ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/6/19

    ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠠᠷᠠᠳ ᠤᠨ ᠲᠥᠯᠥᠭᠡ ᠬᠢᠨᠠᠨ ᠬᠠᠮᠢᠶᠠᠷᠬᠤ︾ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠬᠢᠨᠠᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠰᠤᠷᠭᠠᠨ ᠬᠥᠮᠦᠵᠢᠯ᠂ ᠡᠮ ᠡᠮᠨᠡᠯᠭᠡ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 2904 ᠡᠷᠦᠬᠡ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ 95 ᠬᠡᠷᠡᠭ ᠢ ᠪᠠᠶᠢᠴᠠᠭᠠᠨ ᠰᠢᠢᠳᠪᠦᠷᠢᠯᠡᠪᠡ᠃

    ᠨᠢᠭᠡ ᠳᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠬᠠᠮᠲᠤᠷᠠᠨ ︽2024 ᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠬᠢᠭᠡᠳ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︽︿ᠠᠶᠠᠰ ᠬᠥᠭᠵᠢᠮ ᠪᠢᠯᠬᠠᠮ᠎ᠠ ᠤᠮᠠᠷᠠᠲᠤ ᠬᠢᠯᠢ᠂ ᠬᠠᠶᠢᠷ᠎ᠠ ᠬᠠᠯᠠᠮᠵᠢ ᠳᠦᠭᠦᠷᠡᠩ ᠳᠤᠯᠠᠭᠠᠨ ᠬᠤᠲᠠ ﹀ ᠳᠠᠭᠤᠯᠠᠬᠤ ᠬᠤᠷᠠᠯ ᠵᠢᠴᠢ ᠪᠥᠬᠦ ᠬᠤᠲᠠ ᠶᠢᠨ ᠴᠢᠬᠤᠯᠠ ᠶᠡᠭᠡ ᠠᠵᠢᠯᠯᠠᠭ᠎ᠠ ᠪᠠ ᠴᠢᠬᠤᠯᠠ ᠤᠷᠤᠯᠳᠤᠭᠠᠨ ᠤ ᠬᠤᠭᠤᠴᠠᠭᠠᠨ ᠳᠠᠬᠢ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠵᠡᠩᠨᠡᠭᠴᠢᠳ ᠢ ᠰᠢᠮᠳᠠᠭᠤᠯᠤᠨ ᠵᠢᠯᠣᠭᠤᠳᠴᠤ ᠪᠠᠶᠢᠭᠠᠳ ᠦᠨ᠎ᠡ ᠬᠠᠩᠰᠢ ᠶᠢ ᠢᠯᠡ ᠬᠠᠳᠠᠬᠤ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠪᠠ᠃ ᠣᠲᠣ ᠪᠣᠯᠲᠠᠯ᠎ᠠ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠭᠤᠳᠠᠯ᠂ ᠢᠳᠡᠭᠡᠨ ᠤᠮᠳᠠᠭᠠᠨ ᠤ ᠨᠢᠭᠡᠴᠢ᠂ ᠣᠷᠣᠨ ᠨᠤᠲᠤᠭ ᠤᠨ ᠣᠨᠴᠠ ᠭᠠᠷᠤᠯᠲᠠ ᠵᠡᠷᠭᠡ ᠡᠷᠬᠢᠨ ᠲᠣᠭᠤᠷᠢᠨ ᠤ ᠡᠵᠡᠩᠨᠡᠯᠲᠡ ᠶᠢᠨ ᠡᠷᠦᠬᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠶᠢᠲᠡ 682 ᠡᠷᠦᠬᠡ ᠪᠠᠶᠢᠴᠠᠭᠠᠵᠤ᠂ 2 ᠪᠠᠭᠤᠳᠠᠯ ᠤᠨ ᠢᠯᠡ ᠦᠨ᠎ᠡ ᠨᠢ ᠵᠢᠷᠤᠮᠵᠢᠯ ᠥᠬᠡᠶ᠂ ᠤᠤᠯ ᠦᠨ᠎ᠡ ᠶᠢ ᠬᠠᠭᠤᠷᠮᠠᠭ ᠲᠡᠮᠳᠡᠭᠯᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠡᠯᠡᠰᠦᠷᠬᠡᠭ ᠭᠠᠵᠠᠷ ᠤᠨ ᠬᠡᠭᠡᠷᠡᠯᠡᠨ ᠠᠶᠠᠯᠠᠬᠤ ᠮᠠᠰᠢᠨ ᠲᠡᠷᠭᠡ ᠲᠦᠷᠢᠶᠡᠰᠦᠯᠡᠨ ᠡᠵᠡᠩᠨᠡᠬᠦ 1 ᠭᠤᠤᠯ ᠴᠣᠭᠴᠠ ᠶᠢᠨ ᠦᠨ᠎ᠡ ᠬᠠᠩᠰᠢ ᠶᠢᠨ ᠠᠰᠠᠭᠤᠳᠠᠯ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠪᠡ᠃

    ᠬᠤᠶᠠᠷ ᠲᠤ ᠠᠮᠤ ᠪᠤᠳᠠᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃ ︽ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠰᠠᠨᠠᠭᠤᠯᠵᠤ ᠰᠡᠷᠡᠮᠵᠢᠯᠡᠭᠦᠯᠬᠦ ᠪᠢᠴᠢᠭ︾ ᠢ ᠨᠡᠶᠢᠲᠡᠯᠡᠵᠦ᠂ ︽ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︿ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ﹀ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠨᠡᠶᠢᠲᠡ ᠠᠮᠤ ᠪᠤᠳᠠᠭᠠᠨ ᠤ ᠡᠵᠡᠩᠨᠡᠯᠲᠡ ᠶᠢᠨ 5 ᠨᠢᠭᠡᠴᠢ ᠶᠢ ᠰᠤᠭᠤᠴᠢᠨ ᠪᠠᠶᠢᠴᠠᠭᠠᠵᠤ᠂ ᠬᠡᠰᠡᠭ ᠡᠵᠡᠩᠨᠡᠯᠲᠡ ᠶᠢᠨ ᠭᠤᠤᠯ ᠴᠣᠭᠴᠠ ᠶᠢᠨ ᠦᠨ᠎ᠡ ᠬᠠᠩᠰᠢ ᠶᠢ ᠢᠯᠡ ᠬᠠᠳᠠᠬᠤ ᠱᠠᠭᠠᠷᠳᠠᠯᠭ᠎ᠠ᠂ ᠠᠮᠤ ᠪᠤᠳᠠᠭ᠎ᠠ ᠶᠢ ᠦᠨ᠎ᠡ ᠲᠣᠭᠲᠠᠭᠠᠬᠤ ᠲᠣᠭᠲᠠᠭᠠᠯ ᠵᠡᠷᠭᠡ ᠶᠢ ᠵᠢᠯᠣᠭᠤᠳᠤᠨ ᠲᠠᠶᠢᠯᠪᠤᠷᠢᠯᠠᠪᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠴᠢᠩᠭᠠᠳᠬᠠᠵᠤ᠂ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠭᠤᠯᠵᠤ ᠰᠡᠷᠡᠮᠵᠢᠯᠡᠭᠦᠯᠬᠦ ᠪᠢᠴᠢᠭ︾ ᠢ ᠨᠡᠶᠢᠲᠡᠯᠡᠵᠦ᠂ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ 4 ᠤᠳᠠᠭ᠎ᠠ ᠥᠷᠨᠢᠭᠦᠯᠵᠦ᠂ 19 ᠤᠳᠠᠭ᠎ᠠ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ 105 ᠡᠵᠡᠩᠨᠡᠯᠲᠡ ᠶᠢᠨ ᠭᠤᠤᠯ ᠴᠣᠭᠴᠠ ᠶᠢ ᠪᠠᠶᠢᠴᠠᠭᠠᠪᠠ᠃

