ᠳᠡᠭᠡᠳᠦ ᠰᠢᠭᠦᠬᠦ ᠬᠤᠷᠢᠶ᠎ᠠ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡ ᠳᠤ ᠴᠢᠭᠯᠡᠭᠦᠯᠦᠨ ᠢᠯᠡ ᠪᠠᠷ ᠰᠠᠨᠠᠯ ᠬᠤᠷᠢᠶᠠᠵᠤ ᠪᠤᠢ︕ ︽ᠵᠣᠭᠤᠰ ᠢ ᠠᠪᠴᠤ ᠳᠤᠲᠠᠭᠠᠬᠤ︾ ᠠᠵᠢᠯᠯᠠᠭ᠎ᠠ ᠨᠢ ᠶᠠᠯᠠᠯᠠᠨ ᠰᠢᠢᠳᠬᠡᠬᠦ ᠴᠢᠨᠠᠷᠲᠠᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/13

    ᠣᠶᠢᠷ᠎ᠠ ᠶᠢᠨ ᠵᠢᠯ ᠤᠳ ᠲᠤ᠂ ᠪᠡᠶ᠎ᠡ ᠴᠢᠭᠢᠷᠠᠭᠵᠢᠭᠤᠯᠬᠤ ᠭᠠᠵᠠᠷ᠂ ᠵᠢᠰᠦ ᠭᠤᠶᠣᠯᠠᠵᠤ ᠦᠰᠦ ᠵᠠᠰᠠᠬᠤ᠂ ᠡᠷᠲᠡ ᠵᠢᠭᠠᠨ ᠰᠤᠷᠭᠠᠬᠤ ᠳᠤᠷ᠎ᠠ ᠰᠣᠨᠢᠷᠬᠠᠯ ᠤᠨ ᠠᠩᠭᠢ ᠵᠡᠷᠭᠡ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠡᠵᠡᠩᠨᠡᠭᠴᠢ ᠶᠢᠨ ᠵᠣᠭᠤᠰ ᠢ ᠠᠪᠴᠤ ᠳᠤᠲᠠᠭᠠᠭᠰᠠᠨ ᠪᠠᠶᠢᠳᠠᠯ ᠪᠠᠶᠢᠨ ᠳᠠᠬᠢᠨ ᠭᠠᠷᠴᠤ᠂ ᠡᠭᠦᠨ ᠤ ᠳᠣᠲᠣᠷ᠎ᠠ ᠨᠡᠷ᠎ᠡ ᠴᠤᠤᠲᠠᠶ ᠬᠡᠯᠬᠢᠶ᠎ᠡ ᠨᠠᠷᠠᠲᠤ ᠲᠡᠮᠳᠡᠭ ᠴᠤ ᠪᠠᠶᠢᠳᠠᠭ᠃ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠢᠷᠭᠡᠨ ᠤ ᠬᠡᠷᠡᠭ ᠤᠨ ᠵᠢᠭᠤᠷᠠᠯᠳᠤᠭᠠᠨ ᠤ ᠬᠡᠷᠡᠭ ᠢ ᠵᠥᠪ ᠢᠶᠠᠷ ᠰᠢᠭᠦᠨ ᠰᠢᠢᠳᠪᠦᠷᠢᠯᠡᠵᠦ᠂ ᠬᠡᠷᠡᠭᠯᠡᠭᠴᠢᠳ ᠪᠠ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠠᠷᠠᠳ ᠤᠨ ᠳᠡᠭᠡᠳᠦ ᠰᠢᠭᠦᠬᠦ ᠬᠤᠷᠢᠶ᠎ᠠ ︽ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠢᠷᠭᠡᠨ ᠤ ᠬᠡᠷᠡᠭ ᠤᠨ ᠵᠢᠭᠤᠷᠠᠯᠳᠤᠭᠠᠨ ᠤ ᠬᠡᠷᠡᠭ ᠢ ᠰᠢᠭᠦᠨ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ ︵ᠰᠠᠨᠠᠯ ᠬᠤᠷᠢᠶᠠᠬᠤ ᠨᠣᠣᠷᠠᠭ︶︾ ᠢ ᠨᠡᠶᠢᠲᠡᠯᠡᠵᠦ᠂ ᠨᠡᠶᠢᠭᠡᠮ ᠠᠴᠠ ᠢᠯᠡ ᠪᠠᠷ ᠰᠠᠨᠠᠯ ᠬᠤᠷᠢᠶᠠᠵᠤ᠂ ᠰᠠᠨᠠᠯ ᠬᠤᠷᠢᠶᠠᠬᠤ ᠡᠳᠦᠷ ᠬᠤᠭᠤᠴᠠᠭ᠎ᠠ ᠨᠢ 6 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠃

    ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠢᠷᠭᠡᠨ ᠤ ᠬᠡᠷᠡᠭ ᠢ ᠰᠢᠭᠦᠨ ᠲᠠᠰᠤᠯᠬᠤ ᠨᠢᠭᠡᠳᠦᠭᠡᠷ ᠲᠢᠩᠬᠢᠮ ᠤᠨ ᠰᠢᠭᠦᠭᠴᠢ ᠰᠢᠶᠧ ᠶᠦᠩ ᠢᠯᠡᠷᠬᠡᠶᠢᠯᠡᠬᠦ ᠳᠡᠭᠡᠨ᠂ ︽ᠰᠠᠨᠠᠯ ᠬᠤᠷᠢᠶᠠᠬᠤ ᠨᠣᠤᠷᠠᠭ︾ ᠨᠢ ᠭᠤᠤᠯᠳᠠᠭᠤ ᠦᠨᠡᠨᠴᠢ ᠢᠲᠡᠭᠡᠮᠵᠢᠲᠡᠶ ᠪᠤᠰᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠭᠡᠷ᠎ᠡ ᠶᠢᠨ ᠬᠡᠯᠪᠡᠷᠢᠵᠢᠭᠰᠡᠨ ᠵᠦᠢᠯ ᠵᠤᠷᠪᠤᠰ᠂ ᠭᠡᠷ᠎ᠡ ᠶᠢ ᠬᠦᠴᠦᠨ ᠥᠬᠡᠶ ᠪᠣᠯᠭᠠᠬᠤ᠂ ᠺᠠᠷᠲ ᠢ ᠪᠤᠴᠠᠭᠠᠵᠤ ᠵᠣᠭᠤᠰ ᠢ ᠪᠤᠳᠤᠬᠤ ᠪᠠᠷᠢᠮᠵᠢᠶ᠎ᠠ᠂ ᠬᠡᠷᠡᠭᠯᠡᠭᠴᠢᠳ ᠢ ᠮᠡᠬᠡᠯᠡᠭᠰᠡᠨ ᠢ ᠶᠠᠯᠠᠯᠠᠨ ᠰᠢᠢᠳᠬᠡᠬᠦ ᠴᠢᠨᠠᠷᠲᠠᠶ ᠲᠥᠯᠥᠪᠦᠷᠢ᠂ ᠲᠠᠯᠠᠪᠤᠷ ᠭᠠᠵᠠᠷ ᠢ ᠲᠦᠷᠢᠶᠡᠰᠦᠯᠡᠭᠦᠯᠦᠭᠴᠢ ᠵᠡᠷᠭᠡ ᠭᠤᠷᠪᠠᠳᠠᠬᠢ ᠬᠥᠮᠦᠨ ᠤ ᠬᠠᠷᠢᠭᠤᠴᠠᠯᠭ᠎ᠠ ᠵᠡᠷᠭᠡ ᠠᠰᠠᠭᠤᠳᠠᠯ ᠤᠨ ᠲᠣᠭᠤᠷᠢᠨ ᠳᠤ ᠨᠠᠷᠢᠨ ᠨᠢᠭᠲᠠ᠂ ᠪᠥᠬᠦ ᠲᠠᠯ᠎ᠠ ᠶᠢᠨ ᠲᠣᠭᠲᠠᠭᠠᠯ ᠭᠠᠷᠭᠠᠵᠤ᠂ ᠠᠷᠠᠳ ᠤᠨ ᠰᠢᠭᠦᠬᠦ ᠬᠤᠷᠢᠶ᠎ᠠ ᠶᠢᠨ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠵᠢᠭᠤᠷᠠᠯᠳᠤᠭᠠᠨ ᠤ ᠬᠡᠷᠡᠭ ᠢ ᠰᠢᠭᠦᠨ ᠰᠢᠢᠳᠪᠦᠷᠢᠯᠡᠬᠦ ᠳᠤ ᠴᠢᠬᠤᠯᠠ ᠨᠥᠯᠥᠭᠡ ᠦᠵᠡᠭᠦᠯᠬᠦ ᠪᠣᠯᠤᠨ᠎ᠠ᠃

