ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠴᠦᠨ ᠢᠶᠠᠨ ᠲᠥᠪᠯᠡᠷᠡᠭᠦᠯᠦᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/6/13

    ᠡᠷᠢᠶᠡᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠭᠵᠢᠯᠲᠡ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡ ᠶᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠪᠥᠬᠦ ᠬᠡᠯᠬᠢᠶ᠎ᠡ︾ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ᠂ ᠡᠯ᠎ᠡ ᠵᠦᠢᠯ ᠤᠨ ᠠᠵᠢᠯ ᠳᠤ ᠢᠯᠡᠳᠲᠡ ᠰᠢᠨ᠎ᠡ ᠦᠷ᠎ᠡ ᠪᠦᠲᠦᠮᠵᠢ ᠤᠯᠪᠠ᠃

    ᠨᠢᠭᠡ ᠳᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠣᠭᠲᠠᠴᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠬᠢᠭᠡᠳ ᠬᠠᠤᠯᠢ ᠴᠠᠭᠠᠵᠠ ᠶᠢᠨ ᠬᠠᠮᠠᠭᠠᠯᠠᠯᠲᠠ ᠶᠢ ᠵᠣᠯᠭᠠᠭᠤᠯᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ︽ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠬᠠᠤᠯᠢ ᠴᠠᠭᠠᠵᠠ ᠶᠢ ᠵᠣᠯᠭᠠᠭᠤᠯᠬᠤ ᠠᠵᠢᠯ ᠤᠨ ᠲᠥᠰᠦᠯ︾ ᠢ ᠲᠣᠭᠲᠠᠭᠠᠨ ᠲᠠᠷᠬᠠᠭᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ︽ᠢᠳᠡᠭᠡᠨ᠂ ᠡᠮ ᠤᠨ ᠵᠦᠢᠯ᠂ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠬᠦᠷᠢᠶᠡᠨ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠤᠬᠠᠢ ᠰᠦᠪᠡᠭᠴᠢ ᠶᠢ ᠬᠠᠮᠵᠢᠯᠴᠠᠨ ᠵᠣᠯᠭᠠᠭᠤᠯᠬᠤ ᠲᠣᠭᠲᠠᠴᠠ︾ ᠶᠢ ᠪᠠᠶᠢᠭᠤᠯᠵᠤ᠂ ᠪᠣᠭᠤᠮᠲᠠ ᠲᠠᠢ ︽ᠡᠷᠢᠶᠡᠨ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠰᠠᠨᠠᠭᠤᠯᠤᠮᠵᠢ︾ ᠳᠤ ᠭᠠᠷ ᠤᠨ ᠥᠰᠥᠭ ᠵᠢᠷᠤᠪᠠ᠃ ᠭᠠᠳᠠᠭᠠᠳᠤ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠶᠢ ᠴᠢᠩᠭᠠᠳᠬᠠᠵᠤ᠂ ᠮᠣᠩᠭᠤᠯ ᠤᠯᠤᠰ ᠲᠠᠬᠢ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠢᠳᠡᠭᠡᠨ ᠪᠠ ᠲᠠᠷᠢᠶᠠᠯᠠᠩ ᠤᠨ ᠶᠠᠮᠤᠨ ᠲᠠᠢ ᠬᠢᠯᠢ ᠠᠯᠤᠰᠯᠠᠭᠰᠠᠨ ᠬᠡᠷᠡᠭᠯᠡᠭᠡ ᠵᠢᠴᠢ ᠭᠠᠳᠠᠭᠠᠳᠤ ᠳᠤ ᠪᠠᠶᠢᠭ᠎ᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠭᠠᠳᠠᠭᠠᠳᠤ ᠳᠤ ᠪᠠᠶᠢᠭ᠎ᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠬᠤ ᠵᠢᠯᠣᠭᠤᠳᠣᠯᠭ᠎ᠠ ᠶᠢᠨ ᠥᠪᠥᠷ ᠮᠣᠩᠭᠤᠯ ᠤᠨ ᠬᠤᠪᠢᠶᠠᠷᠢ ᠲᠥᠪ ᠤᠨ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠵᠢᠯᠯᠠᠬᠤ ᠥᠷᠲᠡᠭᠡ ᠶᠢ ᠪᠠᠶᠢᠭᠤᠯᠤᠨ᠂ ᠬᠢᠯᠢ ᠠᠯᠤᠰᠯᠠᠭᠰᠠᠨ ᠬᠡᠷᠡᠭᠯᠡᠭᠡ ᠪᠠ ᠭᠠᠳᠠᠭᠠᠳᠤ ᠳᠤ ᠪᠠᠶᠢᠭ᠎ᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠪᠠᠨ ᠬᠠᠮᠠᠭᠠᠯᠠᠬᠤ ᠴᠢᠳᠠᠪᠤᠷᠢ ᠶᠢᠨ ᠬᠢᠷᠢ ᠲᠦᠪᠰᠢᠨ ᠢ ᠢᠳᠡᠪᠬᠢᠲᠡᠶ ᠳᠡᠭᠡᠭᠰᠢᠯᠡᠭᠦᠯᠪᠡ᠃

