ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ︽ᠪᠡᠶ᠎ᠡ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ  ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠵᠠᠭᠪᠤᠷ ᠢ ᠳᠡᠯᠭᠡᠷᠡᠭᠦᠯᠬᠦ ᠲᠤᠬᠠᠶ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/6/14

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠄

    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠵᠠᠭᠪᠤᠷ ᠢ ᠳᠡᠯᠭᠡᠷᠡᠭᠦᠯᠬᠦ ᠪᠠᠷ ᠲᠣᠭᠲᠠᠪᠠ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃

ᠨᠢᠭᠡ᠂ ᠭᠤᠤᠯ ᠡᠭᠦᠷᠭᠡ

    ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠣᠨᠣᠯᠵᠢᠬᠤᠨ ᠢ ᠬᠤᠪᠢᠷᠠᠭᠤᠯᠵᠤ᠂ ︽ᠰᠡᠷᠭᠡᠶᠢᠯᠡᠬᠦ ᠪᠠᠷ ᠭᠤᠤᠯ ᠪᠣᠯᠭᠠᠬᠤ᠂ ᠬᠥᠩᠭᠡᠪᠲᠦᠷ ᠵᠥᠷᠢᠴᠡᠭᠰᠡᠨ ᠢ ᠨᠢ ᠲᠣᠷᠭᠠᠬᠤ ᠠᠴᠠ ᠬᠡᠯᠲᠦᠷᠢᠭᠦᠯᠬᠦ᠂ ᠬᠦᠨᠳᠦ ᠵᠥᠷᠢᠴᠡᠭᠰᠡᠨ ᠢ ᠨᠢ ᠴᠢᠩᠭ᠎ᠠ ᠰᠢᠢᠳᠬᠡᠬᠦ᠂ ᠠᠯᠳᠠᠭ᠎ᠠ ᠰᠢᠢᠳᠬᠡᠯ ᠨᠢ ᠲᠣᠬᠢᠷᠠᠭᠰᠠᠨ᠂ ᠬᠡᠷᠡᠭ ᠤᠨ ᠳᠠᠷᠠᠭ᠎ᠠ ᠬᠠᠷᠢᠭᠤ ᠰᠤᠷᠪᠤᠯᠵᠢᠯᠠᠬᠤ︾ ᠬᠠᠤᠯᠢ ᠬᠡᠷᠡᠭᠵᠢᠭᠦᠯᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠨᠢ ︽ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠦᠲᠦᠮᠵᠢᠲᠡᠶ︾᠂ ᠬᠠᠤᠯᠢ ᠬᠡᠷᠡᠭᠵᠢᠭᠦᠯᠬᠦ ᠨᠢ ︽ᠴᠢᠩᠭ᠎ᠠ᠂ ᠵᠢᠷᠤᠮᠵᠢᠯ ᠲᠠᠢ᠂ ᠲᠥᠪ ᠭᠤᠤᠯᠴᠢ᠂ ᠪᠣᠯᠪᠠᠰᠤᠨ ︾᠂ ᠦᠢᠯᠡᠴᠢᠯᠡᠭᠡ ᠨᠢ ︽ᠰᠡᠳᠬᠢᠯ ᠲᠠᠯᠪᠢᠵᠤ᠂ ᠬᠠᠶᠢᠷ᠎ᠠ ᠰᠡᠳᠬᠢᠯᠭᠡ ᠲᠠᠢ᠂ ᠬᠦᠴᠦ ᠲᠠᠯᠪᠢᠬᠤ︾ ᠶᠢ ᠪᠡᠶᠡᠯᠡᠭᠦᠯᠦᠨ᠎ᠡ᠃ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢ ᠳᠡᠯᠭᠡᠷᠡᠭᠦᠯᠬᠦ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠶᠢ ᠨᠠᠷᠢᠯᠢᠭᠵᠢᠭᠰᠠᠨ᠂ ᠬᠠᠤᠯᠢ ᠬᠡᠷᠡᠭᠵᠢᠭᠦᠯᠦᠯᠲᠡ ᠶᠢ ᠣᠨᠣᠪᠴᠢᠲᠠᠶ᠂ ᠦᠢᠯᠡᠴᠢᠯᠡᠭᠡ ᠶᠢ ᠳᠤᠯᠠᠭᠠᠴᠠ ᠲᠠᠢ ᠪᠣᠯᠭᠠᠵᠤ᠂ ᠵᠢᠷᠤᠮᠵᠢᠭᠰᠠᠨ ᠲᠥᠪ ᠭᠤᠤᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ᠂ ᠡᠷᠬᠡ ᠲᠡᠭᠰᠢ ᠡᠮᠬᠢ ᠵᠢᠷᠤᠮ ᠲᠠᠢ ᠥᠷᠢᠰᠥᠯᠳᠦᠭᠡᠨ ᠤ ᠣᠷᠴᠢᠨ ᠨᠥᠬᠦᠴᠡᠯ᠂ ᠳᠥᠭᠦᠮ ᠳᠥᠲᠡ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ᠃

    ︵ᠨᠢᠭᠡ︶ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠨᠡᠩ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠰᠢᠰᠲ᠋ᠧᠮᠵᠢ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ ᠣᠨᠣᠯᠵᠢᠬᠤᠨ ᠢ ᠨᠠᠩ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠢᠯᠣᠭᠤᠳᠣᠯᠭ᠎ᠠ᠂ ᠪᠠᠭᠲᠠᠭᠠᠮᠵᠢᠲᠠᠶ ᠬᠢᠨᠠᠯᠲᠠ ᠬᠠᠮᠢᠶᠠᠷᠤᠯᠲᠠ᠂ ᠤᠶᠠᠨ ᠬᠠᠳᠠᠨ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠳᠤᠯᠠᠭᠠᠴᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠤᠣᠰᠯᠠᠭᠤᠯᠵᠤ᠂ ᠪᠠᠭᠲᠠᠭᠠᠮᠵᠢᠲᠠᠶ ᠪᠥᠭᠡᠳ ᠪᠣᠯᠭᠤᠮᠵᠢᠲᠠᠶ᠂ ᠵᠢᠷᠤᠮᠵᠢᠯ ᠲᠠᠢ ᠪᠥᠭᠡᠳ ᠲᠥᠪ ᠭᠤᠤᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃

    ︵ᠬᠤᠶᠠᠷ︶ ᠥᠷᠢᠰᠥᠯᠳᠦᠭᠡᠨ ᠤ ᠣᠷᠴᠢᠨ ᠨᠥᠬᠦᠴᠡᠯ ᠢ ᠨᠠᠩ ᠲᠥᠪ ᠭᠤᠤᠯᠴᠢ ᠪᠣᠯᠭᠠᠨ᠎ᠠ᠃ ᠡᠷᠬᠡ ᠲᠡᠭᠰᠢ ᠪᠠᠷ ᠦᠷᠢᠰᠦᠯᠳᠦᠬᠦ ᠳᠦᠷᠢᠮ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠥᠷᠢᠰᠦᠯᠳᠦᠭᠡᠨ ᠤ ᠳᠦᠷᠢᠮ ᠤᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠨᠡᠩ ᠪᠦᠷᠢᠨᠰᠢᠭᠦᠯᠦᠨ᠂ ᠡᠷᠬᠡ ᠲᠡᠭᠰᠢ ᠲᠥᠪ ᠭᠤᠣᠯᠴᠢ᠂ ᠵᠢᠷᠤᠮᠵᠢᠯ ᠲᠠᠢ ᠪᠦᠭᠡᠳ ᠢᠯᠡ ᠲᠣᠳᠣ ᠥᠷᠢᠰᠦᠯᠳᠦᠭᠡᠨ ᠤ ᠣᠷᠴᠢᠨ ᠨᠥᠬᠦᠴᠡᠯ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃

    ︵ᠭᠤᠷᠪᠠ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠦᠨ᠎ᠡ᠃ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ ᠳᠦᠷᠢᠮ ᠢ ᠨᠠᠩ ᠵᠢᠷᠤᠮᠵᠢᠭᠤᠯᠵᠤ᠂ ᠪᠡᠯᠡ ᠣᠷᠣᠭᠤᠯᠵᠤ ᠠᠳᠠᠯ ᠦᠢᠯᠡᠰ ᠴᠣᠭᠴᠠᠯᠠᠬᠤ ᠳᠤ ᠨᠠᠩ ᠳᠥᠭᠦᠮ ᠳᠥᠲᠡ ᠪᠣᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃

    ︵ᠲᠦᠷᠪᠡ︶ ᠬᠡᠷᠡᠭᠯᠡᠭᠡᠨ ᠤ ᠣᠷᠴᠢᠨ ᠨᠥᠬᠦᠴᠡᠯ ᠢ ᠨᠡᠩ ᠰᠠᠨᠠᠭ᠎ᠠ ᠠᠮᠤᠷ ᠪᠣᠯᠭᠠᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠪᠠᠲᠤᠯᠠᠭ᠎ᠠ ᠶᠢ ᠨᠠᠩ ᠬᠦᠴᠦᠲᠡᠶ ᠪᠣᠯᠭᠠᠵᠤ᠂ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ ᠬᠦᠴᠦᠲᠡᠶ ᠬᠠᠮᠠᠭᠠᠯᠠᠵᠤ᠂ ᠬᠡᠷᠡᠭᠯᠡᠭᠡᠨ ᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ᠃