    ᠲᠣᠬᠢᠷᠠᠬᠤ ᠬᠡᠪᠴᠢᠶᠡᠨ ᠤ ᠲᠠᠯ᠎ᠠ ᠪᠠᠷ

     ︽ᠰᠠᠨᠠᠯ ᠬᠤᠷᠢᠶᠠᠬᠤ ᠨᠣᠤᠷᠠᠭ︾ ᠳᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠪᠡᠶ᠎ᠡ ᠴᠢᠭᠢᠷᠠᠭᠵᠢᠭᠤᠯᠬᠤ᠂ ᠶᠠᠪᠤᠵᠤ ᠰᠠᠭᠤᠬᠤ᠂ ᠦᠰᠦ ᠵᠠᠰᠠᠬᠤ᠂ ᠵᠢᠰᠦ ᠭᠤᠶᠣᠯᠠᠬᠤ᠂ ᠬᠥᠮᠦᠵᠢᠯ ᠪᠣᠯᠪᠠᠰᠤᠷᠠᠯ ᠵᠡᠷᠭᠡ ᠠᠮᠢᠳᠤᠷᠠᠯ ᠤᠨ ᠬᠡᠷᠡᠭᠯᠡᠭᠡᠨ ᠤ ᠬᠦᠷᠢᠶ᠎ᠡ ᠴᠠᠷᠠᠭ᠎ᠠ ᠳᠤ᠂ ᠡᠵᠡᠩᠨᠡᠭᠴᠢ ᠤᠷᠢᠳᠴᠢᠯᠠᠨ ᠥᠭᠭᠦᠭᠰᠡᠨ ᠵᠣᠭᠤᠰ ᠢ ᠬᠤᠷᠢᠶᠠᠭᠰᠠᠨ ᠤ ᠳᠠᠷᠠᠭ᠎ᠠ ᠣᠯᠠᠨ ᠤᠳᠠᠭ᠎ᠠ ᠪᠤᠶᠤ ᠬᠡᠷᠡᠭᠯᠡᠭᠴᠢᠳ ᠲᠤ ᠦᠷᠭᠦᠯᠵᠢᠯᠡᠨ ᠲᠠᠸᠠᠷ ᠪᠤᠶᠤ ᠦᠢᠯᠡᠴᠢᠯᠡᠭᠡ ᠬᠠᠩᠭᠠᠬᠤ ᠠᠴᠠ ᠪᠣᠯᠤᠭᠰᠠᠨ ᠵᠢᠭᠤᠷᠠᠯᠳᠤᠭᠠᠨ ᠳᠤ ᠲᠣᠰ ᠲᠠᠶᠢᠯᠪᠤᠷᠢᠯᠠᠯᠲᠠ ᠶᠢ ᠬᠡᠷᠡᠭᠯᠡᠨ᠎ᠡ ᠭᠡᠵᠦ ᠲᠣᠳᠣᠷᠬᠠᠶ ᠢᠯᠡᠷᠬᠡᠶᠢᠯᠡᠪᠡ᠃

    ᠵᠣᠭᠤᠰ ᠢ ᠬᠤᠷᠢᠶᠠᠪᠠᠯ ᠪᠤᠴᠠᠭᠠᠬᠤ ᠦᠭᠡᠢ᠂ ᠺᠠᠷᠲ ᠢᠶᠠᠨ ᠭᠡᠭᠡᠪᠡᠯ ᠨᠥᠬᠦᠬᠦ ᠦᠭᠡᠢ ᠁ ᠡᠳᠡᠭᠡᠷ ᠨᠢ ᠴᠦᠮ ᠬᠦᠴᠦᠨ ᠦᠭᠡᠢ ︽ᠡᠵᠡᠷᠬᠡᠭᠴᠢ ᠵᠦᠢᠯ ᠵᠤᠷᠪᠤᠰ︾ ᠶᠤᠮ

    ︽ᠰᠠᠨᠠᠯ ᠬᠤᠷᠢᠶᠠᠬᠤ ᠨᠣᠣᠷᠠᠭ︾ ᠲᠤ ᠳᠣᠯᠣᠭᠠᠨ ᠵᠦᠢᠯ ᠤᠨ ᠬᠦᠴᠦᠨ ᠦᠭᠡᠢ ︽ᠡᠵᠡᠷᠬᠡᠬᠦ ᠵᠦᠢᠯ ᠵᠤᠷᠪᠤᠰ︾ ᠢ ᠲᠣᠳᠣᠷᠬᠠᠶᠢᠯᠠᠪᠠ

ᠪᠣᠳᠠᠲᠠᠶ ᠪᠠᠷ ᠬᠡᠯᠡᠪᠡᠯ

    1 ᠬᠡᠷᠡᠭᠯᠡᠭᠴᠢᠳ ᠤᠨ ᠬᠠᠤᠯᠢ ᠶᠤᠰᠤᠭᠠᠷ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠤᠷᠢᠳᠴᠢᠯᠠᠨ ᠥᠭᠭᠦᠭᠰᠡᠨ ᠵᠤᠭᠤᠰ ᠢᠶᠠᠨ ᠪᠤᠴᠠᠭᠠᠵᠤ ᠠᠪᠬᠤ ᠡᠷᠬᠡ ᠶᠢ ᠲᠡᠪᠴᠢᠭᠰᠡᠨ ᠬᠡᠯᠪᠡᠷᠢᠵᠢᠭᠰᠡᠨ ᠵᠦᠢᠯ ᠵᠤᠷᠪᠤᠰ 

