ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/20

    ᠲᠣᠪᠴᠢ ᠲᠠᠨᠢᠯᠴᠠᠭᠤᠯᠭ᠎ᠠ᠄

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠬᠦ ᠶᠢᠨ ᠵᠣᠷᠢᠯᠭ᠎ᠠ ᠨᠢ ᠥᠨᠳᠥᠷ ᠥᠷᠲᠡᠭᠲᠦ ᠮᠡᠳᠡᠯᠭᠡ ᠶᠢᠨ ᠥᠮᠴᠢᠯᠡᠯ ᠤᠨ ᠡᠷᠬᠡ ᠶᠢ ᠪᠤᠶᠢᠵᠢᠭᠤᠯᠬᠤ ᠢᠨᠵᠧᠨᠧᠷᠢᠩ ᠢ ᠤᠯᠠᠮ ᠨᠢᠭᠡ ᠠᠯᠬᠤᠮ ᠭᠦᠨᠵᠡᠭᠡᠶ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠦᠨ᠎ᠡ ᠥᠷᠲᠡᠭ ᠲᠠᠢ ᠲᠤᠰᠬᠠᠶ ᠠᠰᠢᠭ ᠢ ᠪᠤᠶᠢᠵᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ ᠶᠤᠮ᠃ ᠨᠡᠶᠢᠭᠡᠮ ᠨᠡᠶᠢᠲᠡ ᠪᠠᠷ ᠢᠶᠠᠨ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠠᠭᠤᠯᠭ᠎ᠠ ᠪᠠ ᠵᠣᠷᠢᠭ ᠰᠠᠨᠠᠭ᠎ᠠ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠡ᠄

    ᠨᠡᠶᠢᠲᠡᠯᠡᠭᠰᠡᠨ ᠠᠬᠤᠶ ᠪᠠᠶᠢᠳᠠᠯ

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢ ᠠᠬᠢᠭᠤᠯᠬᠤ ᠪᠠ ᠬᠠᠮᠠᠭᠠᠯᠠᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠢᠷᠤᠮᠵᠢᠭᠤᠯᠵᠤ᠂ ᠰᠢᠨ᠎ᠡ ᠶᠢ ᠡᠭᠦᠳᠬᠦ ᠭᠤᠤᠯ ᠴᠣᠭᠴᠠ ᠶᠢ ᠤᠷᠮᠠᠰᠢᠭᠤᠯᠤᠨ ᠥᠨᠳᠥᠷ ᠥᠷᠲᠡᠭ ᠲᠠᠢ ᠲᠤᠰᠬᠠᠶ ᠠᠰᠢᠭ ᠤᠨ ᠪᠠᠶᠢᠷᠢᠰᠢᠭᠤᠯᠤᠯ ᠢ ᠥᠷᠨᠢᠭᠦᠯᠵᠦ᠂ ᠥᠨᠳᠥᠷ ᠥᠷᠲᠡᠭᠲᠦ ᠲᠤᠰᠬᠠᠶ ᠠᠰᠢᠭ ᠢ ᠦᠢᠯᠡᠳᠪᠦᠷᠢᠯᠡᠵᠦ ᠭᠠᠷᠭᠠᠬᠤ ᠪᠠ ᠬᠡᠷᠡᠭᠯᠡᠬᠦ ᠪᠠᠷ ᠭᠤᠤᠯ ᠬᠠᠷᠠᠯᠲᠠ ᠪᠣᠯᠭᠠᠵᠤ᠂ ᠨᠢᠭᠡ ᠪᠦᠯᠦᠭ ᠰᠢᠨ᠎ᠡ ᠶᠢ ᠡᠭᠦᠳᠬᠦ ᠬᠡᠮᠵᠢᠶ᠎ᠡ ᠪᠠᠷ ᠥᠨᠳᠥᠷ᠂ ᠥᠷᠢᠰᠥᠯᠳᠦᠬᠦ ᠬᠦᠴᠦᠨ ᠢᠶᠠᠷ ᠴᠢᠩᠭ᠎ᠠ ᠥᠨᠳᠥᠷ ᠨᠢᠭᠡ ᠪᠦᠯᠦᠭ ᠥᠨᠳᠥᠷ ᠥᠷᠲᠡᠭ ᠲᠠᠢ ᠲᠤᠰᠬᠠᠶ ᠠᠰᠢᠭ ᠢ ᠬᠦᠴᠦᠯᠡᠨ ᠬᠥᠮᠦᠵᠢᠭᠦᠯᠵᠦ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠵᠢᠭᠦᠯᠬᠦ ᠶᠢ ᠠᠬᠢᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠦᠨ᠎ᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠬᠠᠮᠢᠶᠠᠷᠤᠯᠲᠠ ᠶᠢᠨ ᠠᠷᠭ᠎ᠠ ᠶᠢ ᠳᠤᠷᠠᠳᠤᠨ ᠭᠠᠷᠭᠠᠪᠠ᠃

