᠤᠭᠤᠯᠠᠯᠠᠬᠤ ᠭᠠᠵᠠᠷ ᠢ ᠪᠠᠶᠢᠴᠠᠭᠠᠵᠤ᠂ ᠬᠤᠭᠤᠯᠠᠨ ᠬᠡᠷ ᠤᠨ ᠪᠦᠬᠦᠯᠢ ᠴᠣᠭᠴᠠ ᠶᠢᠨ ᠠᠷᠢᠭᠤᠨ ᠴᠡᠪᠡᠷ ᠣᠷᠴᠢᠨ ᠲᠣᠭᠤᠷᠢᠨ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ︔ ᠬᠤᠶᠠᠷ ᠲᠤ ᠵᠠᠩᠭᠢᠯᠠᠭ᠎ᠠ ᠶᠢᠨ ᠲᠥᠬᠦᠭᠡᠷᠦᠮᠵᠢ ᠶᠢ ᠳᠣᠪᠤᠶᠢᠯᠭᠠᠵᠤ᠂ ᠴᠡᠪᠡᠷᠯᠡᠨ ᠤᠬᠢᠶᠠᠬᠤ᠂ ᠠᠷᠢᠭᠤᠳᠬᠠᠬᠤ ᠢᠳᠡᠭᠡᠨ ᠢ ᠡᠳ᠋ᠰᠢᠭᠦᠯᠬᠦ᠂ ᠬᠠᠳᠠᠭᠠᠯᠠᠬᠤ᠂ ᠬᠥᠯᠳᠡᠭᠡᠬᠦ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠨᠢᠭᠡᠳ ᠨᠢᠭᠡ ᠪᠠᠷ ᠵᠦᠢᠯ ᠳᠠᠷᠠᠭᠠᠯᠠᠨ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ ᠬᠤᠭᠤᠯᠠᠨ ᠬᠡᠷ ᠤᠨ ᠰᠠᠯᠬᠢ ᠨᠡᠪᠲᠡᠷᠡᠭᠦᠯᠬᠦ ᠵᠠᠮ᠂ ᠤᠲᠤᠭ᠎ᠠ ᠭᠠᠳᠠᠭᠰᠢᠯᠠᠭᠤᠯᠬᠤ ᠵᠠᠮ᠂ ᠪᠣᠬᠢᠷ ᠤᠰᠤᠨ ᠤ ᠵᠠᠮ ᠵᠡᠷᠭᠡ ᠣᠷᠣᠨ ᠪᠦᠰᠡ ᠶᠢᠨ ᠬᠤᠯᠤᠭᠠᠨ᠎ᠠ ᠰᠡᠷᠭᠡᠶᠢᠯᠡᠬᠦ ᠲᠣᠤᠷ ᠤᠨ ᠪᠠᠶᠢᠷᠢᠯᠠᠭᠤᠯᠤᠯᠲᠠ ᠪᠠ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠡᠯᠡᠳᠬᠡᠮᠵᠢ ᠲᠥᠬᠦᠭᠡᠷᠦᠮᠵᠢ ᠶᠢᠨ ᠪᠦᠷᠢᠨ ᠪᠦᠲᠦᠨ ᠪᠠ ᠬᠡᠪ ᠤᠨ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠲᠤᠯᠠᠪᠠ︔ ᠭᠤᠷᠪᠠ ᠳᠤ ᠵᠠᠩᠭᠢᠯᠠᠭ᠎ᠠ ᠶᠢᠨ ᠭᠤᠭᠴᠤᠭ᠎ᠠ ᠶᠢ ᠲᠣᠪᠤᠶᠢᠯᠭᠠᠵᠤ᠂ ᠴᠢᠨᠠᠷ ᠨᠢ ᠬᠤᠪᠢᠷᠠᠭᠰᠠᠨ ᠪᠤᠶᠤ ᠬᠤᠭᠤᠴᠠᠭ᠎ᠠ ᠨᠢ ᠥᠩᠭᠡᠷᠡᠭᠰᠡᠨ ᠵᠡᠷᠭᠡ ᠬᠢᠷᠢ ᠲᠡᠩᠴᠡᠬᠦ ᠦᠭᠡᠶ ᠬᠥᠮᠥᠷᠭᠡ ᠳᠤ ᠬᠠᠳᠠᠭᠠᠯᠠᠭᠰᠠᠨ ᠢᠳᠡᠭᠡᠨ ᠤ ᠵᠦᠢᠯᠡᠰ ᠢ ᠢᠯᠭᠠᠷᠠᠭᠤᠯᠤᠭᠰᠠᠨ ᠲᠣᠳᠣᠷᠬᠠᠶ ᠬᠠᠭᠤᠳᠠᠰᠤ ᠶᠢ ᠪᠠᠶᠢᠴᠠᠭᠠᠵᠤ᠂ ᠠᠵᠢᠯᠯᠠᠵᠤ ᠪᠠᠶᠢᠭ᠎ᠠ ᠬᠥᠮᠥᠰ ᠤᠨ ᠬᠥᠳᠡᠯᠦᠩᠭᠦᠶ ᠮᠡᠳᠡᠭᠡ ᠵᠠᠩᠭᠢ ᠶᠢ ᠡᠵᠡᠮᠰᠢᠨ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠵᠢᠯᠲᠠᠨ ᠤ ᠪᠣᠯᠪᠠᠰᠤᠷᠠᠯ ᠪᠠ ᠰᠢᠯᠭᠠᠨ ᠬᠢᠨᠠᠬᠤ ᠶᠢ ᠴᠢᠩᠭᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠠᠵᠢᠯᠲᠠᠨ ᠤ ᠡᠩᠨᠡᠭᠡ ᠶᠢ ᠪᠠᠶᠢᠭᠤᠯᠪᠠ᠃