    2 ᠬᠡᠷᠡᠭᠯᠡᠭᠴᠢᠳ ᠤᠨ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠭᠡᠷ᠎ᠡ ᠶᠢᠨ ᠡᠷᠭᠡ ᠪᠠᠨ ᠰᠢᠯᠵᠢᠭᠦᠯᠬᠦ ᠶᠢ ᠵᠣᠬᠢᠰ ᠦᠭᠡᠢ ᠪᠠᠷ ᠬᠢᠵᠠᠭᠠᠷᠯᠠᠭᠰᠠᠨ ᠬᠡᠯᠪᠡᠷᠢᠵᠢᠭᠰᠡᠨ ᠵᠦᠢᠯ ᠵᠤᠷᠪᠤᠰ

    3 ᠬᠡᠷᠡᠭᠯᠡᠭᠴᠢᠳ ᠤᠨ ᠨᠡᠷ᠎ᠡ ᠲᠡᠮᠳᠡᠭᠯᠡᠵᠦ ᠤᠷᠢᠳᠴᠢᠯᠠᠨ ᠵᠣᠭᠤᠰ ᠥᠭᠭᠦᠭᠰᠡᠨ ᠺᠠᠷᠲ ᠢᠶᠠᠨ ᠭᠡᠭᠡᠭᠰᠡᠨ ᠤ ᠳᠠᠷᠠᠭ᠎ᠠ ᠨᠥᠬᠦᠵᠦ ᠭᠦᠢᠴᠡᠳᠬᠡᠵᠦ ᠪᠣᠯᠬᠤ ᠦᠭᠡᠶ ᠭᠡᠵᠦ ᠪᠣᠯᠵᠣᠨ ᠲᠣᠭᠲᠠᠭᠰᠠᠨ ᠬᠡᠯᠪᠡᠷᠢᠵᠢᠭᠰᠡᠨ ᠵᠦᠢᠯ ᠵᠤᠷᠪᠤᠰ

    4 ᠡᠵᠡᠩᠨᠡᠭᠴᠢ ᠭᠠᠭᠴᠠ ᠲᠠᠯ᠎ᠠ ᠠᠴᠠ ᠭᠡᠷ᠎ᠡ ᠶᠢᠨ ᠮᠥᠨ ᠴᠢᠨᠠᠷ ᠤᠨ ᠠᠭᠤᠯᠭ᠎ᠠ ᠶᠢ ᠬᠤᠪᠢᠷᠠᠭᠤᠯᠬᠤ ᠡᠷᠬᠡ ᠲᠠᠢ ᠭᠡᠵᠦ ᠪᠣᠯᠵᠣᠨ ᠲᠣᠭᠲᠠᠭᠰᠠᠨ ᠬᠡᠯᠪᠡᠷᠢᠵᠢᠭᠰᠡᠨ ᠵᠦᠢᠯ ᠵᠤᠷᠪᠤᠰ

    5 ᠡᠵᠡᠩᠨᠡᠭᠴᠢ ᠶᠢᠨ ᠦ ᠰᠡᠪ ᠲᠠᠢ ᠳᠠᠭᠠᠭᠠᠯᠲᠠ ᠶᠢᠨ ᠬᠠᠷᠢᠭᠤᠴᠠᠯᠭ᠎ᠠ ᠪᠠ ᠲᠥᠯᠥᠬᠦ ᠬᠠᠷᠢᠭᠤᠴᠠᠯᠭ᠎ᠠ ᠶᠢ ᠬᠡᠯᠲᠦᠷᠢᠭᠦᠯᠬᠦ ᠬᠡᠯᠪᠡᠷᠢᠵᠢᠭᠰᠡᠨ ᠵᠦᠢᠯ ᠵᠤᠷᠪᠤᠰ

    6 ᠬᠡᠷᠡᠭᠯᠡᠭᠴᠢᠳ ᠤᠨ ᠣᠷᠣᠨ ᠰᠠᠭᠤᠴᠠ ᠪᠠᠶᠢᠭ᠎ᠠ ᠭᠠᠵᠠᠷ ᠤᠨ ᠰᠢᠭᠦᠬᠦ ᠬᠤᠷᠢᠶ᠎ᠠ ᠶᠢᠨ ᠬᠠᠷᠢᠶᠠᠯᠠᠯ ᠠᠴᠠ ᠵᠠᠶᠢᠯᠠᠵᠤ᠂ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠥᠪᠡᠷ ᠤᠨ ᠥᠷᠲᠡᠭ ᠢ ᠵᠦᠢ ᠵᠣᠬᠢᠰ ᠦᠭᠡᠢ ᠪᠠᠷ ᠨᠡᠮᠡᠭᠳᠡᠭᠦᠯᠬᠦ ᠬᠡᠯᠪᠡᠷᠢᠵᠢᠭᠰᠡᠨ ᠵᠦᠢᠯ ᠵᠤᠷᠪᠤᠰ

    7 ᠬᠡᠷᠡᠭᠯᠡᠭᠴᠢᠳ ᠤᠨ ᠡᠷᠬᠡ ᠶᠢ ᠲᠡᠪᠴᠢᠬᠦ ᠪᠤᠶᠤ ᠬᠢᠵᠠᠭᠠᠷᠯᠠᠬᠤ᠂ ᠡᠵᠡᠩᠨᠡᠭᠴᠢ ᠶᠢᠨ ᠬᠠᠷᠢᠭᠤᠴᠠᠯᠭ᠎ᠠ ᠶᠢ ᠬᠥᠩᠭᠡᠷᠡᠭᠦᠯᠬᠦ ᠪᠤᠶᠤ ᠬᠡᠯᠲᠦᠷᠢᠭᠦᠯᠬᠦ᠂ ᠬᠡᠷᠡᠭᠯᠡᠭᠴᠢᠳ ᠤᠨ ᠬᠠᠷᠢᠭᠤᠴᠠᠯᠭ᠎ᠠ ᠶᠢ ᠬᠦᠨᠳᠦᠷᠡᠭᠦᠯᠬᠦ ᠵᠡᠷᠭᠡ ᠬᠡᠷᠡᠭᠯᠡᠭᠴᠢᠳ ᠲᠤ ᠡᠷᠬᠡ ᠲᠡᠭᠰᠢ ᠪᠤᠰᠤ᠂ ᠵᠦᠢ ᠵᠣᠬᠢᠰ ᠦᠭᠡᠶ ᠪᠠᠶᠢᠳᠠᠯ

    ︽ᠵᠣᠭᠤᠰ ᠢ ᠠᠪᠴᠤ ᠳᠤᠲᠠᠭᠠᠬᠤ︾ ︽ᠤᠨᠠᠭᠤᠯᠢ ᠲᠠᠢ ᠪᠣᠷᠣᠯᠠᠭᠤᠯᠬᠤ︾ ᠵᠡᠷᠭᠡ ᠳᠤ ᠴᠢᠭᠯᠡᠭᠦᠯᠵᠦ ᠂ ᠰᠠᠨᠠᠯ ᠬᠤᠷᠢᠶᠠᠬᠤ ᠨᠣᠣᠷᠠᠭ ᠬᠠᠷᠢᠭᠤᠯᠲᠠ ᠭᠠᠷᠭᠠᠪᠠ