    ᠭᠤᠣᠯ ᠠᠭᠤᠯᠭ᠎ᠠ

    ︽ᠬᠠᠮᠢᠶᠠᠷᠤᠯᠲᠠ ᠶᠢᠨ ᠠᠷᠭ᠎ᠠ︾ ᠳᠤ ᠨᠡᠶᠢᠲᠡ 6 ᠪᠦᠯᠦᠭ 19 ᠵᠤᠷᠪᠤᠰ ᠠᠭᠤᠯᠭ᠎ᠠ ᠪᠠᠶᠢᠨ᠎ᠠ᠃ ᠶᠡᠷᠦᠩᠬᠡᠢ ᠳᠦᠷᠢᠮ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠲᠦᠷᠦᠯ ᠵᠦᠢᠯ ᠲᠣᠭᠲᠠᠭᠠᠬᠤ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠦᠨᠡᠯᠡᠯᠲᠡ ᠪᠠ ᠳᠠᠭᠠᠯᠳᠤᠭᠤᠯᠤᠭᠰᠠᠨ ᠳᠦᠷᠢᠮ ᠭᠡᠵᠦ ᠬᠤᠪᠢᠶᠠᠨ᠎ᠠ᠃

    ᠨᠢᠭᠡᠳᠦᠭᠡᠷ ᠪᠦᠯᠦᠭ᠄ ᠶᠡᠷᠦᠩᠬᠡᠢ ᠳᠦᠷᠢᠮ᠂ ᠨᠡᠶᠢᠲᠡ 4 ᠵᠤᠷᠪᠤᠰ᠃ ᠭᠤᠣᠯᠳᠠᠭᠤ ︽ᠬᠠᠮᠢᠶᠠᠷᠤᠯᠲᠠ ᠶᠢᠨ ᠠᠷᠭ᠎ᠠ︾ ᠶᠢᠨ ᠵᠣᠷᠢᠯᠭ᠎ᠠ ᠪᠠ ᠬᠡᠷᠡᠭᠯᠡᠬᠦ ᠬᠡᠪᠴᠢᠶ᠎ᠡ ᠵᠢᠴᠢ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠲᠤᠳᠤᠷᠬᠠᠶᠢᠯᠠᠪᠠ᠃

    ᠬᠤᠶᠠᠳᠤᠭᠠᠷ ᠪᠦᠯᠦᠭ᠄ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠨᠡᠶᠢᠲᠡ 3 ᠵᠣᠷᠪᠣᠰ᠃ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠠᠶᠢᠮᠠᠭ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠲᠦᠷᠦᠭᠦᠯᠡᠨ ᠪᠠᠶᠢᠭᠤᠯᠵᠤ ᠪᠤᠶᠢᠵᠢᠭᠤᠯᠬᠤ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ ᠶᠢᠨ ᠲᠤᠬᠠᠶ ᠲᠣᠳᠣᠷᠬᠠᠶ ᠲᠣᠭᠲᠠᠭᠠᠯ ᠭᠠᠷᠭᠠᠪᠠ᠃

    ᠭᠤᠷᠪᠠᠳᠤᠭᠠᠷ ᠪᠦᠯᠦᠭ᠄ ᠲᠥᠷᠥᠯ ᠵᠦᠢᠯ ᠲᠣᠭᠲᠠᠭᠠᠬᠤ ᠪᠦᠲᠦᠭᠡᠨ ᠪᠠᠶᠢᠭᠤᠯᠤᠯᠲᠠ᠂ ᠨᠡᠶᠢᠲᠡ 5 ᠵᠤᠷᠪᠤᠰ᠃ ᠭᠤᠣᠯᠳᠠᠭᠤ ᠪᠤᠶᠢᠵᠢᠭᠤᠯᠬᠤ ᠲᠥᠪ ᠲᠤ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ᠂ ᠪᠡᠶᠡᠴᠢ ᠴᠣᠭᠴᠠ ᠶᠢᠨ ᠬᠢᠷᠢ ᠬᠡᠮ᠂ ᠦᠨᠳᠦᠰᠦᠨ ᠨᠥᠬᠦᠴᠡᠯ ᠵᠢᠴᠢ ᠮᠠᠭᠠᠳᠯᠠᠨ ᠲᠣᠭᠲᠠᠭᠠᠬᠤ ᠳᠠᠷᠠᠭᠠᠯᠠᠯ ᠤᠨ ᠲᠤᠬᠠᠶ ᠲᠣᠳᠣᠷᠬᠠᠶ ᠲᠣᠭᠲᠠᠭᠠᠯ ᠭᠠᠷᠭᠠᠪᠠ᠃ ︽ᠬᠠᠮᠢᠶᠠᠷᠤᠯᠲᠠ ᠶᠢᠨ ᠠᠷᠭ᠎ᠠ︾ ᠳᠤ ᠪᠤᠶᠢᠵᠢᠭᠤᠯᠬᠤ ᠲᠥᠪ ᠠᠴᠠ ᠭᠤᠶᠤᠴᠢᠯᠠᠨ ᠮᠡᠳᠡᠭᠦᠯᠬᠦ ᠳᠤ ︽ᠵᠠᠷᠯᠠᠨ ᠮᠠᠩᠯᠠᠶᠢᠯᠠᠭᠤᠯᠬᠤ︾ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠠᠪᠴᠤ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠭᠤᠤᠯ ᠴᠣᠭᠴᠠ ᠨᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠤᠶᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠵᠤ ᠠᠬᠤᠶᠢᠯᠠᠯ ᠪᠠᠶᠢᠵᠤ᠂ ᠬᠠᠮᠲᠤᠷᠠᠨ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠦᠨᠳᠦᠰᠦᠨ ᠨᠥᠬᠦᠴᠡᠯ ᠤᠨ 6 ᠲᠠᠯ᠎ᠠ ᠶᠢ ᠲᠣᠳᠣᠷᠬᠠᠶᠢᠯᠠᠵᠤ᠂ ᠭᠤᠣᠯᠳᠠᠭᠤ ᠮᠡᠷᠭᠡᠵᠢᠯ ᠤᠨ ᠬᠦᠷᠢᠶ᠎ᠡ᠂ ᠰᠤᠳᠤᠯᠤᠨ ᠨᠡᠭᠡᠭᠡᠬᠦ ᠲᠦᠪᠰᠢᠨ᠂ ᠰᠤᠳᠤᠯᠤᠨ ᠨᠡᠭᠡᠭᠡᠬᠦ ᠣᠷᠣᠭᠤᠯᠤᠯᠲᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠠᠭᠤᠷᠢ᠂ ᠦᠨᠡᠨᠴᠢ ᠢᠲᠡᠭᠡᠮᠵᠢ ᠶᠢᠨ ᠲᠡᠮᠳᠡᠭᠯᠡᠯ᠂ ᠬᠠᠮᠲᠤᠷᠠᠯᠴᠠᠭᠠᠨ ᠤ ᠰᠠᠭᠤᠷᠢ ᠵᠡᠷᠭᠡ ᠶᠢ ᠪᠠᠭᠲᠠᠭᠠᠨ᠎ᠠ᠃ ᠭᠤᠶᠤᠴᠢᠯᠠᠨ ᠮᠡᠳᠡᠭᠦᠯᠬᠦ ᠳᠤ ᠠᠶᠢᠮᠠᠭ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠬᