ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/19

    ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠳᠣᠷᠤᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠶᠢ ᠨᠡᠶᠢᠲᠡᠯᠡᠭᠰᠡᠨ ᠠᠬᠤᠢ ᠪᠠᠶᠢᠳᠠᠯ ᠪᠣᠯᠣᠨ ᠦᠨᠳᠦᠰᠦᠯᠡᠯ ᠤᠨ ᠲᠤᠬᠠᠢ

    ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠳᠥᠴᠢᠨ ᠳᠣᠯᠣᠳᠤᠭᠠᠷ ᠵᠦᠢᠯ᠂ ᠨᠠᠶᠠᠨ ᠭᠤᠷᠪᠠᠳᠤᠭᠠᠷ ᠵᠦᠢᠯ ᠤᠨ ᠲᠣᠭᠲᠠᠭᠠᠯ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠣᠨ ᠤ ᠰᠢᠯᠭᠠᠨ ᠬᠢᠨᠠᠬᠤ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠲᠣᠭᠲᠠᠭᠠᠯ︾ ᠢ ᠲᠤᠭᠤᠷᠪᠢᠪᠠ᠃ ︽ᠲᠣᠭᠲᠠᠭᠠᠯ︾ ᠨᠢ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠰᠠᠨᠠᠯ ᠬᠤᠷᠢᠶᠠᠵᠤ᠂ ᠬᠠᠤᠯᠢ ᠲᠣᠭᠲᠠᠭᠠᠯ ᠤᠨ ᠭᠠᠵᠠᠷ ᠤᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠪᠠᠷ ᠳᠡᠮᠵᠢᠨ᠂ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃

    ᠬᠤᠶᠠᠷ᠂ ︽ᠲᠣᠭᠲᠠᠭᠠᠯ︾ ᠢ ᠲᠣᠭᠲᠠᠭᠠᠭᠰᠠᠨ ᠵᠠᠷᠴᠢᠮ

    ︽ᠲᠣᠭᠲᠠᠭᠠᠯ︾ ᠢ ︽ᠬᠠᠤᠯᠢ ᠲᠣᠭᠲᠠᠭᠠᠯ ᠳᠤ ᠨᠡᠶᠢᠴᠡᠬᠦ᠂ ᠪᠤᠰᠤᠳᠴᠢ ᠪᠥᠭᠡᠳ ᠲᠥᠪ ᠭᠤᠤᠯᠴᠢ︾ ᠪᠠᠷ ᠲᠣᠭᠲᠠᠭᠠᠬᠤ ᠵᠠᠷᠴᠢᠮ ᠶᠣᠰᠣᠭᠠᠷ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠶᠢ ᠥᠷᠨᠢᠭᠦᠯᠬᠦ ᠡᠭᠦᠷᠭᠡ ᠶᠢ ᠲᠣᠳᠣᠷᠬᠠᠶᠢᠯᠠᠵᠤ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠠᠭᠤᠯᠭ᠎ᠠ ᠶᠢ ᠲᠣᠭᠲᠠᠭᠠᠨ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠭᠤᠷᠪᠠᠨ ᠱᠠᠲᠤ ᠬᠠᠮᠲᠤᠷᠠᠨ ᠬᠢᠨᠠᠬᠤ︾ ᠶᠢ ᠬᠡᠷᠡᠭᠵᠢᠭᠦᠯᠬᠦ ᠶᠢ ᠲᠣᠭᠲᠠᠭᠠᠵᠤ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠠᠵᠢᠯ ᠥᠷᠨᠢᠭᠦᠯᠬᠦ ᠳᠤ ᠪᠠᠷᠢᠮᠵᠢᠶᠠᠲᠤ᠂ ᠵᠢᠷᠤᠮᠵᠢᠭᠰᠠᠨ ᠲᠦᠷᠢᠮ ᠤᠨ ᠵᠢᠯᠣᠭᠤᠳᠣᠯᠭ᠎ᠠ ᠬᠠᠩᠭᠠᠪᠠ᠃