    ︽ᠤᠨᠠᠭᠤᠯᠢ ᠲᠠᠢ ᠪᠣᠷᠣᠯᠠᠭᠤᠯᠬᠤ︾ ᠪᠠ ︽ᠵᠣᠭᠤᠰ ᠢ ᠠᠪᠴᠤ ᠳᠤᠲᠠᠭᠠᠬᠤ︾ ᠦᠢᠯᠡ ᠠᠵᠢᠯᠯᠠᠭ᠎ᠠ ᠳᠤ ᠴᠢᠭᠯᠡᠭᠦᠯᠵᠦ ︽ᠰᠠᠨᠠᠯ ᠬᠤᠷᠢᠶᠠᠬᠤ ᠨᠣᠣᠷᠠᠭ︾ ᠨᠢ

    ᠡᠵᠡᠩᠨᠡᠭᠴᠢ ᠳᠤ ᠲᠤᠤᠷᠠᠬᠢ ᠦᠢᠯᠡ ᠠᠵᠢᠯᠯᠠᠭ᠎ᠠ ᠤᠷᠤᠰᠢᠵᠤ ᠪᠠᠶᠢᠪᠠᠯ ᠮᠡᠬᠡᠯᠡᠯ ᠪᠣᠯᠵᠤ ᠪᠦᠷᠢᠯᠳᠦᠵᠦ᠂ ᠶᠠᠯᠠᠯᠠᠨ ᠰᠢᠢᠳᠬᠡᠬᠦ ᠴᠢᠨᠠᠷᠲᠠᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ

    1 ᠲᠠᠸᠠᠷ ᠤᠨ ᠶᠠᠰᠤ ᠴᠢᠨᠠᠷ᠂ ᠴᠢᠳᠠᠮᠵᠢ᠂ ᠦᠢᠯᠡᠴᠢᠯᠡᠭᠡᠨ ᠤ ᠠᠭᠤᠯᠭ᠎ᠠ᠂ ᠦᠷ᠎ᠡ ᠪᠦᠲᠦᠮᠵᠢ ᠶᠢ ᠬᠠᠭᠤᠷᠮᠠᠭᠯᠠᠨ ᠵᠣᠬᠢᠶᠠᠭᠰᠠᠨ ᠪᠤᠶᠤ ᠶᠡᠬᠡᠰᠬᠡᠵᠦ ᠪᠠᠶᠢᠭᠠᠳ ᠬᠡᠷᠡᠭᠯᠡᠭᠴᠢᠳ ᠢ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡ ᠬᠢᠯᠭᠡᠬᠦ︔

    2 ᠬᠤᠳᠠᠯ ᠬᠠᠭᠤᠷᠮᠠᠭ ᠢᠶᠠᠷ ᠦᠨ᠎ᠡ ᠨᠤᠭᠤᠯᠤᠨ ᠪᠤᠳᠤᠬᠤ᠂ ᠦᠨ᠎ᠡ ᠬᠢᠮᠳᠠᠷᠠᠭᠤᠯᠬᠤ᠂ ᠦᠨ᠎ᠡ ᠬᠠᠩᠰᠢ ᠶᠢ ᠠᠳᠠᠯᠢᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠯᠡᠭᠴᠢᠳ ᠢ ᠪᠤᠷᠤᠭᠤ ᠪᠠᠷ ᠬᠥᠲᠥᠯᠥᠨ ᠵᠢᠯᠣᠭᠤᠳᠴᠤ ᠪᠠᠶᠢᠭᠠᠳ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡ ᠬᠢᠯᠭᠡᠬᠦ︔

    3 ᠤᠷᠢᠳᠴᠢᠯᠠᠨ ᠥᠭᠭᠦᠭᠰᠡᠨ ᠵᠣᠭᠤᠰ ᠢ ᠬᠤᠷᠢᠶᠠᠨ ᠠᠪᠤᠭᠰᠠᠨ ᠤ ᠳᠠᠷᠠᠭ᠎ᠠ᠂ ᠡᠵᠡᠩᠨᠡᠯᠲᠡ ᠪᠠᠨ ᠵᠣᠭᠰᠣᠭᠠᠵᠤ᠂ ᠪᠣᠯᠵᠣᠨ ᠲᠣᠭᠲᠠᠭᠰᠠᠨ ᠶᠣᠰᠣᠭᠠᠷ ᠲᠠᠸᠠᠷ ᠪᠤᠶᠤ ᠦᠢᠯᠡᠴᠢᠯᠡᠭᠡ ᠬᠠᠩᠭᠠᠭᠰᠠᠨ ᠦᠭᠡᠶ ᠮᠥᠷᠲᠡᠭᠡᠨ ᠪᠠᠰᠠ ᠬᠡᠷᠡᠭᠯᠡᠭᠴᠢᠳ ᠤᠨ ᠵᠣᠭᠤᠰ ᠢᠶᠠᠨ ᠪᠤᠴᠠᠭᠠᠵᠤ ᠠᠪᠬᠤ ᠪᠠᠷ ᠭᠤᠶᠤᠴᠢᠯᠠᠬᠤ ᠵᠡᠷᠭᠡ ᠠᠴᠠ ᠮᠠᠭᠤ ᠰᠠᠨᠠᠭ᠎ᠠ ᠲᠠᠢ ᠪᠠᠷ ᠵᠠᠶᠢᠯᠠᠭᠰᠠᠨ ᠵᠡᠷᠭᠡ᠃

    ᠡᠵᠡᠩᠨᠡᠭᠴᠢᠳ ᠤᠨ ︽ᠵᠣᠭᠤᠰ ᠢ ᠠᠪᠴᠤ ᠳᠤᠲᠠᠭᠠᠬᠤ︾ ᠳᠤ ᠴᠢᠭᠯᠡᠭᠦᠯᠦᠨ ᠡᠨᠡ ᠤᠳᠠᠭ᠎ᠠ ᠶᠢᠨ ᠰᠠᠨᠠᠯ ᠬᠤᠷᠢᠶᠠᠬᠤ ᠨᠤᠤᠷᠠᠭ ᠲᠤ ᠬᠤᠶᠠᠷ ᠲᠠᠯ᠎ᠠ ᠶᠢᠨ ᠲᠣᠭᠲᠠᠭᠠᠯ ᠭᠠᠷᠭᠠᠪᠠ᠃