    ᠲᠦᠷᠪᠡ ᠳᠤ᠂ ᠤᠨᠤᠯ ᠤᠨ ᠤᠬᠠᠭᠤᠯᠭ᠎ᠠ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠢᠰᠲ᠋ᠧᠮ ᠢ ᠪᠠᠶᠢᠭᠤᠯᠬᠤ ᠬᠡᠯᠪᠡᠷᠢ ᠶᠢᠨ ᠡᠯᠧᠮᠧᠨ᠋ᠲ ᠢ ᠲᠤᠪᠤᠶᠢᠯᠭᠠᠪᠠ᠃ ᠬᠠᠤᠯᠢ ᠰᠤᠷᠬᠤ᠂ ᠬᠠᠤᠯᠢ ᠲᠦᠭᠡᠮᠡᠯᠵᠢᠭᠦᠯᠬᠦ᠂ ᠬᠠᠤᠯᠢ ᠬᠡᠷᠡᠭᠯᠡᠬᠦ ᠪᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠠᠬᠢᠭᠤᠯᠬᠤ ᠶᠢ ᠪᠠᠷᠢᠮᠲᠠᠯᠠᠵᠤ᠂ ᠣᠯᠠᠨ ᠶᠠᠩᠵᠤ ᠶᠢᠨ ᠬᠡᠯᠪᠡᠷᠢ ᠶᠢᠨ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠠ ︽ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠬᠥᠮᠦᠵᠢᠯ ᠢ ᠥᠷᠨᠢᠭᠦᠯᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠭᠤᠯᠠᠨ ᠬᠡᠷ ᠤᠨ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠨᠡᠶᠢᠭᠡᠮ ᠢᠶᠠᠷ ᠢᠶᠠᠨ ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠪᠠᠶᠢᠴᠠᠭᠠᠬᠤ ᠶᠠᠪᠤᠴᠠ ᠳᠤ ᠲᠤᠬᠠᠶ ᠶᠢᠨ ᠲᠠᠯᠠᠪᠤᠷ ᠤᠨ ᠪᠣᠯᠪᠠᠰᠤᠷᠠᠯ ᠢ ᠥᠷᠨᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ︽ᠰᠤᠷᠭᠠᠭᠤᠯᠢ ᠶᠢᠨ ᠬᠤᠭᠤᠯᠠᠨ ᠬᠡᠷ ᠤᠨ ᠰᠢᠮ᠎ᠡ ᠲᠡᠵᠢᠭᠡᠯ ᠡᠷᠡᠭᠦᠯ ᠮᠡᠨᠳᠦ ᠬᠢᠭᠡᠳ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠭᠤᠤᠯ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠣᠯᠭᠠᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠪᠠ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠢ ᠢᠯᠡ ᠠᠮᠠᠯᠠᠬᠤ ᠶᠢ ᠵᠣᠷᠢᠭᠵᠢᠭᠤᠯᠵᠤ᠂ ᠠᠵᠢᠯ ᠡᠷᠭᠢᠯᠡᠭᠰᠡᠳ ᠤᠨ ᠨᠢᠭᠡᠳᠦᠭᠡᠷ ᠬᠠᠷᠢᠭᠤᠴᠠᠯᠭᠠᠲᠠᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃

    ᠣᠲᠣ ᠪᠣᠯᠲᠠᠯ᠎ᠠ᠂ ᠪᠥᠬᠦ ᠬᠤᠲᠠ ᠳᠤ ᠠᠷᠠᠳ ᠠᠴᠠ ᠡᠷᠭᠢᠯᠡᠭᠰᠡᠨ ᠰᠤᠷᠭᠠᠭᠤᠯᠢ ︵ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠᠭᠲᠠᠨ᠎ᠠ︶ 214 ᠪᠠᠶᠢᠵᠤ᠂ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠶᠢᠨ ᠬᠤᠭᠤᠯᠠᠨ ᠬᠡᠷ 4 ᠪᠠᠶᠢᠵᠤ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠵᠢᠴᠢ ︽ᠡᠷᠭᠢᠵᠦ ᠬᠠᠷᠠᠬᠤ︾ ᠬᠢᠨᠠᠯᠲᠠ ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠭᠤᠯᠢ ︵ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠᠭᠲᠠᠨ᠎ᠠ︶ ᠪᠠ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠪᠠᠶᠢᠭᠤᠯᠤᠮᠵᠢ ᠶᠢᠨ ᠪᠦᠬᠦᠨ ᠢ ᠬᠠᠮᠤᠷᠤᠭᠰᠠᠨ ᠬᠢᠨᠠᠯᠲᠠ ᠪᠠᠶᠢᠴᠠᠭᠠᠯᠲᠠ ᠶᠢ ᠪᠡᠶᠡᠯᠡᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠨᠡᠶᠢᠲᠡ 24 ᠢᠯᠡᠷᠡᠭᠦᠯᠵᠦ᠂ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠲᠤᠰᠬᠠᠶ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ 8 ᠤᠳᠠᠭ᠎ᠠ ᠥᠷᠨᠢᠭᠦᠯᠵᠦ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ 10 ᠤᠳᠠᠭ᠎ᠠ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠪᠠ᠃

 

ᠢᠷᠡᠯᠲᠡ᠄ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