    ᠭᠤᠷᠪᠠ᠂ ᠲᠠᠶᠢᠯᠤᠮᠵᠢ ᠬᠢᠬᠦ ᠬᠡᠯᠪᠡᠷᠢ ᠪᠠ ᠠᠷᠭ᠎ᠠ ᠵᠠᠮ

    ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ᠂ ᠪᠥᠬᠦ ᠣᠷᠣᠨ ᠤ ᠣᠨᠴᠠᠭᠠᠶ ᠢᠳᠡᠭᠡᠨ ᠪᠠ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠵᠢᠯᠣᠭᠤᠳᠴᠤ ᠬᠠᠷᠢᠭᠤᠯᠲᠠ ᠥᠭᠭᠦᠨ᠎ᠡ᠃

    ᠳᠥᠷᠪᠡ᠂ ᠲᠠᠶᠢᠯᠤᠮᠵᠢ ᠬᠢᠬᠦ ᠴᠠᠭ

    ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠨᠢᠭᠡ ᠭᠠᠷᠠᠭ ᠤᠨ ᠳᠠᠷᠠᠭ᠎ᠠ ᠡᠬᠢᠯᠡᠨ᠎ᠡ᠃

    ᠲᠠᠪᠤ᠂ ᠲᠠᠶᠢᠯᠤᠮᠵᠢ ᠶᠢᠨ ᠲᠤᠪᠴᠢ

    ︵ᠨᠢᠭᠡ︶ ︽ᠲᠣᠭᠲᠠᠭᠠᠯ︾ ᠢ ᠲᠣᠭᠲᠠᠭᠠᠭᠰᠠᠨ ᠠᠬᠤᠶ ᠪᠠᠶᠢᠳᠠᠯ ᠨᠢ ᠶᠠᠭᠤ ᠪᠣᠶ︖

    ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠳᠥᠴᠢᠨ ᠳᠣᠯᠣᠳᠤᠭᠠᠷ ᠵᠦᠢᠯ᠂ ᠨᠠᠶᠠᠨ ᠭᠤᠷᠪᠠᠳᠤᠭᠠᠷ ᠵᠦᠢᠯ ᠤᠨ ᠲᠣᠭᠲᠠᠭᠠᠯ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠣᠨ ᠤ ᠰᠢᠯᠭᠠᠨ ᠬᠢᠨᠠᠬᠤ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠲᠣᠭᠲᠠᠭᠠᠯ︾ ᠢ ᠲᠤᠭᠤᠷᠪᠢᠪᠠ᠃ ︽ᠲᠣᠭᠲᠠᠭᠠᠯ︾ ᠢ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠰᠠᠨᠠᠯ ᠬᠤᠷᠢᠶᠠᠵᠤ᠂ ᠬᠠᠤᠯᠢ ᠲᠣᠭᠲᠠᠭᠠᠯ ᠤᠨ ᠭᠠᠵᠠᠷ ᠤᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠪᠠᠷ ᠳᠡᠮᠵᠢᠨ᠂ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃

    ︵ᠬᠤᠶᠠᠷ︶ ︽ᠲᠣᠭᠲᠠᠭᠠᠯ︾ ᠤᠨ ᠦᠨᠳᠦᠰᠦᠨ ᠪᠦᠲᠦᠴᠡ ᠪᠠ ᠭᠤᠣᠯ ᠠᠭᠤᠯᠭ᠎ᠠ ᠨᠢ ᠶᠠᠭᠤ ᠪᠤᠢ︖

    ︽ᠲᠣᠭᠲᠠᠭᠠᠯ︾ ᠳᠤ ᠶᠡᠷᠦᠩᠬᠡᠢ ᠳᠦᠷᠢᠮ᠂ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠵᠡᠷᠭᠡ 4 ᠪᠦᠯᠦᠭ ᠬᠡᠰᠡᠭ ᠤᠨ ᠨᠡᠶᠢᠲᠡ ᠠᠷᠪᠠᠨ ᠳᠣᠯᠣᠭᠠᠨ ᠵᠦᠢᠯ ᠤᠨ ᠠᠭᠤᠯᠭ᠎ᠠ ᠶᠢ ᠪᠠᠭᠲᠠᠭᠠᠵᠤ᠂ 5 ᠳᠠᠭᠠᠯᠳᠤᠭᠤᠯᠤᠯ ᠳᠠᠭᠠᠯᠳᠤᠭᠤᠯᠪᠠ᠃