    ᠨᠢᠭᠡ ᠲᠠᠯ᠎ᠠ ᠪᠠᠷ᠂ ᠡᠵᠡᠩᠨᠡᠭᠴᠢᠳ ᠤᠨ ︽ᠵᠣᠭᠤᠰ ᠢ ᠠᠪᠴᠤ ᠳᠤᠲᠠᠭᠠᠬᠤ︾ ᠠᠵᠢᠯᠯᠠᠭ᠎ᠠ ᠨᠢ ᠮᠡᠬᠡᠯᠡᠯ ᠪᠣᠯᠵᠤ ᠪᠦᠷᠢᠯᠳᠦᠵᠦ᠂ ᠶᠠᠯᠠᠯᠠᠨ ᠰᠢᠢᠳᠬᠡᠬᠦ ᠴᠢᠨᠠᠷᠲᠠᠶ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠭᠡᠵᠦ ᠲᠣᠭᠲᠠᠭᠠᠪᠠ᠃

    ᠨᠥᠭᠦᠭᠡ ᠲᠠᠯ᠎ᠠ ᠪᠠᠷ᠂ ᠵᠤᠭᠤᠰ ᠵᠢᠭᠡᠯᠡᠭᠴᠢ ᠨᠢ ᠡᠵᠡᠩᠨᠡᠭᠴᠢᠳ ᠲᠠᠢ ᠮᠠᠭᠤ ᠰᠠᠨᠠᠭ᠎ᠠ ᠲᠠᠢ ᠪᠠᠷ ᠰᠥᠯᠪᠡᠭᠡᠯᠳᠦᠬᠦ᠂ ᠡᠰᠡᠬᠦᠯ᠎ᠡ ᠡᠵᠡᠩᠨᠡᠭᠴᠢᠳ ᠤᠨ ᠭᠡᠷ᠎ᠡ ᠭᠦᠢᠴᠡᠳᠬᠡᠬᠦ ᠴᠢᠳᠠᠪᠤᠷᠢ ᠶᠢ ᠬᠢᠨᠠᠨ ᠪᠠᠶᠢᠴᠠᠭᠠᠭᠰᠠᠨ ᠦᠭᠡᠢ ᠪᠠᠷ ᠮᠥᠨ ᠯᠡ ᠬᠡᠷᠡᠭᠯᠡᠭᠴᠢᠳ ᠲᠤ ᠵᠣᠭᠤᠰ ᠵᠢᠭᠡᠯᠡᠭᠦᠯᠵᠦ ᠤᠷᠢᠳᠴᠢᠯᠠᠨ ᠵᠣᠭᠤᠰ ᠥᠭᠬᠦ ᠳᠤ ᠬᠡᠷᠡᠭᠯᠡᠭᠦᠯᠦᠭᠰᠡᠨ ᠮᠥᠷᠲᠡᠭᠡᠨ ᠡᠵᠡᠩᠨᠡᠭᠴᠢ ᠨᠢ ︽ᠵᠣᠭᠤᠰ ᠢ ᠠᠪᠴᠤ ᠳᠤᠲᠠᠭᠠᠭᠰᠠᠨ︾ ᠪᠠᠶᠢᠪᠠᠯ᠂ ᠬᠡᠷᠡᠭᠯᠡᠭᠴᠢᠳ ᠵᠥᠪᠬᠡᠨ ᠲᠡᠭᠦᠨ ᠤ ᠨᠢᠭᠡᠨᠲᠡ ᠬᠡᠷᠡᠭᠯᠡᠭᠰᠡᠨ ᠵᠣᠭᠤᠰ ᠤᠨ ᠡᠬᠡ ᠬᠦᠦ ᠶᠢ ᠨᠢ ᠪᠤᠴᠠᠭᠠᠬᠤ ᠡᠭᠦᠷᠭᠡ ᠶᠢ ᠡᠭᠦᠷᠭᠡᠯᠡᠨ᠎ᠡ᠃

    ᠭᠡᠷ᠎ᠡ ᠶᠢᠨ ᠪᠠᠶᠢᠳᠠᠯ ᠢ ᠬᠤᠪᠢᠷᠠᠭᠤᠯᠤᠭᠰᠠᠨ ᠪᠠᠶᠢᠳᠠᠯ ᠲᠠᠢ ᠪᠣᠯ ᠬᠡᠷᠡᠭᠯᠡᠭᠴᠢᠳ ᠭᠡᠷ᠎ᠡ ᠶᠢ ᠬᠦᠴᠦᠨ ᠦᠭᠡᠢ ᠪᠣᠯᠭᠠᠬᠤ ᠪᠠᠷ ᠱᠠᠭᠠᠷᠳᠠᠵᠤ ᠪᠤᠯᠤᠨ᠎ᠠ

    ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠭᠡᠷ᠎ᠡ ᠶᠢ ᠬᠦᠴᠦᠨ ᠦᠭᠡᠢ ᠪᠣᠯᠭᠠᠬᠤ᠂ ᠵᠣᠭᠤᠰ ᠢ ᠪᠤᠴᠠᠭᠠᠬᠤ ᠠᠰᠠᠭᠤᠳᠠᠯ ᠪᠣᠯ ᠬᠠᠮᠤᠭ ᠤᠨ ᠲᠦᠭᠡᠮᠡᠯ ᠪᠠ ᠲᠣᠪᠤᠶᠢᠮ᠎ᠠ ᠠᠰᠠᠭᠤᠳᠠᠯ ᠤᠨ ᠨᠢᠭᠡ ᠪᠣᠯᠤᠨ᠎ᠠ᠂ ︽ᠰᠠᠨᠠᠯ ᠬᠤᠷᠢᠶᠠᠬᠤ ᠨᠣᠣᠷᠠᠭ︾ ᠡᠭᠦᠨ ᠳᠤ ᠪᠦᠬᠦ ᠲᠠᠯ᠎ᠠ ᠶᠢᠨ ᠲᠣᠭᠲᠠᠭᠠᠯ ᠭᠠᠷᠭᠠᠵᠤ᠂ ᠬᠡᠷᠡᠭᠯᠡᠭᠴᠢᠳ ᠲᠤ ᠨᠠᠩ ᠣᠯᠠᠨ ᠬᠠᠤᠯᠢ ᠪᠠᠷ ᠲᠣᠭᠲᠠᠭᠠᠭᠰᠠᠨ ᠬᠦᠴᠦᠨ ᠦᠭᠡᠢ ᠪᠣᠯᠭᠠᠬᠤ ᠡᠷᠬᠡ ᠣᠯᠭᠤᠭᠰᠠᠨ ᠪᠥᠭᠡᠳ ᠵᠠᠷᠤᠳᠠᠯ ᠢ ᠪᠤᠴᠠᠭᠠᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ ᠵᠢᠱᠢᠶᠡᠯᠡᠪᠡᠯ᠄