    ᠬᠤᠶᠠᠷ ᠲᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠤᠬᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠪᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ᠂ ᠰᠣᠶᠣᠯ ᠵᠢᠭᠤᠯᠴᠢᠯᠠᠯ᠂ ᠪᠣᠭᠤᠮᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠤᠤᠯ ᠰᠡᠳᠦᠪᠲᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠲᠠᠸᠠᠷ ᠤᠨ ᠲᠡᠮᠳᠡᠭ ᠤᠨ ᠡᠷᠬᠡ ᠨᠢ ᠬᠠᠯᠳᠠᠭᠳᠠᠭᠰᠠᠨ ᠬᠤᠬᠢᠷᠠᠯ ᠤᠨ ᠳᠠᠭᠠᠳᠬᠠᠯ ᠢ ᠢᠳᠡᠪᠬᠢᠲᠡᠶ ᠲᠠᠨᠢᠯᠴᠠᠭᠤᠯᠵᠤ᠂ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠵᠢᠴᠢ ᠵᠢᠭᠤᠷᠠᠯᠳᠤᠭᠠᠨ ᠢ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠬᠠᠮᠲᠤᠷᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠨᠡᠶᠢᠭᠡᠮ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠪᠠ᠃ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠬᠤᠯᠪᠣᠭᠠᠯᠠᠨ ᠪᠥᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠮᠥᠩᠭᠦ ᠲᠣᠬᠢᠷᠠᠭᠤᠯᠭ᠎ᠠ ᠶᠢᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠮᠥᠩᠭᠦ ᠲᠣᠬᠢᠷᠠᠭᠤᠯᠭ᠎ᠠ ᠶᠢᠨ ︽ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠠᠵᠢᠯᠯᠠᠭ᠎ᠠ ᠶᠢ ᠥᠷᠨᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠬᠢᠭᠡᠳ ᠮᠥᠩᠭᠦᠨ ᠭᠦᠢᠯᠭᠡᠭᠡᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠥᠩᠭᠦᠨ ᠭᠦᠢᠯᠭᠡᠭᠡᠨ ᠤ ᠪᠡᠯᠡᠨ ᠵᠣᠭᠤᠰ ᠪᠣᠯᠭᠠᠬᠤ ᠴᠢᠳᠠᠪᠤᠷᠢ ᠶᠢ ᠤᠯᠠᠮ ᠨᠢᠭᠡ ᠠᠯᠬᠤᠮ ᠬᠥᠭᠵᠢᠭᠡᠵᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠪᠦᠲᠦᠮᠵᠢᠲᠡᠶ ᠨᠠᠮᠳᠠᠭᠠᠪᠠ᠃

    ᠭᠤᠷᠪᠠ ᠳᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠵᠤ ᠬᠡᠷᠡᠭᠯᠡᠬᠦ ᠶᠢ ᠢᠯᠡᠳᠲᠡ ᠳᠡᠭᠡᠭᠰᠢᠯᠡᠭᠦᠯᠪᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠣᠣ ᠰᠢᠨ ᠰᠢᠯ ᠤᠨ ᠬᠢᠵᠠᠭᠠᠷᠲᠤ ᠺᠣᠮᠫᠠᠨᠢ ᠵᠡᠷᠭᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠭᠦᠨᠵᠡᠭᠡᠶᠢᠷᠡᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠯᠣᠭᠤᠳᠬᠤ ᠦᠢᠯᠡᠴᠢᠯᠡᠭᠡ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠠᠯ᠎ᠠ ᠪᠠᠷ ᠬᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠭᠠᠵᠠᠷ ᠵᠦᠶ ᠶᠢᠨ ᠲᠡᠮᠳᠡᠭᠲᠦ ᠦᠢᠯᠡᠳᠬᠦᠨ ᠢ ᠳᠠᠭᠤᠷᠢᠶᠠᠨ ᠦᠢᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 10 ᠪᠠᠶᠢᠴᠠᠭᠠᠪᠠ᠃ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠶᠡᠬᠡᠪᠡᠷ ᠥᠷᠨᠢᠭᠦᠯᠵᠦ᠂ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠡᠷᠡᠭ ᠢ 1 ᠪᠠᠶᠢᠴᠠᠭᠠᠨ ᠰᠢᠢᠳᠪᠦᠷᠢᠯᠡᠵᠦ᠂ 51 ᠲᠦᠮᠡᠨ ᠲᠥᠭᠦᠷᠢᠭ ᠲᠣᠷᠭᠠᠵᠤ ᠬᠤᠷᠢᠶᠠᠵᠤ᠂ 1 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ᠂ ᠬᠡᠷᠡᠭ ᠤᠨ ᠥᠷᠲᠡᠭ 21 ᠲᠦᠮᠡᠨ ᠲᠥᠭᠦᠷᠢᠭ ᠬᠦᠷᠪᠡ᠃

 

ᠢᠷᠡᠯᠲᠡ᠄ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