    ᠨᠢᠭᠡᠳᠦᠭᠡᠷ ᠪᠦᠯᠦᠭ ᠪᠣᠯ ᠶᠡᠷᠦᠩᠬᠡᠶ ᠲᠦᠷᠢᠮ ᠮᠥᠨ᠂ ᠥᠪᠡᠰᠦᠪᠡᠨ ᠪᠠᠶᠢᠴᠠᠭᠠᠬᠤ ᠭᠤᠤᠯ ᠴᠣᠭᠴᠠ᠂ ᠥᠪᠡᠰᠦᠪᠡᠨ ᠪᠠᠶᠢᠴᠠᠭᠠᠬᠤ ᠵᠠᠷᠴᠢᠮ ᠢ ᠲᠣᠳᠣᠷᠬᠠᠶᠢᠯᠠᠵᠤ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠶᠢ ᠠᠬᠢᠭᠤᠯᠬᠤ ᠶᠠᠪᠤᠴᠠ ᠳᠠᠬᠢ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃ ᠬᠤᠶᠠᠳᠤᠭᠠᠷ ᠪᠦᠯᠦᠭ ᠨᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ᠂ ᠭᠤᠤᠯᠳᠠᠭᠤ ᠥᠪᠡᠰᠦᠪᠡᠨ ᠪᠠᠶᠢᠴᠠᠭᠠᠬᠤ ᠠᠭᠤᠯᠭ᠎ᠠ᠂ ᠮᠡᠳᠡᠭᠦᠯᠬᠦ ᠴᠠᠭ ᠵᠢᠴᠢ ᠥᠪᠡᠰᠦᠪᠡᠨ ᠪᠠᠶᠢᠴᠠᠭᠠᠬᠤ ᠴᠢᠬᠤᠯᠠᠲᠠᠶ ᠣᠨᠴᠠᠭᠠᠶ ᠪᠠᠶᠢᠳᠠᠯ ᠢ ᠲᠠᠨᠢᠯᠴᠠᠭᠤᠯᠪᠠ᠃ ᠭᠤᠷᠪᠠᠳᠤᠭᠠᠷ ᠪᠦᠯᠦᠭ ᠪᠣᠯ ᠬᠢᠨᠠᠯᠲᠠ ᠬᠠᠮᠢᠶᠠᠷᠤᠯᠲᠠ᠂ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠮᠡᠳᠡᠭᠦᠯᠦᠯᠲᠡ ᠳᠤ ᠬᠤᠰᠢᠭᠤ ᠰᠢᠶᠠᠨ ︵ᠬᠤᠲᠠ᠂ ᠲᠣᠭᠤᠷᠢᠭ︶᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠭᠤᠷᠪᠠᠨ ᠱᠠᠲᠤᠨ ᠤ ᠬᠠᠮᠲᠤᠷᠠᠨ ᠬᠢᠨᠠᠬᠤ︾ ᠶᠢ ᠬᠡᠷᠡᠭᠵᠢᠭᠦᠯᠬᠦ ᠶᠢ ᠲᠣᠳᠣᠷᠬᠠᠶᠢᠯᠠᠪᠠ᠃ ᠳᠥᠷᠪᠡᠳᠦᠭᠡᠷ ᠪᠦᠯᠦᠭ ᠨᠢ ᠳᠠᠭᠠᠯᠳᠤᠭᠤᠯᠤᠯ ᠲᠦᠷᠢᠮ ᠪᠣᠯᠣᠨ᠎ᠠ᠂ ᠲᠠᠶᠢᠯᠪᠤᠷᠢᠯᠠᠬᠤ ᠡᠷᠬᠡ ᠵᠢᠴᠢ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠳᠣᠷᠬᠠᠶᠢᠯᠠᠪᠠ᠃

    ᠳᠠᠭᠠᠯᠳᠤᠭᠤᠯᠤᠯ ᠳᠤ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠬᠦᠰᠦᠨᠦᠭᠲᠦ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠭᠤᠤᠯ ᠵᠦᠢᠯ ᠤᠨ ᠬᠦᠰᠦᠨᠦᠭᠲᠦ᠂ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢᠨ ᠬᠡᠪ ᠪᠠ ᠪᠦᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰᠢᠶᠠᠬᠤ ᠴᠢᠬᠤᠯᠠᠲᠠᠶ ᠮᠠᠲ᠋ᠧᠷᠢᠶᠠᠯ ᠤᠨ ᠬᠡᠪ ᠪᠠᠭᠲᠠᠨ᠎ᠠ᠃