ᠬᠤᠶᠠᠷ᠂ ᠶᠡᠷᠦᠩᠬᠡᠢ ᠱᠠᠭᠠᠷᠳᠠᠯᠭ᠎ᠠ

    ︵ᠨᠢᠭᠡ︶ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠨ ᠬᠠᠮᠢᠶᠠᠷᠤᠯᠲᠠ  ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠠᠭᠤᠯᠤᠭᠳᠠᠬᠤᠨ ᠢ ᠣᠨᠣᠪᠴᠢᠲᠠᠶ ᠡᠵᠡᠮᠳᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠬᠠᠮᠤᠷᠴᠠᠶ᠃ ︽ᠪᠡᠶ᠎ᠡ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ︾ ᠪᠣᠯ ᠳᠠᠷᠤᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠡᠵᠡᠩᠨᠡᠯᠲᠡ ᠶᠢᠨ ᠭᠤᠤᠯ ᠴᠣᠭᠴᠠ ᠳᠤ ᠲᠣᠭᠲᠠᠭᠠᠯ ᠳᠤ ᠨᠡᠶᠢᠴᠡᠭᠦᠯᠦᠨ ᠵᠢᠯᠣᠭᠤᠳᠣᠯᠭ᠎ᠠ ᠬᠢᠬᠦ᠂ ᠬᠠᠤᠯᠢ ᠠᠴᠠ ᠵᠥᠷᠢᠴᠡᠭᠰᠡᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠳᠤᠮᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠤᠷᠢᠳᠴᠢᠯᠠᠨ ᠢᠯᠡᠷᠡᠭᠦᠯᠵᠦ᠂ ᠤᠷᠢᠳᠴᠢᠯᠠᠨ ᠰᠡᠷᠭᠡᠶᠢᠯᠡᠵᠦ᠂ ᠡᠵᠡᠩᠨᠡᠯᠲᠡ ᠶᠢᠨ ᠭᠤᠤᠯ ᠴᠣᠭᠴᠠ ᠶᠢ ᠵᠢᠯᠣᠭᠤᠳᠤᠨ ᠴᠠᠭ ᠲᠤᠬᠠᠶ ᠳᠤᠨᠢ ᠵᠠᠯᠠᠷᠠᠭᠤᠯᠵᠤ᠂ ︽ᠪᠠᠭ᠎ᠠ ᠪᠤᠷᠤᠭᠤ︾ ᠨᠢ ︽ᠶᠡᠭᠡ ᠭᠠᠮᠰᠢᠭ︾ ᠪᠣᠯᠬᠤ ᠠᠴᠠ ᠵᠠᠶᠢᠯᠠᠰᠬᠢᠨ᠎ᠠ︔ ︽ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠨᠢ ᠳᠠᠷᠤᠶ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠳᠤᠮᠳᠠ ᠦᠢᠯᠡᠴᠢᠯᠡᠭᠡ ᠪᠠᠨ ᠢᠯᠡᠷᠡᠭᠦᠯᠵᠦ᠂ ᠦᠢᠯᠡᠴᠢᠯᠡᠭᠡᠨ ᠤ ᠳᠤᠮᠳᠠ ᠬᠢᠨᠠᠯᠲᠠ ᠬᠠᠮᠢᠶᠠᠷᠤᠯᠲᠠ ᠪᠠᠨ ᠬᠡᠷᠡᠭᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠳᠤ ᠬᠥᠭᠵᠢᠯᠲᠡ᠂ ᠡᠷᠬᠡ ᠪᠠᠨ ᠬᠠᠮᠠᠭᠠᠯᠠᠬᠤ ᠲᠠᠪᠴᠠᠩ ᠪᠠᠶᠢᠭᠤᠯᠵᠤ᠂ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠪᠠ ᠦᠢᠯᠡᠴᠢᠯᠡᠭᠡᠨ ᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠵᠠᠭᠪᠤᠷ ᠪᠣᠯ ᠳᠠᠷᠤᠶ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠬᠠᠤᠯᠢ ᠬᠡᠷᠡᠭᠵᠢᠭᠦᠯᠬᠦ ᠭᠤᠭᠴᠤᠭ᠎ᠠ ᠨᠢᠭᠡᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠪᠥᠬᠦ ᠬᠡᠯᠬᠢᠶ᠎ᠡ ᠶᠢᠨ ᠦᠢᠯᠡᠴᠢᠯᠡᠭᠡ ᠶᠢ ᠣᠷᠭᠠᠨᠢᠭ ᠢᠶᠠᠷ ᠵᠣᠯᠭᠠᠭᠤᠯᠬᠤ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠬᠦ᠂ ᠦᠢᠯᠡᠴᠢᠯᠡᠭᠡᠨ ᠤ ᠬᠠᠨᠳᠤᠯᠭᠠᠲᠤ ᠴᠢᠨᠠᠷ ᠪᠠ ᠬᠠᠮᠵᠢᠯᠴᠠᠬᠤ ᠴᠢᠨᠠᠷ ᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠪᠥᠬᠦ ᠶᠠᠪᠤᠴᠠ ᠳᠤ ᠨᠢᠭᠲᠠ ᠬᠠᠮᠵᠢᠯᠴᠠᠭᠰᠠᠨ᠂ ᠪᠥᠬᠦ ᠭᠤᠭᠴᠤᠭ᠎ᠠ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠭᠰᠡᠨ ᠦᠢᠯᠡᠴᠢᠯᠡᠭᠡᠨ ᠤ ᠨᠡᠶᠢᠯᠡᠮᠡᠯ ᠬᠦᠴᠦᠨ ᠢ ᠪᠣᠶ ᠪᠣᠯᠭᠠᠬᠤ ᠶᠠᠪᠤᠳᠠᠯ ᠪᠣᠯᠤᠨ᠎ᠠ᠃

    ︵ᠬᠤᠶᠠᠷ︶ ᠬᠠᠤᠯᠢ ᠬᠡᠷᠡᠭᠵᠢᠭᠦᠯᠬᠦ ᠪᠠ ᠦᠢᠯᠡᠴᠢᠯᠡᠭᠡᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠢᠨᠠᠯᠲᠠ ᠬᠠᠮᠢᠶᠠᠷᠤᠯᠲᠠ ᠶᠢ ᠨᠢᠭᠡᠳᠦᠭᠡᠷ ᠬᠠᠷᠢᠭᠤᠴᠠᠯᠭ᠎ᠠ ᠪᠣᠯᠭᠠᠵᠤ᠂ ᠦᠢᠯᠡᠴᠢᠯᠡᠭᠡ ᠶᠢ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠬᠠᠤᠯᠢ ᠬᠡᠷᠡᠭᠵᠢᠭᠦᠯᠦᠯᠲᠡ ᠶᠢᠨ ᠪᠦᠬᠦ ᠬᠡᠯᠬᠢᠶ᠎ᠡ ᠳᠤ ᠲᠤᠭᠤᠰᠢᠯᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠪᠠᠶᠢᠷᠢ ᠰᠣᠯᠢᠵᠤ ᠰᠡᠳᠬᠢᠵᠦ᠂ ᠡᠭᠦᠷᠭᠡᠯᠡᠨ ᠠᠵᠢᠯᠯᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠶᠢ ᠭᠦᠢᠴᠡᠳ ᠰᠣᠨᠣᠰᠴᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠦᠴᠢᠷᠳᠡᠯ᠂ ᠡᠪᠡᠷᠰᠢᠶᠡᠯ ᠳᠤ ᠰᠢᠭᠤᠳ ᠬᠠᠨᠳᠤᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ᠂ ᠲᠣᠭᠲᠠᠭᠠᠯ ᠳᠤ ᠨᠡᠶᠢᠴᠡᠭᠦᠯᠬᠦ ᠵᠢᠯᠤᠭᠤᠳᠤᠯᠭ᠎ᠠ ᠶᠢ ᠰᠠᠶᠢᠲᠤᠷ ᠬᠢᠵᠦ᠂ ᠪᠡᠶ᠎ᠡ ᠶᠢᠨ ᠪᠠᠶᠢᠴᠠᠭᠠᠯᠲᠠ ᠶᠢᠨ ᠤᠷᠢᠳᠴᠢᠯᠠᠨ ᠰᠡᠷᠡᠮᠵᠢᠯᠡᠭᠦᠯᠬᠦ ᠠᠴᠠ ᠮᠥᠷᠳᠡᠨ ᠰᠤᠷᠪᠤᠯᠵᠢᠯᠠᠬᠤ ᠬᠦᠷᠲᠡᠯᠡᠬᠢ ᠠᠵᠢᠯ ᠤᠨ ᠪᠢᠲᠡᠭᠦᠦ ᠴᠠᠭᠠᠷᠢᠭ ᠢ ᠪᠠᠶᠢᠭᠤᠯᠵᠤ᠂ ᠦᠢᠯᠡᠴᠢᠯᠡᠭᠡ ᠶᠢ ᠬᠢᠨᠠᠨ ᠬᠠᠮᠢᠶᠠᠷᠤᠯᠲᠠ ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠶᠢ ᠠᠶᠤᠯ ᠲᠦᠭᠰᠢᠭᠦᠷᠢ ᠠᠴᠠ ᠡᠮᠦᠨ᠎ᠡ ᠶᠠᠪᠤᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠶᠢ ᠨᠢ ᠦᠨᠡᠨ ᠪᠣᠳᠠᠲᠠᠢ ᠰᠢᠢᠳᠪᠦᠷᠢᠯᠡᠵᠦ᠂ ᠡᠵᠡᠩᠨᠡᠯᠲᠡ ᠶᠢᠨ ᠭᠤᠣᠯ ᠴᠣᠭᠴᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠯᠠᠭᠠᠴᠠ ᠶᠢ ᠭᠦᠢᠴᠡᠳ ᠮᠡᠳᠡᠷᠡᠭᠦᠯᠵᠦ᠂ ᠦᠢᠯᠡᠴᠢᠯᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠳᠡᠮᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃

ᠭᠤᠷᠪᠠ᠂ ᠪᠣᠳᠠᠲᠠᠶ ᠠᠷᠭ᠎ᠠ ᠬᠡᠮᠵᠢᠶ᠎ᠡ

    ︵ᠨᠢᠭᠡ︶ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠎ᠠ

    1. ᠲᠣᠪᠴᠢᠶ᠎ᠠ ᠭᠠᠵᠠᠷ ᠤᠨ ᠳᠠᠷᠤᠭ᠎ᠠ ᠶᠢᠨ ᠬᠠᠷᠢᠯᠴᠠᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ᠂ ᠭᠠᠵᠠᠷ ᠤᠨ ᠳᠠᠷᠤᠭ᠎ᠠ ︵ᠰᠠᠯᠠᠭᠠᠨ ᠳᠠᠷᠤᠭ᠎ᠠ︶ ᠡᠵᠡᠩᠨᠡᠯᠲᠡ ᠶᠢᠨ ᠭᠤᠤᠯ ᠴᠣᠭᠴᠠ ᠲᠠᠢ ᠬᠠᠷᠢᠯᠴᠠᠵᠤ᠂ ᠭᠤᠤᠯᠳᠠᠭᠤ ᠭᠤᠤᠯᠳᠠᠯᠭ᠎ᠠ ᠲᠠᠢ ᠪᠤᠶᠢᠵᠢᠭᠤᠯᠬᠤ ᠠᠵᠤ ᠠᠬᠤᠶᠢᠯᠠᠯ ᠲᠠᠢ ᠬᠠᠷᠢᠯᠴᠠᠵᠤ᠂ ᠳᠠᠪᠠᠭᠤᠯᠢᠭ ᠲᠠᠢ᠂ ᠳᠠᠯᠳᠠ ᠬᠦᠴᠦᠨ ᠢᠶᠠᠷ ᠶᠡᠭᠡ ᠠᠵᠤ ᠠᠬᠤᠶᠢᠯᠠᠯ᠂ ᠲᠦᠷ ᠴᠠᠭ ᠬᠦᠴᠢᠷᠳᠡᠯ ᠳᠤ ᠲᠤᠯᠭᠠᠷᠠᠵᠤ᠂ ᠳᠠᠮᠵᠢᠵᠤ ᠬᠠᠪᠰᠤᠷᠤᠨ ᠲᠡᠳᠬᠦᠪᠡᠯ ᠦᠷᠭᠦᠯᠵᠢᠯᠡᠨ ᠬᠥᠭᠵᠢᠵᠦ ᠳᠡᠶᠢᠯᠬᠦ ᠵᠢᠵᠢᠭ ᠪᠢᠴᠢᠯ ᠠᠵᠤ ᠠᠬᠤᠶᠢᠯᠠᠯ᠃ ᠲᠣᠭᠲᠠᠮᠠᠯ ᠬᠤᠭᠤᠴᠠᠭ᠎ᠠ ᠲᠠᠢ ᠪᠠᠷ ᠡᠵᠡᠩᠨᠡᠯᠲᠡ ᠶᠢᠨ ᠭᠤᠤᠯ ᠴᠣᠭᠴᠠ ᠳᠤ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠵᠣᠬᠢᠶᠠᠵᠤ᠂ ᠬᠠᠪᠰᠤᠷᠤᠨ ᠲᠡᠳᠬᠦᠵᠦ ᠵᠢᠭᠠᠨ ᠵᠢᠯᠣᠭᠤᠳᠴᠤ᠂ ᠪᠣᠳᠠᠲᠠᠶ ᠬᠡᠷᠡᠭᠴᠡᠭᠡ ᠱᠠᠭᠠᠷᠳᠠᠯᠭ᠎ᠠ ᠬᠦᠴᠢᠷᠳᠡᠯ ᠢ ᠨᠢ ᠰᠢᠢᠳᠪᠦᠷᠢᠯᠡᠨ᠎ᠡ᠃

    2. ︽ᠤᠷᠢᠵᠤ ᠠᠪᠴᠢᠷᠠᠨ ᠰᠠᠨᠠᠯ ᠰᠠᠨᠠᠭᠤᠯᠭ᠎ᠠ ᠶᠢ ᠨᠢ ᠰᠣᠨᠣᠰᠴᠤ ᠯᠠᠪᠳᠠᠭᠤᠨ ᠬᠦᠯᠢᠴᠡᠩᠭᠦᠢ ᠪᠠᠷ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ︾ ᠪᠠ ︽ᠲᠣᠪᠴᠢᠶ᠎ᠠ ᠭᠠᠵᠠᠷ ᠤᠨ ᠳᠠᠷᠤᠭ᠎ᠠ ᠴᠤᠪᠤᠷᠠᠯ ᠢᠶᠠᠷ ᠶᠠᠪᠤᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ︽ᠳᠥᠷᠪᠡᠨ ᠰᠢᠨ᠎ᠡ ᠠᠵᠤ ᠠᠬᠤᠶ︾ ᠵᠢᠴᠢ ᠲᠤᠰᠬᠠᠶ ᠨᠠᠷᠢᠯᠢᠭ ᠣᠨᠴᠠ ᠰᠢᠨ᠎ᠡ᠂ ᠭᠠᠭᠴᠠ ᠡᠪᠡᠷᠲᠦ ᠠᠷᠢᠶᠠᠲᠠᠨ᠂ ᠵᠢᠵᠢᠭ ᠠᠪᠤᠷᠭᠤ ᠬᠥᠮᠦᠨ ᠵᠡᠷᠭᠡ ᠮᠠᠶ᠋ᠢᠭ ᠤᠨ ᠥᠨᠳᠥᠷ ᠦᠰᠦᠨ ᠪᠣᠶᠢᠵᠢᠯᠲᠠ ᠪᠦᠬᠦᠢ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠢ ᠤᠷᠢᠵᠤ ᠬᠤᠷᠠᠯ ᠳᠤ ᠣᠷᠣᠯᠴᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠪᠠ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠵᠦ᠂ ᠰᠠᠨᠠᠯ ᠰᠠᠨᠠᠭᠤᠯᠭ᠎ᠠ ᠶᠢ ᠰᠣᠨᠣᠰᠴᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠭᠦᠢᠴᠡᠳᠭᠡᠬᠦ ᠤᠳᠠᠭ᠎ᠠ ᠣᠯᠠᠨ᠂ ᠡᠵᠡᠩᠨᠡᠯᠲᠡ ᠶᠢᠨ ᠭᠤᠤᠯ ᠴᠣᠭᠴᠠ ᠶᠢᠨ ᠰᠠᠨᠠᠯ ᠨᠡᠯᠢᠶᠡᠳ ᠲᠥᠪᠯᠡᠷᠡᠭᠰᠡᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ︾ ᠢᠶᠠᠷ ᠭᠦᠢᠴᠡᠳᠭᠡᠬᠦ᠂ ︽ᠬᠠᠪᠰᠤᠷᠤᠨ ᠣᠷᠣᠯᠠᠵᠤ ᠭᠦᠢᠴᠡᠳᠭᠡᠬᠦ︾ ᠳᠤ ᠣᠷᠣᠯᠴᠠᠬᠤ᠂ ︽ᠪᠠᠷ᠎ᠠ ᠪᠣᠯᠵᠣ ᠭᠦᠢᠴᠡᠳᠭᠡᠬᠦ︾ ᠬᠠᠪᠰᠤᠷᠤᠨ ᠲᠡᠳᠬᠦᠬᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠᠶᠢᠴᠠᠭᠠᠯᠲᠠ ᠬᠢᠬᠦ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠳᠠᠬᠢ ᠠᠰᠠᠭᠤᠳᠠᠯ᠂ ᠲᠦᠭᠵᠢᠷᠡᠯ ᠢ ᠡᠷᠢᠵᠦ᠂ ᠴᠤᠪᠤᠷᠠᠯ ᠢ ᠬᠠᠨᠳᠤᠯᠭᠠᠲᠤ ᠴᠢᠨᠠᠷᠲᠠᠶ ᠪᠠᠷ ᠰᠢᠯᠢᠳᠡᠭᠵᠢᠭᠦᠯᠦᠨ᠂ ᠲᠦᠭᠵᠢᠷᠡᠯ ᠢ ᠨᠡᠪᠲᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠎ᠡ᠃

    3. ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠦᠷᠢᠶᠡᠯᠡᠩ ᠲᠣᠭᠤᠷᠢᠭ ᠲᠤ ᠣᠷᠣᠭᠤᠯᠵᠤ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠳᠤ ᠰᠢᠨ᠎ᠡ ᠶᠢ ᠡᠭᠦᠳᠦᠨ ᠥᠷᠨᠢᠭᠦᠯᠦᠨ᠎ᠡ᠃ ᠳᠡᠩᠰᠡᠯᠡᠨ ᠲᠡᠮᠳᠡᠭᠯᠡᠬᠦ᠂ ᠬᠡᠮᠵᠢᠯᠲᠡ ᠶᠢ ᠰᠢᠯᠭᠠᠨ ᠲᠣᠭᠲᠠᠭᠠᠬᠤ᠂ ᠪᠠᠷᠢᠮᠵᠢᠶᠠᠵᠢᠭᠤᠯᠬᠤ᠂ ᠰᠢᠯᠭᠠᠨ ᠬᠡᠮᠵᠢᠬᠦ᠂ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ︽ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠤᠨ᠂ ᠰᠠᠨᠠᠭᠠᠴᠢᠯᠠᠭ᠎ᠠ ᠠᠴᠠ ᠪᠠᠨ ᠬᠦᠷᠢᠶᠡᠯᠡᠩ ᠲᠣᠭᠤᠷᠢᠭ ᠤᠨ ᠳᠣᠲᠣᠷᠠᠬᠢ ᠳᠤᠮᠳᠠ ᠵᠢᠵᠢᠭ ᠠᠵᠤ ᠠᠬᠤᠶᠢᠯᠠᠯ ᠳᠤ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠦᠢᠯᠡᠴᠢᠯᠡᠭᠡ ᠬᠦᠷᠭᠡᠨ᠎ᠡ᠃ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ ᠪᠣᠯᠪᠠᠰᠤᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃

    ︵ᠬᠤᠶᠠᠷ︶ ᠬᠡᠷᠡᠭ ᠤᠨ ᠡᠮᠦᠨᠡᠬᠢ ︽ᠰᠤᠳᠠᠯ ᠪᠠᠷᠢᠬᠤ ᠮᠠᠶ᠋ᠢᠭ︾ ᠤᠨ ᠦᠢᠯᠡᠴᠢᠯᠡᠭᠡ ᠶᠢ ᠰᠠᠶᠢᠲᠤᠷ ᠬᠢᠨ᠎ᠡ

    4. ᠬᠠᠤᠯᠢ ᠠᠴᠠ ᠵᠥᠷᠢᠴᠡᠭᠰᠡᠨ ᠲᠦᠭᠰᠢᠭᠦᠷᠢ ᠶᠢ ᠰᠡᠷᠡᠮᠵᠢᠯᠡᠭᠦᠯᠵᠦ ᠰᠠᠨᠠᠭᠤᠯᠬᠤ ᠲᠣᠭᠲᠠᠴᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠵᠠᠰᠠᠭ ᠵᠠᠬᠢᠷᠭᠠᠨ ᠤ ᠲᠣᠭᠲᠠᠭᠠᠯ ᠳᠤ ᠨᠡᠶᠢᠴᠡᠬᠦ ᠵᠢᠯᠣᠭᠤᠳᠤᠮᠵᠢ ᠶᠢᠨ ᠨᠠᠷᠢᠨ ᠬᠠᠭᠤᠳᠠᠰᠤ︾ ᠶᠢ ᠲᠣᠭᠲᠠᠭᠠᠬᠤ ᠶᠢᠨ ᠬᠠᠮᠲᠤ ᠪᠥᠬᠦ ᠨᠡᠶᠢᠭᠡᠮ ᠳᠤ ᠵᠠᠷᠯᠠᠨ ᠨᠡᠶᠢᠲᠡᠯᠡᠵᠦ᠂ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠭᠤᠤᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠡᠳᠡᠨ ᠤ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠠᠬᠢᠭᠤᠯᠤᠨ᠎ᠠ᠃ ᠴᠡᠭ ᠪᠠ ᠨᠡᠶᠢᠳᠡᠮ ᠢ ᠤᠶᠠᠯᠳᠤᠭᠤᠯᠬᠤ ᠶᠢ ᠴᠢᠬᠤᠯᠠᠴᠢᠯᠠᠵᠤ᠂ ᠲᠣᠮᠣ ᠳ᠋ᠠᠶᠢᠲ᠋ᠠ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ 12315᠂ 12345 ᠵᠠᠭᠠᠯᠳᠤᠨ ᠢᠯᠡᠴᠢᠯᠡᠨ ᠮᠡᠳᠡᠭᠦᠯᠦᠭᠰᠡᠨ ᠬᠠᠯᠠᠮᠰᠢᠯ ᠠᠰᠠᠭᠤᠳᠠᠯ ᠢ ᠡᠮᠬᠢᠯᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠠᠴᠠ ᠵᠥᠷᠢᠴᠡᠭᠰᠡᠨ ᠨᠡᠶᠢᠲᠡᠯᠢᠭ ᠴᠢᠨᠠᠷᠲᠠᠶ ᠠᠰᠠᠭᠤᠳᠠᠯ᠂ ᠤᠯᠠᠷᠢᠯ ᠤᠨ ᠴᠢᠨᠠᠷᠲᠠᠶ ᠦᠢᠯᠡᠳᠪᠦᠷᠢᠯᠡᠯ ᠡᠵᠡᠩᠨᠡᠯᠲᠡ ᠠᠮᠠᠷᠬᠠᠨ ᠡᠭᠦᠰᠬᠦ ᠠᠰᠠᠭᠤᠳᠠᠯ᠂ ᠤᠯᠠᠷᠢᠯ ᠤᠨ ᠴᠢᠨᠠᠷᠲᠠᠶ ᠦᠢᠯᠡᠳᠪᠦᠷᠢᠯᠡᠯ ᠡᠵᠡᠩᠨᠡᠯᠲᠡ ᠳᠤ ᠠᠮᠠᠷᠬᠠᠨ ᠡᠭᠦᠰᠬᠦ ᠠᠰᠠᠭᠤᠳᠠᠯ᠂ ᠥᠨᠳᠥᠷ ᠳᠠᠪᠲᠠᠮᠵᠢᠲᠤ ᠬᠠᠤᠯᠢ ᠠᠴᠠ ᠵᠥᠷᠢᠴᠡᠭᠰᠡᠨ ᠬᠡᠷᠡᠭ ᠶᠠᠪᠤᠳᠠᠯ ᠵᠡᠷᠭᠡ ᠶᠢ ᠵᠠᠳᠠᠯᠤᠨ ᠰᠤᠳᠤᠯᠵᠤ ᠮᠠᠭᠠᠳᠯᠠᠨ᠂ ᠬᠠᠤᠯᠢ ᠠᠴᠠ ᠵᠥᠷᠢᠴᠡᠭᠰᠡᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠭᠰᠠᠨ ᠨᠠᠷᠢᠨ ᠬᠠᠭᠤᠳᠠᠰᠤ ᠶᠢ ᠪᠣᠶ ᠪᠣᠯᠭᠠᠵᠤ᠂ ᠠᠵᠢᠯ ᠲᠥᠷᠥᠯ ᠤᠨ ᠨᠡᠶᠢᠭᠡᠮᠯᠢᠭ᠂ ᠡᠵᠡᠩᠨᠡᠯᠲᠡ ᠶᠢᠨ ᠭᠤᠤᠯ ᠴᠣᠭᠴᠠ ᠳᠤ ᠴᠠᠭ ᠲᠤᠬᠠᠶ ᠳᠤᠨᠢ ︽ᠬᠠᠤᠯᠢ ᠠᠴᠠ ᠵᠥᠷᠢᠴᠡᠭᠰᠡᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠤᠮᠵᠢ ᠶᠢᠨ ᠪᠢᠴᠢᠭ︾ ᠢ ᠨᠡᠶᠢᠲᠡᠯᠡᠵᠦ᠂ ᠲᠦᠭᠰᠢᠭᠦᠷᠢ ᠶᠢᠨ ᠠᠭᠤᠯᠭ᠎ᠠ ᠶᠢᠨ ᠵᠡᠷᠭᠡ ᠳᠡᠰ ᠢ ᠦᠨᠳᠦᠰᠦᠯᠡᠨ ᠨᠡᠶᠢᠭᠡᠮ ᠳᠤ ᠬᠠᠮᠲᠤ ᠳᠤ ᠨᠢ ᠵᠠᠷᠯᠠᠨ ᠨᠡᠶᠢᠲᠡᠯᠡᠵᠦ ᠪᠣᠯᠤᠨ᠎ᠠ᠃ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ᠂ ᠬᠠᠷᠢᠭᠤ ᠰᠤᠷᠪᠤᠯᠵᠢᠯᠠᠬᠤ ᠵᠡᠷᠭᠡ ᠪᠠᠶᠢᠳᠠᠯ ᠢ ᠦᠨᠳᠦᠰᠦᠯᠡᠨ᠂ ᠡᠵᠡᠩᠨᠡᠯᠲᠡ ᠶᠢᠨ ᠭᠤᠤᠯ ᠴᠣᠭᠴᠠ ᠶᠢᠨ ᠥᠪᠡᠷᠮᠢᠴᠡ ᠴᠢᠨᠠᠷ ᠤᠨ ᠠᠰᠠᠭᠤᠳᠠᠯ ᠢ ᠲᠣᠭᠲᠠᠭᠠᠯ ᠳᠤ ᠨᠡᠶᠢᠴᠡᠭᠦᠯᠦᠨ ᠵᠢᠯᠣᠭᠤᠳᠴᠤ᠂ ︽ᠬᠠᠤᠯᠢ ᠠᠴᠠ ᠵᠥᠷᠢᠴᠡᠭᠰᠡᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠪᠢᠴᠢᠭ︾ ᠢ ᠲᠠᠷᠬᠠᠭᠠᠵᠤ᠂ ᠡᠰᠡᠬᠦᠯ᠎ᠡ ᠠᠮᠠ ᠪᠠᠷ ᠰᠠᠨᠠᠭᠤᠯᠤᠨ ᠮᠡᠳᠡᠭᠳᠡᠬᠦ ᠶᠢᠨ ᠬᠠᠮᠲᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠳᠤ ᠲᠡᠮᠳᠡᠭᠯᠡᠵᠦ ᠥᠭᠭᠦᠨ᠎ᠡ᠃