    ᠡᠵᠡᠩᠨᠡᠯᠲᠡ ᠶᠢᠨ ᠲᠠᠯᠠᠪᠤᠷ ᠭᠠᠵᠠᠷ ᠢ ᠬᠤᠪᠢᠷᠠᠭᠤᠯᠬᠤ᠂ ᠡᠵᠡᠩᠨᠡᠭᠴᠢ ᠶᠢ ᠰᠣᠯᠢᠬᠤ᠂ ᠦᠢᠯᠡᠴᠢᠯᠡᠭᠡᠨ ᠤ ᠠᠵᠢᠯᠲᠠᠨ ᠢ ᠬᠤᠪᠢᠷᠠᠭᠤᠯᠤᠭᠰᠠᠨ ᠠᠴᠠ ᠪᠣᠯᠵᠣ ᠢᠲᠡᠭᠡᠯ ᠢᠶᠠᠨ ᠠᠯᠳᠠᠭᠰᠠᠨ᠂ ᠲᠤᠭ᠎ᠠ ᠶᠢ ᠬᠢᠵᠠᠭᠠᠷᠯᠠᠬᠤ ᠦᠭᠡᠢ ᠦᠢᠯᠡᠴᠢᠯᠡᠭᠡᠨ ᠤ ᠠᠮᠠᠯᠠᠯᠲᠠ ᠢᠶᠠᠨ ᠲᠣᠬᠢᠲᠠᠶ ᠭᠦᠢᠴᠡᠳᠬᠡᠭᠰᠡᠨ ᠥᠬᠡᠶ᠂ ᠬᠡᠷᠡᠭᠯᠡᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠵᠡᠷᠭᠡ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠭᠡᠷ᠎ᠡ ᠶᠢ ᠬᠤᠪᠢᠷᠠᠭᠤᠯᠬᠤ ᠪᠠᠶᠢᠳᠠᠯ ᠭᠠᠷᠤᠭᠰᠠᠨ ᠪᠠᠶᠢᠪᠠᠯ᠂ ᠬᠡᠷᠡᠭᠯᠡᠭᠴᠢᠳ ᠭᠡᠷ᠎ᠡ ᠶᠢ ᠬᠦᠴᠦᠨ ᠥᠬᠡᠶ ᠪᠣᠯᠭᠠᠵᠤ ᠡᠵᠡᠩᠨᠡᠭᠴᠢ ᠶᠢ ᠵᠣᠭᠤᠰ ᠢᠶᠠᠨ ᠪᠤᠴᠠᠭᠠᠯᠭᠠᠬᠤ ᠪᠠᠷ ᠱᠠᠭᠠᠷᠳᠠᠬᠤ ᠡᠷᠬᠡ ᠲᠠᠢ᠃

    ᠤᠷᠢᠳᠴᠢᠯᠠᠨ ᠵᠣᠭᠤᠰ ᠥᠭᠬᠦ ᠬᠡᠯᠪᠡᠷᠢ ᠶᠢᠨ ᠬᠡᠷᠡᠭᠯᠡᠭᠡᠨ ᠤ ᠭᠡᠷ᠎ᠡ ᠶᠢ ᠬᠦᠴᠦᠨ ᠦᠭᠡᠢ ᠪᠣᠯᠭᠠᠭᠰᠠᠨ ᠪᠤᠶᠤ ᠬᠦᠴᠦᠨ ᠦᠭᠡᠢ ᠪᠣᠯᠣᠭᠰᠠᠨ ᠢ ᠨᠤᠲᠠᠯᠠᠭᠰᠠᠨ ᠪᠣᠯ ᠂ ᠬᠡᠷᠡᠭᠯᠡᠭᠴᠢᠳ ᠨᠢ ᠡᠵᠡᠩᠨᠡᠭᠴᠢ ᠶᠢ ᠤᠷᠢᠳᠴᠢᠯᠠᠨ ᠥᠭᠭᠦᠭᠰᠡᠨ ᠵᠣᠭᠤᠰ ᠢ ᠪᠤᠴᠠᠭᠠᠨ ᠥᠭᠭᠦᠭᠦᠯᠬᠦ ᠶᠢᠨ ᠬᠠᠮᠲᠤ ᠬᠦᠦ ᠮᠥᠩᠭᠦ ᠶᠢ ᠨᠢ ᠲᠥᠯᠥᠭᠦᠯᠬᠦ ᠪᠠᠷ ᠭᠤᠶᠤᠴᠢᠯᠠᠭᠰᠠᠨ ᠪᠠᠶᠢᠪᠠᠯ ᠠᠷᠠᠳ ᠤᠨ ᠰᠢᠭᠦᠬᠦ ᠬᠤᠷᠢᠶ᠎ᠠ ᠳᠡᠮᠵᠢᠬᠦ ᠬᠡᠷᠡᠭᠲᠡᠢ᠃

    ᠡᠵᠡᠩᠨᠡᠭᠴᠢ ᠨᠢ ᠤᠷᠢᠳᠴᠢᠯᠠᠨ ᠥᠭᠭᠦᠭᠰᠡᠨ ᠵᠣᠭᠤᠰ ᠢ ᠨᠢ ᠨᠢᠭᠡᠨᠲᠡ ᠬᠤᠷᠢᠶᠠᠵᠤ ᠠᠪᠤᠭᠠᠳ ᠲᠠᠸᠠᠷ ᠪᠤᠶᠤ ᠦᠢᠯᠡᠴᠢᠯᠡᠭᠡ ᠬᠠᠩᠭᠠᠭᠰᠠᠨ ᠤ ᠳᠠᠷᠠᠭᠠᠬᠢ ᠰᠠᠭᠤᠯᠭᠠᠨ ᠠᠪᠤᠭᠰᠠᠨ ᠦᠯᠡᠳᠡᠪᠦᠷᠢ ᠵᠣᠭᠤᠰ ᠢ᠂ ᠬᠡᠷᠡᠭᠯᠡᠭᠴᠢᠳ ᠤᠨ ᠦᠯᠡᠳᠡᠭᠰᠡᠨ ᠤᠷᠢᠳᠴᠢᠯᠠᠨ ᠥᠭᠭᠦᠭᠰᠡᠨ ᠵᠣᠭᠤᠰ ᠢ ᠨᠢ ᠪᠤᠴᠠᠭᠠᠵᠤ ᠥᠭᠬᠦ ᠬᠡᠷᠡᠭᠲᠡᠢ᠃

    ᠦᠢᠯᠡᠳᠦᠯᠭᠡ ᠶᠢᠨ ᠳᠤᠮᠳᠠ᠂ ᠬᠡᠷᠡᠭᠯᠡᠭᠴᠢᠳ ᠨᠢ ᠡᠵᠡᠩᠨᠡᠭᠴᠢᠳ ᠤᠨ ᠪᠣᠳᠠᠲᠠᠢ ᠡᠵᠡᠩᠨᠡᠯᠲᠡ ᠶᠢᠨ ᠪᠠᠶᠢᠳᠠᠯ ᠢ ᠮᠡᠳᠡᠬᠦ ᠦᠭᠡᠢ᠂ ᠬᠡᠰᠡᠭ ᠬᠠᠤᠯᠢ ᠪᠤᠰᠤ ᠡᠵᠡᠩᠨᠡᠭᠴᠢ ᠨᠢᠭᠡᠨᠲᠡ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠪᠠᠶᠢᠲᠠᠯ᠎ᠠ ᠪᠠᠨ᠂ ᠮᠥᠨ ᠯᠡ ᠬᠡᠷᠡᠭᠯᠡᠭᠴᠢᠳ ᠠᠴᠠ ᠲᠠᠸᠠᠷ ᠪᠠ ᠦᠢᠯᠡᠴᠢᠯᠡᠭᠡ ᠬᠤᠳᠠᠯᠳᠤᠨ ᠥᠭᠴᠦ᠂ ᠬᠡᠷᠡᠭᠯᠡᠭᠴᠢᠳ ᠠᠴᠠ ᠤᠷᠢᠳᠴᠢᠯᠠᠨ ᠥᠭᠬᠦ ᠵᠣᠭᠤᠰ ᠠᠪᠴᠤ᠂ ᠬᠠᠮᠤᠭ ᠰᠡᠭᠦᠯ ᠳᠤ ᠵᠣᠭᠤᠰ ᠢ ᠠᠪᠴᠤ ᠳᠤᠲᠠᠭᠠᠵᠤ᠂ ᠬᠡᠷᠡᠭᠯᠡᠭᠴᠢᠳ ᠢ ᠬᠠᠭᠤᠷᠴᠤ ᠮᠡᠬᠡᠯᠡᠳᠡᠭ᠃