    ︵ᠭᠤᠷᠪᠠ︶ ︽ᠲᠣᠭᠲᠠᠭᠠᠯ︾ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠬᠢᠭᠡᠳ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠤ ᠲᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠲᠤᠬᠠᠢ ᠬᠤᠪᠢᠶᠠᠷᠢᠯᠠᠯ ᠨᠢ ᠶᠠᠮᠠᠷ ᠪᠤᠢ︖

    ︽ᠲᠣᠭᠲᠠᠭᠠᠯ︾ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠬᠤᠯᠪᠣᠭᠳᠠᠯ ᠪᠥᠬᠦᠶ ᠲᠣᠭᠲᠠᠭᠠᠯ ᠲᠣᠭᠲᠠᠭᠠᠬᠤ ᠶᠢ ᠬᠠᠷᠢᠭᠤᠴᠠᠬᠤ ᠶᠢ ᠲᠣᠳᠣᠷᠬᠠᠶᠢᠯᠠᠵᠤ᠂ ᠪᠥᠬᠦ ᠣᠷᠣᠨ ᠤ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠠᠵᠢᠯ ᠢ ᠠᠬᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠨᠴᠠᠭᠠᠶ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠪᠠ ᠮᠡᠳᠡᠭᠦᠯᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃

    ︵ᠲᠦᠷᠪᠡ︶ ︽ᠲᠣᠭᠲᠠᠭᠠᠯ︾ ᠳᠤ ᠶᠠᠮᠠᠷ ᠶᠠᠮᠠᠷ ᠪᠠᠶᠢᠳᠠᠯ ᠳᠤ ᠥᠪᠡᠰᠦᠪᠡᠨ ᠪᠠᠶᠢᠴᠠᠭᠠᠬᠤ ᠪᠠ ᠮᠡᠳᠡᠭᠦᠯᠦᠯᠲᠡ ᠥᠷᠨᠢᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠣᠶ︖

    ᠡᠩ ᠤᠨ ᠪᠠᠶᠢᠳᠠᠯ ᠳᠣᠣᠷ᠎ᠠ᠂ ᠣᠨᠴᠠᠭᠠᠢ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠨᠢ ᠬᠠᠭᠠᠰ ᠵᠢᠯ ᠪᠦᠷᠢ ᠨᠢᠭᠡ ᠤᠳᠠᠭ᠎ᠠ ᠰᠢᠰᠲ᠋ᠧᠮ ᠲᠠᠢ ᠪᠠᠷ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠪᠠᠨ ᠲᠤᠰᠢᠶᠠᠨ᠎ᠠ᠃ ᠵᠥᠪᠰᠢᠶᠡᠷᠡᠯ ᠤᠨ ᠬᠦᠴᠦᠨ ᠲᠠᠢ ᠬᠤᠭᠤᠴᠠᠭᠠᠨ ᠳᠤ ᠵᠠᠯᠭᠠᠭᠠᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠵᠥᠪᠰᠢᠶᠡᠷᠡᠭᠦᠯᠦᠭᠡᠳ ᠦᠢᠯᠡᠳᠪᠦᠷᠢᠯᠡᠯ ᠢᠶᠠᠨ ᠰᠡᠷᠭᠦᠭᠡᠭᠰᠡᠨ ᠤ ᠳᠠᠷᠠᠭ᠎ᠠ 7 ᠠᠵᠢᠯᠯᠠᠬᠤ ᠡᠳᠦᠷ ᠤᠨ ᠳᠣᠲᠣᠷ᠎ᠠ ᠥᠪᠡᠰᠦᠪᠡᠨ ᠪᠠᠶᠢᠴᠠᠭᠠᠬᠤ ᠶᠢᠨ ᠬᠠᠮᠲᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ︔ ᠬᠢᠨᠠᠯᠲᠠ ᠲᠠᠯᠪᠢᠵᠤ ᠪᠠᠶᠢᠴᠠᠭᠠᠭᠠᠳ ᠠᠰᠠᠭᠤᠳᠠᠯ ᠲᠠᠢ᠂ ᠢᠳᠡᠭᠡᠨ ᠤ ᠠᠮᠤᠷ ᠲᠦᠪᠰᠢᠨ ᠤ ᠠᠳᠡᠯ ᠤᠨ ᠳᠠᠯᠳᠠ ᠲᠦᠭᠰᠢᠭᠦᠷᠢ ᠲᠠᠢ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠠᠴᠠ ᠪᠣᠯᠵᠤ ᠲᠥᠪᠯᠡᠷᠡᠭᠦᠯᠦᠨ ᠵᠠᠭᠠᠯᠲᠤᠵᠤ ᠢᠯᠡᠴᠢᠯᠡᠨ ᠮᠡᠳᠡᠭᠦᠯᠦᠭᠳᠡᠭᠰᠡᠨ ᠪᠤᠶᠤ ᠬᠦᠨᠳᠦ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠪᠠᠶᠢᠬᠤ ᠶᠢ ᠣᠯᠵᠤ ᠮᠡᠳᠡᠭᠰᠡᠨ ᠪᠠᠶᠢᠪᠠᠯ᠂ ᠥᠪᠡᠰᠦᠪᠡᠨ ᠪᠠᠶᠢᠴᠠᠭᠠᠬᠤ ᠴᠢᠬᠤᠯᠠ ᠲᠠᠢ ᠪᠥᠭᠡᠳ 24 ᠴᠠᠭ ᠤᠨ ᠳᠣᠲᠣᠷ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰᠬᠠᠶ ᠵᠦᠢᠯ ᠤᠨ ᠮᠡᠳᠡᠭᠦᠯᠦᠯᠲᠡ ᠲᠤᠰᠢᠶᠠᠬᠤ ᠬᠡᠷᠡᠭᠲᠡᠶ᠃