    5. ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠬᠠᠤᠯᠢ ᠲᠦᠭᠡᠮᠡᠯᠵᠢᠭᠦᠯᠬᠦ ᠬᠥᠮᠦᠵᠢᠯ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠎ᠠ᠃ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ᠂ ︽4 · 26︾ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ᠂ ᠶᠠᠰᠤ ᠴᠢᠨᠠᠷ ᠤᠨ ᠰᠠᠷ᠎ᠠ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠢ ᠠᠰᠢᠭᠯᠠᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠡᠯᠪᠡᠷᠢ᠂ ᠠᠭᠤᠯᠭ᠎ᠠ ᠶᠢ ᠪᠠᠶᠠᠯᠢᠭᠵᠢᠭᠤᠯᠵᠤ᠂ ᠡᠵᠡᠩᠨᠡᠯᠲᠡ ᠶᠢᠨ ᠪᠡᠶᠡᠴᠢ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠠᠬᠢᠭᠤᠯᠤᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ᠂ ᠡᠵᠡᠩᠨᠡᠯᠲᠡ ᠶᠢᠨ ᠭᠤᠤᠯ ᠴᠣᠭᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠵᠥᠷᠢᠴᠡᠭᠰᠡᠨ ᠬᠠᠤᠯᠢ ᠲᠣᠭᠲᠠᠭᠠᠯ ᠢ ᠨᠢ ᠵᠢᠭᠠᠨ ᠭᠠᠷᠭᠠᠵᠤ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠡᠵᠡᠩᠨᠡᠭᠦᠯᠦᠨ᠎ᠡ᠃ ᠶᠣᠰᠣ ᠬᠡᠯᠡᠬᠦ ᠮᠠᠶ᠋ᠢᠭ ᠢᠶᠠᠷ ᠬᠠᠤᠯᠢ ᠬᠡᠷᠡᠭᠵᠢᠭᠦᠯᠬᠦ ᠶᠢ ᠭᠦᠨᠵᠡᠭᠡᠶ ᠳᠡᠯᠭᠡᠷᠡᠭᠦᠯᠵᠦ᠂ ᠲᠤᠬᠠᠶ ᠶᠢᠨ ᠬᠥᠮᠦᠨ ᠤ ᠲᠤᠭᠠᠴᠢᠯᠳᠠ ᠪᠠ ᠵᠦᠪᠲᠦᠭᠡᠬᠦ ᠶᠢ ᠭᠦᠢᠴᠡᠳ ᠰᠣᠨᠣᠰᠴᠤ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠳᠤ ᠬᠡᠷᠡᠭ ᠵᠦᠢ᠂ ᠶᠣᠰᠣ ᠵᠦᠢ ᠪᠠ ᠬᠠᠤᠯᠢ ᠶᠣᠰᠣ ᠶᠢ ᠲᠣᠳᠣᠷᠬᠠᠶ ᠶᠠᠷᠢᠵᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ ᠴᠢᠷᠮᠠᠶᠢᠨ ᠰᠡᠷᠭᠡᠶᠢᠯᠡᠬᠦ ᠪᠠ ᠠᠷᠢᠯᠭᠠᠵᠤ᠂ ᠬᠡᠷᠡᠭ ᠢ ᠳᠠᠭᠤᠰᠬᠠᠬᠤ᠂ ᠤᠴᠢᠷ ᠶᠠᠪᠤᠳᠠᠯ ᠢ ᠳᠠᠭᠤᠰᠬᠠᠬᠤ᠂ ᠬᠥᠮᠦᠰ ᠢ ᠡᠶᠡᠳᠡᠭᠦᠯᠬᠦ ᠶᠢ ᠪᠡᠶᠡᠯᠡᠭᠦᠯᠦᠨ᠎ᠡ᠃

    6. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠡᠷᠡᠭ ᠤᠨ ᠵᠢᠱᠢᠶ᠎ᠡ ᠶᠢᠨ ᠬᠥᠮᠥᠷᠭᠡ ᠶᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠬᠦᠷᠢᠶᠡᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠳᠤ ᠬᠡᠷᠡᠭ ᠤᠨ ᠵᠢᠱᠢᠶ᠎ᠡ ᠶᠢᠨ ᠵᠢᠯᠣᠭᠤᠳᠤᠯᠭ᠎ᠠ ᠬᠠᠩᠭᠠᠵᠤ᠂ ᠬᠠᠮᠲᠤ ᠶᠢᠨ ᠲᠠᠨᠢᠯᠲᠠ ᠲᠠᠢ ᠪᠣᠯᠵᠤ᠂ ᠲᠠᠰᠤᠯᠤᠯᠲᠠ ᠶᠢᠨ ᠬᠡᠮᠵᠢᠭᠦᠷ ᠢ ᠨᠢᠭᠡᠳᠦᠯᠲᠡᠶ ᠪᠣᠯᠭᠠᠬᠤ ᠶᠢ ᠲᠦᠯᠬᠢᠨ ᠠᠬᠢᠭᠤᠯᠵᠤ᠂ ︽ᠨᠢᠭᠡ ᠲᠥᠷᠥᠯ ᠤᠨ ᠬᠡᠷᠡᠭ ᠢ ᠠᠳᠠᠯᠢ ᠰᠢᠢᠳᠬᠡᠬᠦ ︾ ᠬᠠᠷᠠᠯᠲᠠ ᠶᠢ ᠪᠡᠶᠡᠯᠡᠭᠦᠯᠦᠨ᠎ᠡ᠃

    ︵ᠭᠤᠷᠪᠠ︶ ᠬᠡᠷᠡᠭ ᠤᠨ ᠳᠤᠮᠳᠠᠬᠢ ︽ᠬᠠᠨᠳᠤᠯᠭᠠᠲᠤ ᠮᠠᠶ᠋ᠢᠭ︾ ᠤᠨ ᠬᠠᠤᠯᠢ ᠬᠡᠷᠡᠭᠵᠢᠭᠦᠯᠦᠯᠲᠡ ᠶᠢ ᠰᠠᠶᠢᠲᠤᠷ ᠬᠢᠨ᠎ᠡ

    7. ᠠᠵᠤ ᠠᠬᠤᠶᠢᠯᠠᠯ ᠳᠤ ᠬᠤᠯᠪᠣᠭᠳᠠᠬᠤ ᠪᠠᠶᠢᠴᠠᠭᠠᠯᠲᠠ ᠶᠢ ᠵᠢᠷᠤᠮᠵᠢᠭᠤᠯᠤᠨ᠎ᠠ᠃ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠶᠢ ᠰᠢᠰᠲ᠋ᠧᠮ ᠲᠠᠢ ᠪᠠᠷ ᠠᠬᠢᠭᠤᠯᠵᠤ᠂ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠢᠲᠡᠭᠡᠮᠵᠢ ᠶᠢᠨ ᠲᠥᠷᠥᠯ ᠠᠩᠭᠢᠯᠠᠯ ᠢᠶᠠᠷ ᠰᠠᠭᠤᠷᠢ ᠪᠣᠯᠭᠠᠭᠰᠠᠨ ᠨᠠᠷᠢᠯᠢᠭ ᠣᠨᠣᠪᠴᠢᠲᠠᠢ ᠪᠠᠷ ᠬᠢᠨᠠᠨ ᠬᠠᠮᠢᠶᠠᠷᠬᠤ ᠶᠢ ᠪᠦᠷᠢᠨᠰᠢᠬᠦᠯᠵᠦ᠂ ᠵᠦᠷᠢᠶᠡᠴᠢᠯᠡᠭᠰᠡᠨ ᠬᠢᠨᠠᠨ ᠬᠠᠮᠢᠶᠠᠷᠬᠤ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠢᠲᠡᠭᠡᠮᠵᠢ ᠰᠠᠶᠢᠨ ᠡᠵᠡᠩᠨᠡᠯᠲᠡ ᠶᠢᠨ ᠭᠤᠤᠯ ᠴᠣᠭᠴᠠ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡ ᠬᠠᠩᠭᠠᠵᠤ᠂ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠳᠤᠮᠳᠠ ᠰᠤᠭᠤᠴᠢᠨ ᠪᠠᠶᠢᠴᠠᠭᠠᠬᠤ ᠤᠳᠠᠭ᠎ᠠ ᠶᠢ ᠪᠠᠭᠠᠰᠬᠠᠬᠤ ᠶᠢᠨ ᠬᠠᠮᠲᠤ ᠡᠯ᠎ᠡ ᠲᠥᠷᠥᠯ ᠤᠨ ᠰᠢᠯᠭᠠᠷᠠᠭᠤᠯᠬᠤ᠂ ᠬᠥᠬᠢᠭᠦᠯᠦᠨ ᠰᠠᠶᠢᠰᠢᠶᠠᠬᠤ᠂ ᠮᠠᠭᠠᠳᠯᠠᠨ ᠲᠣᠭᠲᠠᠭᠠᠬᠤ ᠵᠡᠷᠭᠡ ᠢᠷᠠᠭᠤ ᠠᠯᠳᠠᠷ ᠤᠨ ᠵᠦᠢᠯᠡᠰ ᠢ ᠭᠤᠶᠤᠴᠢᠯᠠᠨ ᠮᠡᠳᠡᠭᠦᠯᠬᠦ ᠳᠤ ᠣᠷᠣᠯᠴᠠᠬᠤ ᠶᠢ ᠳᠡᠮᠵᠢᠵᠦ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠬᠡᠷᠡᠭᠵᠢᠭᠦᠯᠦᠨ᠎ᠡ᠃ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠪᠠᠶᠢᠴᠠᠭᠠᠬᠤ ᠠᠴᠠ ᠵᠠᠶᠢᠯᠠᠰᠬᠢᠵᠦ᠂ ︽ᠤᠴᠢᠷ ᠦᠭᠡᠢ ᠪᠣᠯ ᠬᠠᠷᠰᠢᠯᠠᠬᠤ ᠦᠭᠡᠢ︾ ᠮᠥᠷᠲᠡᠭᠡᠨ ︽ᠭᠠᠵᠠᠷ ᠪᠣᠯᠭᠠᠨ ᠳᠤ ᠪᠠᠶᠢᠬᠤ︾ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠵᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃

    8. ᠵᠢᠯᠣᠭᠤᠳᠬᠤ ᠠᠷᠭ᠎ᠠ ᠮᠠᠶ᠋ᠢᠭ ᠢ ᠣᠯᠠᠨ ᠶᠠᠩᠵᠤᠴᠢᠯᠠᠬᠤ ᠶᠢ ᠴᠢᠬᠤᠯᠠᠴᠢᠯᠠᠨ᠎ᠠ᠃ ᠵᠠᠰᠠᠭ ᠵᠠᠬᠢᠷᠭᠠᠨ ᠤ ᠬᠠᠪᠰᠤᠷᠤᠨ ᠵᠢᠯᠣᠭᠤᠳᠬᠤ᠂ ᠵᠠᠰᠠᠭ ᠵᠠᠬᠢᠷᠭᠠᠨ ᠤ ᠰᠠᠨᠠᠭᠤᠯᠭ᠎ᠠ᠂ ᠵᠠᠰᠠᠭ ᠵᠠᠬᠢᠷᠭᠠᠨ ᠤ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠰᠠᠨᠠᠭᠤᠯᠭ᠎ᠠ᠂ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ᠂ ᠵᠠᠰᠠᠭ ᠵᠠᠬᠢᠷᠭᠠᠨ ᠤ ᠵᠢᠱᠢᠶ᠎ᠡ ᠦᠵᠡᠭᠦᠯᠬᠦ ᠵᠡᠷᠭᠡ ᠠᠯᠪᠠᠳᠠᠯᠭ᠎ᠠ ᠶᠢᠨ ᠪᠤᠰᠤ ᠠᠷᠭ᠎ᠠ ᠬᠡᠮᠵᠢᠶ᠎ᠡ ᠶᠢ ᠥᠷᠭᠡᠨ ᠢᠶᠠᠷ ᠬᠡᠷᠡᠭᠯᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠲᠡᠭᠦᠨ ᠤ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ ᠵᠢᠯᠣᠭᠤᠳᠴᠤ᠂ ᠲᠡᠳᠡᠨ ᠢ ᠬᠠᠪᠰᠤᠷᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠵᠠᠯᠠᠷᠠᠭᠤᠯᠤᠨ᠎ᠠ᠃

    9. ︽ᠥᠯᠥ ᠲᠣᠷᠭᠠᠬᠤ︾ ︽ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠦᠭᠡᠢ︾ ᠵᠡᠷᠭᠡ ᠨᠠᠷᠢᠨ ᠬᠠᠭᠤᠳᠠᠰᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠲᠣᠭᠲᠠᠭᠠᠯ ᠪᠣᠯᠤᠨ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠢᠩᠭ᠎ᠠ ᠵᠢᠷᠤᠮᠯᠠᠨ ᠵᠣᠭᠤᠰ ᠲᠣᠷᠭᠠᠬᠤ ᠶᠢ ᠬᠡᠷᠡᠭᠵᠢᠭᠦᠯᠵᠦ᠂ ᠳᠤᠷ᠎ᠠ ᠪᠠᠷ ᠨᠢ ᠬᠠᠮᠤᠭ ᠶᠡᠭᠡ ᠪᠠᠷ ᠪᠤᠶᠤ ᠥᠨᠳᠥᠷ ᠲᠤᠭ᠎ᠠ ᠪᠠᠷ ᠵᠣᠭᠤᠰ ᠲᠣᠷᠭᠠᠵᠤ ᠪᠣᠯᠬᠤ ᠦᠭᠡᠶ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠨᠡᠮᠰᠢᠨ ᠲᠣᠭᠲᠠᠭᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠪᠠᠭᠤᠷᠠᠭᠤᠯᠵᠤ ᠪᠣᠯᠬᠤ ᠦᠭᠡᠶ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠨᠡᠮᠰᠢᠨ ᠲᠣᠭᠲᠠᠭᠠᠬᠤ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠶ᠃ ᠬᠠᠤᠯᠢ ᠶᠢ ᠬᠥᠩᠭᠡᠪᠲᠦᠷ ᠵᠥᠷᠢᠴᠡᠭᠰᠡᠨ ᠢ ᠰᠢᠢᠳᠬᠡᠯ ᠠᠴᠠ ᠬᠡᠯᠲᠦᠷᠢᠭᠦᠯᠬᠦ ᠨᠠᠷᠢᠨ ᠬᠠᠭᠤᠳᠠᠰᠤ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠬᠠᠤᠯᠢ ᠶᠢ ᠬᠥᠩᠭᠡᠪᠲᠦᠷ ᠵᠥᠷᠢᠴᠡᠭᠰᠡᠨ ᠪᠣᠯ ᠰᠢᠢᠳᠬᠡᠨ ᠲᠣᠷᠭᠠᠬᠤ ᠥᠬᠡᠶ᠂ ᠠᠩᠬ᠎ᠠ ᠵᠥᠷᠢᠴᠡᠪᠡᠯ ᠲᠣᠷᠭᠠᠬᠤ ᠥᠬᠡᠶ ᠪᠠᠶᠢᠵᠤ ᠪᠣᠯᠬᠤ ᠵᠡᠷᠭᠡ ᠲᠦᠷᠢᠮ ᠢ ᠬᠡᠷᠡᠭᠵᠢᠭᠦᠯᠵᠦ᠂ ᠬᠥᠩᠭᠡᠷᠡᠭᠦᠯᠦᠨ ᠰᠢᠢᠳᠬᠡᠬᠦ᠂ ᠲᠣᠷᠭᠠᠬᠤ ᠦᠭᠡᠢ ᠡᠷᠬᠡ ᠶᠢ ᠰᠠᠶᠢᠲᠤᠷ ᠬᠡᠷᠡᠭᠯᠡᠨ᠎ᠡ᠃ ᠬᠠᠤᠯᠢ ᠠᠴᠠ ᠵᠥᠷᠢᠴᠡᠭᠰᠡᠨ ᠭᠤᠤᠯ ᠴᠣᠭᠴᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ ᠪᠠᠶᠢᠪᠠᠯ᠂ ᠴᠠᠭ ᠲᠤᠬᠠᠶ ᠳᠤ ᠨᠢ ᠮᠥᠷᠳᠡᠨ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ ᠰᠠᠶᠢᠲᠤᠷ ᠬᠢᠵᠦ᠂ ᠲᠣᠷᠭᠠᠬᠤ ᠠᠴᠠ ᠬᠡᠯᠲᠦᠷᠢᠭᠦᠯᠵᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠲᠣᠷᠭᠠᠬᠤ ᠠᠴᠠ ᠭᠡᠯᠳᠦᠷᠢᠭᠦᠯᠬᠦ᠂ ᠴᠡᠭᠴᠡᠯᠡᠨ ᠰᠠᠶᠢᠵᠢᠷᠠᠭᠤᠯᠬᠤ᠂ ᠵᠢᠷᠤᠮᠵᠢᠭᠤᠯᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃ ᠥᠯᠥ ᠰᠢᠢᠳᠬᠡᠬᠦ ᠲᠣᠭᠲᠠᠭᠠᠯ ᠤᠨ ᠪᠢᠴᠢᠭ ᠵᠣᠬᠢᠶᠠᠬᠤ ᠳᠤ ᠪᠠᠨ ᠬᠡᠷᠡᠭ ᠤᠨ ᠪᠣᠳᠠᠲᠤ ᠶᠠᠪᠤᠳᠠᠯ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠥᠯᠥ ᠰᠢᠢᠳᠬᠡᠬᠦ ᠦᠨᠳᠦᠰᠦ ᠪᠠᠷᠢᠮᠲᠠ ᠪᠠ ᠤᠴᠢᠷ ᠰᠢᠯᠲᠠᠭᠠᠨ᠂ ᠠᠪᠤᠷᠠᠨ ᠲᠤᠰᠠᠯᠠᠬᠤ ᠠᠷᠭ᠎ᠠ ᠵᠠᠮ ᠵᠡᠷᠭᠡ ᠠᠭᠤᠯᠭ᠎ᠠ ᠶᠢ ᠵᠢᠭᠠᠨ ᠭᠠᠷᠭᠠᠨ᠎ᠠ᠃

    10. ︽ᠬᠦᠨᠳᠦ ᠵᠥᠷᠢᠴᠡᠭᠰᠡᠨ ᠢ ᠴᠢᠩᠭ᠎ᠠ ᠰᠢᠢᠳᠬᠡᠬᠦ︾ ᠶᠢ ᠪᠠᠷᠢᠮᠲᠠᠯᠠᠨ᠎ᠠ᠃ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ᠂ ᠨᠡᠶᠢᠭᠡᠮ ᠳᠤ ᠮᠠᠭᠤ ᠨᠥᠯᠥᠭᠡ ᠦᠵᠡᠭᠦᠯᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠰᠢᠭᠤᠷᠬᠠᠶ ᠪᠠᠷ ︽ᠬᠤᠷᠴᠠ ᠰᠡᠯᠡᠮ᠎ᠡ︾ ᠭᠠᠷᠭᠠᠵᠤ᠂ ᠬᠦᠴᠦᠲᠡᠶ ᠴᠣᠬᠢᠯᠲᠠ ᠥᠭᠭᠦᠨ᠎ᠡ᠃ ᠣᠷᠣᠨ ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠲᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠦᠨᠳᠦᠰᠦ ᠶᠢ ᠨᠢ ᠠᠷᠢᠯᠭᠠᠨ᠎ᠠ᠃ ᠢᠳᠡᠭᠡᠨ᠂ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠪᠠ ᠠᠵᠤ ᠦᠢᠯᠡᠳᠪᠦᠷᠢ ᠶᠢᠨ ᠦᠢᠯᠡᠳᠬᠦᠨ ᠵᠡᠷᠭᠡ ᠭᠤᠣᠯᠳᠠᠯᠭ᠎ᠠ ᠲᠠᠢ ᠦᠢᠯᠡᠳᠬᠦᠨ ᠪᠠ ᠭᠤᠣᠯᠳᠠᠯᠭ᠎ᠠ ᠲᠠᠢ ᠬᠦᠷᠢᠶᠡᠨ ᠳᠤ ︽ᠳᠥᠷᠪᠡᠨ ᠬᠠᠮᠤᠭ ᠤᠨ ᠴᠢᠩᠭ᠎ᠠ︾ ᠪᠠ ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠬᠡᠬᠦ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠤᠨ᠎ᠠ᠃