    ᠡᠭᠦᠨ ᠤ ᠲᠤᠬᠠᠶ ︽ᠰᠠᠨᠠᠯ ᠬᠤᠷᠢᠶᠠᠬᠤ ᠨᠣᠤᠷᠠᠭ︾ ᠤᠨ ᠲᠣᠭᠲᠠᠭᠠᠯ ᠳᠤ ᠡᠵᠡᠩᠨᠡᠯᠲᠡ ᠶᠢᠨ ᠲᠠᠯᠠᠪᠤᠷ ᠭᠠᠵᠠᠷ ᠤᠨ ᠲᠦᠷᠢᠶᠡᠰᠦᠯᠡᠭᠦᠯᠬᠦ ᠲᠠᠯ᠎ᠠ ᠨᠢ ᠡᠵᠡᠩᠨᠡᠭᠴᠢ ᠶᠢᠨ ᠦᠨᠡᠨ ᠨᠡᠷᠡᠶᠢᠳᠦᠯ᠂ ᠬᠠᠶ᠋ᠢᠭ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶ᠋ᠢᠭ ᠢ ᠬᠠᠩᠭᠠᠵᠤ ᠳᠡᠶᠢᠯᠬᠦ ᠥᠬᠡᠶ ᠪᠠᠶᠢᠪᠠᠯ᠂ ᠲᠠᠯᠠᠪᠤᠷ ᠭᠠᠵᠠᠷ ᠤᠨ ᠡᠵᠡᠩᠨᠡᠭᠴᠢ ᠠᠴᠠ ᠲᠡᠳᠡᠨ ᠤ ᠲᠠᠯᠠᠪᠤᠷ ᠭᠠᠵᠠᠷ ᠢ ᠲᠦᠷᠢᠶᠡᠰᠦᠯᠡᠵᠦ ᠪᠠᠶᠢᠭ᠎ᠠ ᠬᠤᠭᠤᠴᠠᠭᠠᠨ ᠳᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠢ ᠮᠡᠳᠡᠬᠦ ᠪᠤᠶᠤ ᠮᠡᠳᠡᠬᠦ ᠴᠢᠬᠤᠯᠠᠲᠠᠢ ᠪᠠᠶᠢᠭᠠᠳ᠂ ᠴᠢᠬᠤᠯᠠ ᠪᠥᠬᠦᠶ ᠠᠷᠭ᠎ᠠ ᠬᠡᠮᠵᠢᠶ᠎ᠡ ᠠᠪᠤᠭᠰᠠᠨ ᠥᠬᠡᠶ ᠪᠠᠶᠢᠪᠠᠯ᠂ ᠬᠡᠷᠡᠭᠯᠡᠭᠴᠢᠳ ᠤᠨ ᠬᠤᠬᠢᠷᠠᠯ ᠳᠤ ᠬᠤᠯᠪᠣᠭᠳᠠᠬᠤ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠶ ᠭᠡᠵᠦ ᠲᠣᠭᠲᠠᠭᠠᠵᠠᠶ᠃

    ᠭᠤᠷᠪᠠᠳᠡᠬᠢ ᠬᠦᠮᠦᠨ ᠨᠢ ᠡᠵᠡᠩᠨᠡᠭᠴᠢᠳ ᠢ ᠬᠠᠪᠰᠤᠷᠤᠨ ᠦᠷᠢ ᠦᠭᠴᠡᠭᠡ ᠠᠴᠠ ᠵᠠᠶᠢᠯᠠᠭᠰᠠᠨ ᠪᠠᠶᠢᠪᠠᠯ ᠬᠤᠯᠪᠣᠭᠳᠠᠬᠤ ᠬᠠᠷᠢᠭᠤᠴᠠᠯᠭ᠎ᠠ ᠡᠭᠦᠷᠭᠡᠯᠡᠨ᠎ᠡ

    ᠣᠶᠢᠷ᠎ᠠ ᠶᠢᠨ ᠬᠤᠭᠤᠴᠠᠭᠠᠨ ᠳᠤ ᠨᠢᠭᠡᠨ ᠰᠢᠨ᠎ᠡ ᠠᠵᠢᠯ ᠲᠥᠷᠥᠯ ᠢᠯᠡᠷᠡᠪᠡ᠂ ᠲᠤᠬᠠᠶᠢᠯᠠᠪᠠᠯ ︽ᠠᠵᠢᠯ ᠮᠡᠷᠭᠡᠵᠢᠯ ᠤᠨ ᠡᠭᠦᠳᠡ ᠬᠠᠭᠠᠭᠴᠢ︾ ᠭᠡᠳᠡᠭ᠂ ᠲᠤᠰᠬᠠᠶᠢᠯᠠᠨ ᠤᠷᠢᠳᠴᠢᠯᠠᠨ ᠵᠣᠭᠤᠰ ᠥᠭᠬᠦ ᠮᠠᠶ᠋ᠢᠭ ᠤᠨ ᠬᠡᠷᠡᠭᠯᠡᠭᠡᠨ ᠤ ᠡᠵᠡᠩᠨᠡᠭᠴᠢ ᠶᠢ ᠬᠠᠪᠰᠤᠷᠴᠤ ᠤᠷᠤᠭᠰᠢᠲᠠᠶ ᠡᠭᠦᠳᠡ ᠶᠢ ᠨᠢ ᠬᠠᠭᠠᠵᠤ᠂ ᠠᠮᠤᠷ ᠲᠦᠪᠰᠢᠨ ᠢᠶᠠᠷ ︽ᠥᠷᠢ ᠥᠭᠴᠡᠭᠡᠨ ᠤ ᠬᠠᠷᠢᠭᠤᠴᠠᠯᠭ᠎ᠠ︾ ᠠᠴᠠ ᠠᠩᠭᠢᠵᠢᠷᠠᠭᠤᠯᠳᠠᠭ᠃

    ︽ᠢᠯᠭᠠᠷᠠᠭᠤᠯᠤᠨ ᠪᠤᠳᠤᠬᠤ ᠡᠭᠦᠷᠭᠡᠲᠡᠨ ᠪᠠ ᠥᠷᠢ ᠥᠭᠴᠡᠭᠡ ᠠᠴᠠ ᠵᠠᠶᠢᠯᠠᠭᠰᠠᠳ ᠢ ᠬᠠᠪᠰᠤᠷᠤᠭᠰᠠᠨ ᠬᠠᠷᠢᠭᠤᠴᠠᠯᠭ᠎ᠠ ᠶᠢᠨ ᠪᠡᠶᠡᠴᠢ ᠴᠣᠭᠴᠠ︾ ᠳᠤ ︽ᠰᠠᠨᠠᠯ ᠬᠤᠷᠢᠶᠠᠬᠤ ᠨᠣᠣᠷᠠᠭ︾ ᠲᠤ ᠪᠠᠰᠠ ᠬᠠᠷᠠᠭᠠᠯᠵᠠᠭᠰᠠᠨ ᠲᠣᠭᠲᠠᠭᠠᠯ ᠲᠠᠢ᠄

    ᠡᠵᠡᠩᠨᠡᠭᠴᠢᠳ ᠤᠷᠢᠳᠴᠢᠯᠠᠨ ᠵᠣᠭᠤᠰ ᠬᠤᠷᠢᠶᠠᠭᠰᠠᠨ ᠤ ᠳᠠᠷᠠᠭ᠎ᠠ ᠡᠵᠡᠩᠨᠡᠯᠲᠡ ᠶᠢᠨ ᠬᠦᠴᠢᠷᠳᠡᠯ ᠲᠠᠢ ᠠᠴᠠ ᠪᠣᠯᠵᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠠᠸᠠᠷ ᠪᠤᠶᠤ ᠦᠢᠯᠡᠴᠢᠯᠡᠭᠡ ᠬᠠᠩᠭᠠᠵᠤ ᠳᠡᠶᠢᠯᠬᠦ ᠦᠭᠡᠶ ᠪᠣᠯ ᠡᠳ᠋ ᠬᠥᠷᠥᠩᠭᠡ ᠪᠠ ᠥᠷᠢ ᠰᠢᠷᠢ ᠪᠠᠨ ᠴᠠᠭ ᠲᠤᠬᠠᠶ ᠳᠤᠨᠢ ᠢᠯᠭᠠᠷᠠᠭᠤᠯᠵᠤ᠂ ᠬᠡᠷᠡᠭᠯᠡᠭᠴᠢᠳ ᠲᠤ ᠮᠡᠳᠡᠭᠳᠡᠨ ᠤᠷᠢᠳᠴᠢᠯᠠᠨ ᠥᠭᠭᠦᠭᠰᠡᠨ ᠵᠣᠭᠤᠰ ᠢᠶᠠᠨ ᠪᠤᠴᠠᠭᠠᠬᠤ ᠵᠡᠷᠭᠡ ᠵᠦᠢᠯ ᠢᠶᠠᠨ ᠭᠦᠢᠴᠡᠳᠬᠡᠯᠭᠡᠬᠦ ᠬᠡᠷᠡᠭᠲᠡᠶ᠃

    ᠡᠵᠡᠩᠨᠡᠭᠴᠢᠳ ᠬᠠᠤᠯᠢ ᠶᠣᠰᠣᠭᠠᠷ ᠢᠯᠭᠠᠷᠠᠭᠤᠯᠤᠨ ᠪᠣᠳᠣᠬᠤ ᠬᠡᠷᠡᠭᠲᠡᠶ ᠪᠣᠯᠪᠠᠴᠤ ᠴᠠᠭ ᠲᠤᠬᠠᠶ ᠳᠤᠨᠢ ᠢᠯᠭᠠᠷᠠᠭᠤᠯᠤᠨ ᠪᠣᠳᠣᠭᠰᠠᠨ ᠦᠭᠡᠢ ᠠᠴᠠ ᠪᠣᠯᠵᠤ᠂ ᠬᠡᠷᠡᠭᠯᠡᠭᠴᠢᠳ ᠲᠤ ᠬᠤᠬᠢᠷᠠᠯ ᠤᠴᠠᠷᠠᠭᠤᠯᠤᠭᠰᠠᠨ ᠪᠣᠯ ᠬᠡᠷᠡᠭᠯᠡᠭᠴᠢᠳ ᠡᠵᠡᠩᠨᠡᠭᠴᠢ ᠶᠢᠨ ᠢᠯᠭᠠᠷᠠᠭᠤᠯᠤᠨ ᠪᠣᠳᠣᠬᠤ ᠡᠭᠦᠷᠭᠡᠳᠡᠨ ᠶᠢ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠬᠦ ᠪᠠᠷ ᠭᠤᠶᠤᠴᠢᠯᠠᠭᠰᠠᠨ ᠪᠣᠯ ᠠᠷᠠᠳ ᠤᠨ ᠰᠢᠭᠦᠬᠦ ᠬᠤᠷᠢᠶ᠎ᠠ ᠳᠡᠮᠵᠢᠬᠦ ᠬᠡᠷᠡᠭᠲᠡᠶ᠃

    ᠭᠤᠷᠪᠠᠳᠠᠬᠢ ᠬᠥᠮᠦᠨ ᠨᠢ ᠡᠵᠡᠩᠨᠡᠭᠴᠢ ᠶᠢ ᠬᠠᠪᠰᠤᠷᠤᠨ ᠥᠷᠢ ᠥᠭᠴᠡᠭᠡ ᠠᠴᠠ ᠵᠠᠶᠢᠯᠠᠭᠤᠯᠵᠤ᠂ ᠬᠡᠷᠡᠭᠯᠡᠭᠴᠢᠳ ᠲᠤ ᠬᠤᠬᠢᠷᠠᠯ ᠤᠴᠠᠷᠠᠭᠤᠯᠤᠭᠰᠠᠨ ᠪᠣᠯ᠂ ᠬᠡᠷᠡᠭᠯᠡᠭᠴᠢᠳ ᠭᠤᠷᠪᠠᠳᠠᠬᠢ ᠬᠥᠮᠦᠨ ᠪᠠ ᠡᠵᠡᠩᠨᠡᠭᠴᠢ ᠠᠴᠠ ᠬᠤᠯᠪᠣᠭᠳᠠᠬᠤ ᠬᠠᠷᠢᠭᠤᠴᠠᠯᠭ᠎ᠠ ᠶᠢ ᠡᠭᠦᠷᠭᠡᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠡᠮᠵᠢᠬᠦ ᠬᠡᠷᠡᠭᠲᠡᠶ᠃

 

ᠢᠷᠡᠯᠲᠡ᠄ ᠳᠤᠮᠳᠠᠳᠤ ᠤᠯᠤᠰ ᠤᠨ ᠬᠡᠷᠡᠭᠯᠡᠭᠴᠢᠳ ᠤᠨ ᠰᠣᠨᠢᠨ · ᠳᠤᠮᠳᠠᠳᠤ ᠤᠯᠤᠰ ᠤᠨ ᠬᠡᠷᠡᠭᠯᠡᠭᠡᠨ ᠤ ᠰᠦᠯᠵᠢᠶ᠎ᠡ