    ︵ᠲᠠᠪᠤ︶ ︽ᠲᠣᠭᠲᠠᠭᠠᠯ︾ ᠳᠤ ᠥᠪᠡᠰᠦᠪᠡᠨ ᠪᠠᠶᠢᠴᠠᠭᠠᠬᠤ ᠶᠢ ᠱᠠᠭᠠᠷᠳᠠᠭᠰᠠᠨ ᠠᠭᠤᠯᠭ᠎ᠠ ᠳᠤ ᠶᠠᠭᠤ ᠶᠠᠭᠤ ᠪᠠᠭᠲᠠᠬᠤ ᠪᠣᠶ︖

    ᠠᠵᠤ ᠠᠬᠤᠶᠢᠯᠠᠯ ᠤᠨ ᠬᠢᠷᠢ ᠬᠡᠮ᠂ ᠦᠢᠯᠡᠳᠪᠦᠷᠢᠯᠡᠯ ᠤᠨ ᠣᠷᠴᠢᠨ ᠲᠣᠭᠤᠷᠢᠨ ᠤ ᠨᠥᠬᠦᠴᠡᠯ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠦᠢᠯᠡᠳᠪᠦᠷᠢᠯᠡᠬᠦ ᠶᠠᠪᠤᠴᠠ ᠶᠢ ᠡᠵᠡᠮᠳᠡᠬᠦ᠂ ᠨᠠᠶᠢᠳᠠᠨ ᠦᠢᠯᠡᠳᠪᠦᠷᠢᠯᠡᠭᠦᠯᠬᠦ᠂ ᠦᠢᠯᠡᠳᠭᠦᠨ ᠢ ᠰᠢᠯᠭᠠᠨ ᠪᠠᠶᠢᠴᠠᠭᠠᠬᠤ᠂ ᠬᠠᠳᠠᠭᠠᠯᠠᠬᠤ ᠵᠢᠴᠢ ᠲᠤᠰᠢᠶᠠᠨ ᠥᠭᠴᠦ ᠡᠵᠡᠮᠳᠡᠬᠦ᠂ ᠬᠢᠷᠢ ᠲᠡᠩᠴᠡᠬᠦ ᠦᠭᠡᠶ ᠢᠳᠡᠭᠡᠨ ᠤ ᠬᠠᠮᠢᠶᠠᠷᠤᠯᠲᠠ ᠪᠠ ᠢᠳᠡᠭᠡᠨ ᠢ ᠡᠭᠡᠭᠦᠯᠦᠨ ᠠᠪᠴᠢᠷᠠᠬᠤ᠂ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ᠂ ᠢᠳᠡᠭᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ᠂ ᠠᠵᠢᠯᠯᠠᠭᠰᠠᠳ ᠤᠨ ᠬᠠᠮᠢᠶᠠᠷᠤᠯᠲᠠ᠂ ᠮᠡᠳᠡᠭᠡ ᠵᠠᠩᠭᠢ ᠶᠢ ᠲᠡᠮᠳᠡᠭᠯᠡᠬᠦ ᠪᠠ ᠮᠥᠷᠳᠡᠬᠦ᠂ ᠢᠳᠡᠭᠡᠨ ᠤ ᠠᠮᠤᠷ ᠲᠦᠪᠰᠢᠨ ᠤ ᠠᠳᠡᠯ ᠢ ᠰᠢᠢᠳᠪᠦᠷᠢᠯᠡᠬᠦ ᠵᠡᠷᠭᠡ︔ ᠠᠵᠤ ᠠᠬᠤᠶᠢᠯᠠᠯ ᠤᠨ ᠳᠡᠭᠡᠷ᠎ᠡ ᠤᠳᠠᠭᠠᠨ ᠤ ᠥᠪᠡᠰᠦᠪᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠵᠤ ᠠᠬᠤᠶᠢᠯᠠᠯ ᠤᠨ ᠣᠶᠢᠷ᠎ᠠ ᠶᠢᠨ ᠬᠠᠭᠠᠰ ᠵᠢᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠵᠤ ᠠᠬᠤᠶᠢᠯᠠᠯ ᠤᠨ ᠬᠠᠤᠯᠢ ᠶᠣᠰᠣᠭᠠᠷ ᠮᠡᠳᠡᠭᠦᠯᠬᠦ ᠬᠡᠷᠡᠭᠲᠡᠶ ᠪᠤᠰᠤᠳ ᠵᠦᠢᠯᠡᠰ᠃