    11. ︽ᠠᠯᠳᠠᠭ᠎ᠠ ᠰᠢᠢᠳᠬᠡᠯ ᠨᠢ ᠲᠣᠬᠢᠷᠠᠬᠤ ︾ ᠶᠢ ᠪᠠᠷᠢᠮᠲᠠᠯᠠᠨ᠎ᠠ᠃ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ ᠪᠠ ᠦᠨᠳᠦᠰᠦᠨ ᠪᠠᠷᠢᠮᠵᠢᠶ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠲᠠᠰᠤᠯᠬᠤ᠂ ᠨᠢᠭᠡ ᠲᠥᠷᠥᠯ ᠤᠨ ᠬᠡᠷᠡᠭ ᠢ ᠠᠳᠠᠯᠢ ᠰᠢᠢᠳᠬᠡᠬᠦ ᠶᠢ ᠪᠠᠷᠢᠮᠲᠠᠯᠠᠨ᠎ᠠ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠪᠣᠳᠠᠲᠤ ᠬᠡᠷᠡᠭ᠂ ᠰᠢᠨᠵᠢ ᠴᠢᠨᠠᠷ᠂ ᠦᠢᠯᠡ ᠪᠠᠶᠢᠳᠠᠯ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠶᠢ ᠶᠡᠷᠦᠩᠬᠡᠶᠢᠯᠡᠨ ᠪᠣᠳᠣᠯᠬᠢᠯᠠᠬᠤ ᠶᠢ ᠪᠠᠷᠢᠮᠲᠠᠯᠠᠵᠤ᠂ ᠡᠵᠡᠩᠨᠡᠯᠲᠡ ᠶᠢᠨ ᠭᠤᠤᠯ ᠴᠣᠭᠴᠠ ᠳᠤ ᠬᠠᠮᠤᠭ ᠤᠨ ᠪᠠᠭ᠎ᠠ ᠬᠤᠬᠢᠷᠠᠯ ᠤᠴᠠᠷᠠᠭᠤᠯᠬᠤ᠂ ᠦᠷ᠎ᠡ ᠪᠦᠲᠦᠮᠵᠢ ᠪᠠᠷ ᠬᠠᠮᠤᠭ ᠤᠨ ᠰᠠᠶᠢᠨ ᠠᠷᠭ᠎ᠠ ᠮᠠᠶ᠋ᠢᠭ ᠢᠶᠠᠷ ᠰᠢᠢᠳᠬᠡᠨ ᠲᠣᠷᠭᠠᠬᠤ ᠶᠢ ᠬᠡᠷᠡᠭᠵᠢᠭᠦᠯᠵᠦ᠂ ᠬᠡᠲᠦ ᠬᠥᠩᠭᠡᠨ ᠬᠡᠲᠦ ᠬᠦᠨᠳᠦ᠂ ᠪᠠᠭ᠎ᠠ ᠠᠯᠳᠠᠭ᠎ᠠ ᠶᠢ ᠬᠦᠨᠳᠦ ᠪᠠᠷ ᠲᠣᠷᠭᠠᠵᠤ ᠪᠣᠯᠬᠤ ᠦᠭᠡᠢ᠂ ᠢᠯᠭᠠᠭ᠎ᠠ ᠲᠠᠢ ᠬᠠᠨᠳᠤᠬᠤ ᠦᠭᠡᠢ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠡᠶᠡᠯᠡᠭᠦᠯᠦᠨ᠎ᠡ᠃

    12. ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠪᠠ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢᠨ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ᠢ ᠵᠡᠷᠭᠡᠪᠡᠷ ᠬᠦᠷᠭᠡᠨ᠎ᠡ᠃ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢ ᠰᠡᠷᠭᠦᠭᠡᠬᠦ ᠠᠵᠢᠯ ᠤᠨ ᠴᠤᠪᠤᠷᠠᠯ᠂ ᠵᠠᠷᠯᠠᠨ ᠨᠡᠶᠢᠲᠡᠯᠡᠬᠦ ᠱᠠᠭᠠᠷᠳᠠᠯᠭ᠎ᠠ ᠵᠡᠷᠭᠡ ᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠵᠦ᠂ ᠲᠣᠳᠣᠷᠬᠠᠶ ᠢᠲᠡᠭᠡᠮᠵᠢ ᠶᠢᠨ ᠰᠡᠷᠭᠦᠭᠡᠯᠲᠡ ᠶᠢᠨ ᠵᠢᠯᠣᠭᠤᠳᠣᠯᠭ᠎ᠠ ᠬᠠᠩᠭᠠᠵᠤ᠂ ᠡᠵᠡᠩᠨᠡᠯᠲᠡ ᠶᠢᠨ ᠭᠤᠤᠯ ᠴᠣᠭᠴᠠ ᠶᠢ ᠬᠠᠪᠰᠤᠷᠤᠨ ᠴᠠᠭ ᠲᠤᠬᠠᠶ ᠳᠤᠨᠢ ᠵᠠᠯᠠᠷᠠᠭᠤᠯᠵᠤ᠂ ᠢᠲᠡᠭᠡᠮᠵᠢ ᠶᠢ ᠳᠠᠬᠢᠨ ᠪᠣᠶ ᠪᠣᠯᠭᠠᠵᠤ᠂ ᠠᠮᠢᠵᠢᠷᠠᠯ ᠤᠨ ᠬᠦᠴᠦᠨ ᠢ ᠨᠢ ᠬᠥᠭᠵᠢᠭᠡᠨ᠎ᠡ᠃

    13. ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠭᠡᠳ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢᠨ ᠬᠠᠮᠵᠢᠯᠴᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠬᠢᠨᠠᠯᠲᠠ ᠬᠠᠮᠢᠶᠠᠷᠤᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠶ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠᠶᠢᠭᠤᠯᠤᠮᠵᠢ ᠨᠢ ᠬᠠᠮᠢᠶ᠎ᠠ ᠪᠥᠬᠦᠶ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠨ᠂ ᠡᠵᠡᠩᠨᠡᠯᠲᠡ ᠶᠢᠨ ᠭᠤᠤᠯ ᠴᠣᠭᠴᠠ ᠳᠤ ᠨᠡᠶᠢᠳᠡᠮ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠪᠠ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠴᠠᠭ ᠲᠤᠬᠠᠶ ᠳᠤᠨᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠷᠢᠭᠤ ᠲᠤᠰᠬᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠴᠠᠭ ᠲᠤᠬᠠᠶ ᠳᠤᠨᠢ ᠮᠥᠷᠳᠡᠨ ᠳᠠᠭᠠᠵᠤ ᠰᠢᠢᠳᠪᠦᠷᠢᠯᠡᠬᠦ ᠬᠡᠷᠡᠭᠲᠡᠶ᠃

    ︵ᠲᠦᠷᠪᠡ︶ ᠬᠡᠷᠡᠭ ᠤᠨ ᠳᠠᠷᠠᠭᠠᠬᠢ ︽ᠡᠷᠡᠭᠦᠯᠵᠢᠯ ᠤᠨ ᠮᠠᠶ᠋ᠢᠭ︾ ᠤᠨ ᠬᠠᠷᠢᠭᠤ ᠰᠤᠷᠪᠤᠯᠵᠢᠯᠠᠯ ᠢ ᠰᠠᠶᠢᠲᠤᠷ ᠬᠢᠨ᠎ᠠ᠃

    14. ᠬᠠᠤᠯᠢ ᠬᠡᠷᠡᠭᠵᠢᠭᠦᠯᠦᠭᠰᠡᠨ ᠤ ᠳᠠᠷᠠᠭᠠᠬᠢ ᠠᠵᠢᠯ ᠢ ᠰᠠᠶᠢᠲᠤᠷ ᠬᠢᠵᠦ᠂ ᠬᠡᠷᠡᠭ ᠢ ᠬᠠᠷᠢᠭᠤ ᠰᠤᠷᠪᠤᠯᠵᠢᠯᠠᠬᠤ ᠶᠢ ᠬᠠᠤᠯᠢ ᠬᠡᠷᠡᠭᠵᠢᠭᠦᠯᠬᠦ ᠴᠢᠬᠤᠯᠠ ᠪᠥᠬᠦᠶ ᠲᠠᠰ ᠳᠠᠷᠠᠭᠠᠯᠠᠯ ᠳᠤ ᠣᠷᠣᠭᠤᠯᠤᠨ᠎ᠠ᠃ ᠬᠡᠷᠡᠭ ᠢ ᠳᠠᠭᠠᠭᠠᠨ ᠰᠢᠢᠳᠪᠦᠷᠢᠯᠡᠬᠦ ᠪᠠᠶᠢᠭᠤᠯᠤᠮᠵᠢ ᠲᠦᠷᠦᠭᠦᠯᠡᠨ ᠬᠠᠮᠢᠶ᠎ᠠ ᠪᠥᠬᠦᠶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠠᠵᠢᠯᠲᠠᠨ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ᠂ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠰᠢᠢᠳᠬᠡᠭᠳᠡᠭᠰᠡᠨ ᠡᠵᠡᠩᠨᠡᠯᠲᠡ ᠶᠢᠨ ᠭᠤᠤᠯ ᠴᠣᠭᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶ ᠶᠢᠨ ᠭᠠᠵᠠᠷ ᠲᠤᠨᠢ ᠬᠠᠷᠢᠭᠤ ᠰᠤᠷᠪᠤᠯᠵᠢᠯᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠳᠠᠯ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠦᠴᠢᠷᠳᠡᠯ ᠣᠷᠣᠰᠢᠵᠤ ᠪᠠᠶᠢᠭ᠎ᠠ ᠪᠠᠶᠢᠳᠠᠯ ᠢ ᠤᠶᠢᠯᠠᠭᠠᠨ᠂ ᠲᠡᠭᠦᠨ ᠳᠤ ᠴᠢᠬᠤᠯᠠ ᠪᠥᠬᠦᠶ ᠰᠤᠷᠭᠠᠨ ᠬᠥᠮᠦᠵᠢᠯ ᠤᠨ ᠵᠢᠯᠣᠭᠤᠳᠣᠯᠭ᠎ᠠ ᠥᠷᠨᠢᠭᠦᠯᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠳᠠᠭᠠᠵᠤ ᠬᠠᠪᠰᠤᠷᠤᠨ ᠲᠡᠳᠬᠦᠵᠦ ᠵᠢᠭᠠᠨ ᠵᠢᠯᠣᠭᠤᠳᠤᠨ᠂ ᠬᠠᠤᠯᠢ ᠠᠴᠠ ᠵᠥᠷᠢᠴᠡᠭᠰᠡᠨ ᠡᠶᠢᠮᠦᠷᠬᠦ ᠦᠢᠯᠡ ᠠᠵᠢᠯᠯᠠᠭ᠎ᠠ ᠳᠠᠬᠢᠨᠲᠠ ᠡᠭᠦᠰᠬᠦ ᠶᠢ ᠤᠷᠢᠳᠴᠢᠯᠠᠨ ᠰᠡᠷᠭᠡᠶᠢᠯᠡᠨ᠎ᠡ᠃

    15. ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠶᠢ ᠢᠳᠡᠪᠬᠢᠲᠡᠶ ᠳᠡᠮᠵᠢᠨ᠎ᠡ᠃ ᠢᠲᠡᠭᠡᠮᠵᠢ ᠶᠢ ᠰᠡᠷᠭᠦᠭᠡᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ︽ᠠᠮᠠᠯᠠᠯᠲᠠ ᠶᠢᠨ ᠳᠦᠷᠢᠮᠲᠦ︾ ᠰᠡᠷᠭᠦᠭᠡᠬᠦ᠂ ︽ᠬᠤᠷᠳᠤᠴᠠ ᠶᠢ ᠲᠦᠷᠭᠡᠳᠬᠡᠵᠦ︾ ᠰᠢᠢᠳᠪᠦᠷᠢᠯᠡᠬᠦ ᠵᠡᠷᠭᠡ ᠢᠲᠡᠭᠡᠮᠵᠢ ᠶᠢ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠬᠠᠶ ᠶᠢᠨ ᠬᠥᠮᠦᠨ ᠳᠤ ᠲᠥᠬᠦᠮ ᠦᠵᠡᠭᠦᠯᠵᠦ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃

ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ

    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠨᠠᠶᠢᠳᠠᠵᠤ ᠬᠠᠤᠯᠢ ᠬᠡᠷᠡᠭᠵᠢᠭᠦᠯᠬᠦ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠲᠣᠪᠴᠢᠶ᠎ᠠ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠡᠮᠦᠨ᠎ᠡ ᠨᠢ ᠠᠳᠬᠤᠬᠤ᠂ ᠡᠯ᠎ᠡ ᠳᠣᠲᠣᠭᠠᠳᠤ ᠪᠠᠶᠢᠭᠤᠯᠤᠮᠵᠢ ᠬᠠᠮᠲᠤ ᠪᠠᠷ ᠠᠬᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠲᠠᠰᠤᠭ ᠲᠣᠪᠴᠢᠶ᠎ᠠ᠂ ᠬᠠᠤᠯᠢ ᠬᠡᠷᠡᠭᠵᠢᠭᠦᠯᠬᠦ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠲᠣᠪᠴᠢᠶ᠎ᠠ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠪᠡᠶ᠎ᠡ ᠶᠢᠨ ᠣᠨᠴᠠᠯᠢᠭ ᠲᠠᠭᠠᠨ ᠨᠡᠶᠢᠴᠡᠬᠦ ᠪᠣᠳᠠᠲᠠᠶ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠨᠠᠩ ᠣᠨᠣᠪᠴᠢᠲᠠᠶ ᠪᠦᠲᠦᠮᠵᠢᠲᠡᠶ᠂ ᠨᠠᠩ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ᠂ ᠦᠵᠡᠯᠲᠡ ᠪᠠᠨ ᠰᠢᠨᠡᠳᠬᠡᠬᠦ᠂ ᠵᠣᠷᠢᠭᠲᠠᠶ ᠪᠠᠷ ᠦᠢᠯᠡᠳᠦᠯᠭᠡᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠦᠢᠯᠡᠴᠢᠯᠡᠭᠡᠨ ᠤ ᠠᠷᠭ᠎ᠠ ᠮᠠᠶ᠋ᠢᠭ᠂ ᠠᠭᠤᠯᠭ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃

    ︵ᠬᠤᠶᠠᠷ︶ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ ᠬᠡᠯᠲᠦᠷᠢᠭᠦᠯᠬᠦ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠶᠢ ᠪᠠᠶᠢᠭᠤᠯᠵᠤ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠢ ︽ᠵᠣᠷᠢᠭᠲᠠᠶ ᠪᠠᠷ ᠬᠠᠤᠯᠢ ᠬᠡᠷᠡᠭᠵᠢᠭᠦᠯᠬᠦ︾᠂ ︽ᠬᠠᠤᠯᠢ ᠬᠡᠷᠡᠭᠵᠢᠭᠦᠯᠬᠦ ᠳᠤᠷᠠᠲᠠᠶ︾ ᠪᠣᠯᠭᠠᠬᠤ ᠬᠡᠷᠡᠭᠲᠡᠶ᠃

    ︵ᠭᠤᠷᠪᠠ︶ ᠰᠢᠪᠠᠳᠠᠨ ᠵᠢᠯᠣᠭᠤᠳᠴᠤ ᠠᠬᠢᠭᠤᠯᠬᠤ ᠲᠦᠷᠢᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠯ᠎ᠡ ᠠᠶᠢᠮᠠᠭ ᠬᠤᠲᠠ ᠶᠢᠨ ᠲᠣᠪᠴᠢᠶ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤ ᠨᠢ ᠮᠥᠷᠳᠡᠨ ᠪᠠᠶᠢᠴᠠᠭᠠᠬᠤ ᠶᠢᠨ ᠬᠠᠮᠲᠤ᠂ ᠬᠠᠪᠰᠤᠷᠤᠨ ᠵᠢᠯᠣᠭᠤᠳᠴᠤ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠠᠶᠢᠮᠠᠭ ᠬᠤᠲᠠ ᠶᠢᠨ ᠲᠣᠪᠴᠢᠶ᠎ᠠ ᠶᠢ ᠵᠢᠯᠣᠭᠤᠳᠤᠨ ᠥᠷᠭᠡᠨ ᠢᠶᠠᠷ ᠬᠡᠷᠡᠭᠵᠢᠭᠦᠯᠵᠦ᠂ ᠭᠦᠨᠵᠡᠭᠡᠶ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ ᠶᠢᠨ ᠲᠣᠪᠴᠢᠶ᠎ᠠ ᠨᠢ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠠᠷᠭ᠎ᠠ ᠬᠢᠳᠡᠯ ᠢ ᠴᠤᠭᠯᠠᠭᠤᠯᠤᠨ ᠳ᠋ᠦᠩᠨᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢᠶᠠᠨ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠶ᠃

    ︵ᠲᠦᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ︽ᠪᠡᠶ᠎ᠡ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ  ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠵᠠᠭᠪᠤᠷ ᠢ ᠳᠡᠯᠭᠡᠷᠡᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ᠂ ᠥᠷᠭᠡᠨ ᠣᠯᠠᠨ ᠡᠵᠡᠩᠨᠡᠯᠲᠡ ᠶᠢᠨ ᠭᠤᠤᠯ ᠴᠣᠭᠴᠠ ᠪᠠ ᠣᠯᠠᠨ ᠲᠦᠮᠡᠨ ᠳᠤ ᠣᠶᠢᠯᠠᠭᠠᠭᠤᠯᠵᠤ᠂ ᠪᠥᠬᠦ ᠨᠡᠶᠢᠭᠡᠮ ᠢᠶᠠᠷ ᠢᠶᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠳᠡᠮᠵᠢᠬᠦ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠨᠡᠶᠢᠲᠡᠯᠢᠭ ᠬᠡᠷᠡᠭ ᠪᠠ ᠲᠤᠷᠰᠢᠯᠭ᠎ᠠ ᠠᠷᠭ᠎ᠠ ᠬᠢᠳᠡᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢᠵᠢᠯ ᠤᠨ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃

    ︵ᠲᠠᠪᠤ︶ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ ᠳᠣᠲᠣᠭᠠᠳᠤ ᠳᠠᠭᠠᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠬᠦ᠂ ᠭᠠᠳᠠᠭᠠᠳᠤ ᠳᠤ ᠪᠠᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠦᠨᠡᠯᠡᠨ ᠵᠢᠱᠢᠯᠲᠡ ᠬᠢᠯᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠡᠷᠢᠵᠦ᠂ ᠬᠡᠯᠪᠡᠷᠢ ᠶᠢᠨ ᠲᠡᠳᠦᠶ ᠪᠠᠶᠢᠬᠤ ᠶᠢ ᠰᠡᠷᠭᠡᠶᠢᠯᠡᠨ ᠬᠤᠷᠢᠭᠯᠠᠵᠤ᠂ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

                                2024 ᠣᠨ ᠤ 6 ᠳ᠋ᠤᠭᠠᠷ ᠰᠠᠷ᠎ᠠ ᠶᠢᠨ 14 ᠤ ᠡᠳᠦᠷ

 

ᠢᠷᠡᠯᠲᠡ᠄ ᠲᠣᠪᠴᠢᠶ᠎ᠠ ᠶᠢᠨ ᠬᠠᠤᠯᠢ ᠲᠣᠭᠲᠠᠭᠠᠯ ᠤᠨ ᠭᠠᠵᠠᠷ