    ᠭᠤᠷᠪᠠ ᠳᠤ ᠰᠤᠷᠭᠠᠨ ᠬᠥᠮᠦᠵᠢᠯ ᠤᠨ ᠬᠦᠷᠢᠶᠡᠨ ᠳᠠᠬᠢ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃ ᠰᠢᠨ᠎ᠡ ᠰᠤᠷᠤᠯᠭ᠎ᠠ ᠶᠢᠨ ᠣᠨ ᠳᠤ ᠲᠥᠪᠯᠡᠷᠡᠭᠦᠯᠦᠨ ᠰᠦᠢᠳᠬᠡᠯ ᠬᠤᠷᠢᠶᠠᠬᠤ᠂ ᠭᠡᠷ ᠤᠨ ᠠᠬᠠᠮᠠᠳ᠂ ᠰᠤᠷᠤᠭᠴᠢᠳ ᠤᠨ ᠲᠤᠰᠬᠠᠭᠰᠠᠨ ᠠᠰᠠᠭᠤᠳᠠᠯ ᠤᠨ ᠰᠦᠪᠡᠭᠴᠢ᠂ ᠰᠢᠮᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠢᠶᠠᠷ ᠭᠤᠤᠯᠳᠠᠯᠭ᠎ᠠ ᠪᠣᠯᠭᠠᠨ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠰᠤᠷᠤᠭᠴᠢ ᠪᠠ ᠭᠡᠷ ᠤᠨ ᠠᠬᠠᠮᠠᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠣᠳᠣᠬᠠᠨ ᠪᠣᠯᠲᠠᠯ᠎ᠠ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠭᠰᠠᠨ 5 ᠬᠡᠷᠡᠭ ᠢ ᠰᠢᠢᠳᠪᠦᠷᠢᠯᠡᠵᠦ᠂ ᠵᠦᠶ ᠵᠣᠬᠢᠰ ᠥᠬᠡᠶ ᠰᠦᠢᠳᠬᠡᠯ ᠬᠤᠷᠢᠶᠠᠭᠰᠠᠨ 481.2 ᠲᠦᠮᠡᠨ ᠲᠥᠭᠦᠷᠢᠭ ᠢ ᠪᠤᠴᠠᠭᠠᠨ ᠥᠭᠴᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ 615.13 ᠲᠦᠮᠡᠨ ᠲᠥᠭᠦᠷᠢᠭ ᠬᠤᠷᠢᠶᠠᠨ ᠠᠪᠴᠤ᠂ 24.19 ᠲᠦᠮᠡᠨ ᠲᠥᠭᠦᠷᠢᠭ ᠢᠶᠠᠷ ᠲᠣᠷᠭᠠᠪᠠ᠃

    ᠳᠥᠷᠪᠡ ᠳᠤ ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠬᠠᠩᠰᠢ ᠶᠢᠨ ᠬᠤᠭᠤᠴᠠᠭᠠᠨ ᠳᠠᠬᠢ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠢᠷᠤᠮᠵᠢᠭᠤᠯᠬᠤ ᠲᠤᠬᠠᠶ ᠰᠠᠨᠠᠭᠤᠯᠵᠤ ᠰᠡᠷᠡᠮᠵᠢᠯᠡᠭᠦᠯᠬᠦ ᠵᠠᠬᠢᠳᠠᠯ︾ ᠢ ᠨᠡᠶᠢᠲᠡᠯᠡᠵᠦ᠂ ︽ᠣᠷᠣᠰᠢᠭᠤᠯᠭ᠎ᠠ ᠶᠢᠨ ᠬᠦᠷᠢᠶᠡᠨ ᠳᠠᠬᠢ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠪᠥᠬᠦ ᠲᠠᠯ᠎ᠠ ᠪᠠᠷ ᠵᠢᠷᠤᠮᠵᠢᠭᠤᠯᠪᠠ᠃ ᠣᠳᠣᠬᠠᠨ ᠪᠣᠯᠲᠠᠯ᠎ᠠ᠂ ᠪᠦᠬᠦ ᠬᠤᠲᠠ ᠳᠤ ᠣᠷᠣᠰᠢᠭᠤᠯᠭ᠎ᠠ ᠶᠢᠨ ᠭᠠᠵᠠᠷ᠂ ᠨᠡᠶᠢᠲᠡ ᠶᠢᠨ ᠣᠩᠭᠤᠨ ᠤ ᠡᠵᠡᠩᠨᠡᠯᠲᠡ ᠶᠢᠨ ᠨᠢᠭᠡᠴᠢ᠂ ᠣᠷᠣᠰᠢᠭᠤᠯᠭ᠎ᠠ ᠶᠢᠨ ᠬᠡᠷᠡᠭᠰᠡᠯ ᠤᠨ ᠡᠵᠡᠩᠨᠡᠯᠲᠡ ᠶᠢᠨ ᠨᠢᠭᠡᠴᠢ ᠶᠢ 228 ᠡᠷᠦᠬᠡ ᠤᠳᠠᠭ᠎ᠠ ᠪᠠᠶᠢᠴᠠᠭᠠᠵᠤ᠂ ᠣᠷᠣᠰᠢᠭᠤᠯᠭ᠎ᠠ ᠶᠢᠨ ᠬᠡᠷᠡᠭᠰᠡᠯ ᠤᠨ ᠡᠵᠡᠩᠨᠡᠯᠲᠡ ᠶᠢᠨ 28 ᠨᠢᠭᠡᠴᠢ ᠶᠢᠨ ᠦᠨ᠎ᠡ ᠬᠠᠩᠰᠢ ᠶᠢ ᠢᠯᠡ ᠲᠡᠮᠳᠡᠭᠯᠡᠭᠰᠡᠨ ᠨᠢ ᠳᠦᠷᠢᠮᠵᠢᠯ ᠦᠭᠡᠢ ᠠᠰᠠᠭᠤᠳᠠᠯ ᠢ ᠵᠠᠷᠯᠢᠭᠳᠠᠨ ᠵᠠᠯᠠᠷᠠᠭᠤᠯᠵᠤ᠂ ︽ᠥᠨᠳᠥᠷ ᠦᠨ᠎ᠡ ᠬᠠᠩᠰᠢ ᠶᠢᠨ ᠴᠢᠨᠳᠠᠷ ᠤᠨ ᠬᠠᠶᠢᠷᠴᠠᠭ︾ ᠂ ᠣᠷᠣᠰᠢᠭᠤᠯᠭ᠎ᠠ ᠶᠢᠨ ᠬᠡᠷᠡᠭᠰᠡᠯ ᠢ ᠠᠯᠪᠠᠳᠠᠯᠭ᠎ᠠ ᠪᠠᠷ ᠳᠠᠭᠠᠯᠳᠤᠭᠤᠯᠤᠨ ᠬᠤᠳᠠᠯᠳᠤᠬᠤ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷ ᠢᠯᠡᠷᠡᠭᠦᠯᠦᠭᠰᠡᠨ ᠦᠭᠡᠢ᠃

    ᠲᠠᠪᠤ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠶᠢᠴᠠᠭᠠᠯᠲᠠ ᠶᠢ ᠴᠢᠩᠭᠠᠳᠬᠠᠪᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠤᠰᠬᠠᠶ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠳᠤ ᠢᠯᠡ ᠦᠨ᠎ᠡ ᠬᠠᠳᠠᠬᠤ ᠲᠣᠭᠲᠠᠭᠠᠯ ᠢ ᠬᠡᠷᠡᠭᠵᠢᠭᠦᠯᠬᠦ ᠦᠭᠡᠢ᠂ ᠲᠣᠳᠣᠷᠬᠠᠶᠢᠯᠠᠭᠰᠠᠨ ᠦᠭᠡᠢ ᠰᠦᠢᠳᠬᠡᠯ ᠬᠤᠷᠢᠶᠠᠬᠤ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ 52 ᠨᠢᠭᠡᠴᠢ ᠶᠢ ᠪᠠᠶᠢᠴᠠᠭᠠᠵᠤ᠂ ᠴᠠᠬᠢᠯᠭᠠᠨ ᠴᠡᠨᠡᠭᠯᠡᠬᠦ ᠡᠵᠡᠩᠨᠡᠯᠲᠡ ᠶᠢᠨ 9 ᠨᠢᠭᠡᠴᠢ ᠶᠢᠨ ᠢᠯᠡ ᠨᠡᠶᠢᠲᠡᠯᠡᠬᠦ ᠫᠠᠶᠢᠰᠠ ᠥᠬᠡᠶ᠂ ᠢᠯᠡ ᠨᠡᠶᠢᠲᠡᠯᠡᠯ ᠨᠢ ᠲᠦᠷᠢᠮᠵᠢᠯ ᠥᠬᠡᠶ ᠦᠢᠯᠡ ᠠᠵᠢᠯᠯᠠᠭ᠎ᠠ ᠶᠢ ᠵᠠᠷᠯᠢᠭᠳᠠᠵᠤ ᠪᠠᠶᠢᠭᠠᠳ ᠵᠠᠯᠠᠷᠠᠭᠤᠯᠪᠠ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