    ︵ᠵᠢᠷᠭᠤᠭ᠎ᠠ︶ ᠣᠨᠴᠠᠭᠠᠢ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢᠨ ︽ᠭᠤᠷᠪᠠᠨ ᠱᠠᠲᠤ ᠬᠠᠮᠲᠤᠷᠠᠨ ᠬᠢᠨᠠᠬᠤ︾ ᠶᠢ ᠬᠡᠷᠬᠢᠨ ᠣᠶᠢᠯᠠᠭᠠᠬᠤ ᠪᠣᠶ︖

    ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ ᠶᠢᠨ ᠬᠠᠮᠲᠤ᠂ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠰᠢᠯᠭᠠᠨ ᠬᠤᠷᠢᠶᠠᠵᠤ ᠠᠪᠤᠭᠰᠠᠨ ᠮᠡᠳᠡᠭᠦᠯᠦᠯᠲᠡ ᠲᠤᠰᠢᠶᠠᠵᠤ᠂ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠣᠷᠣᠨ ᠤ ᠳᠣᠲᠣᠷᠠᠬᠢ ᠣᠨᠴᠠᠭᠠᠢ ᠢᠳᠡᠭᠡᠨ ᠵᠢᠴᠢ ᠳᠠᠪᠤᠰᠤᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠭᠰᠠᠨ ᠶᠡᠷᠦᠩᠬᠡᠢ ᠪᠠᠶᠢᠳᠠᠯ ᠢ ᠬᠢᠨᠠᠨ ᠬᠠᠷᠭᠤᠭᠤᠯᠬᠤ ᠪᠠ ᠵᠠᠳᠠᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠲᠤᠰᠢᠶᠠᠵᠤ᠂ ᠬᠠᠮᠤᠭ ᠡᠴᠦᠰ ᠲᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠤᠨ᠎ᠠ᠃

    ︵ᠳᠤᠯᠤᠭ᠎ᠠ︶ ︽ᠲᠣᠭᠲᠠᠭᠠᠯ︾ ᠢ ᠬᠡᠷᠡᠭᠵᠢᠭᠦᠯᠬᠦ ᠴᠠᠭ ᠨᠢ ᠬᠡᠵᠢᠶ᠎ᠡ ᠪᠤᠢ︖

    ︽ᠲᠣᠭᠲᠠᠭᠠᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠲᠣᠪᠴᠢᠶ᠎ᠠ ᠶᠢᠨ ᠣᠨᠴᠠᠭᠠᠶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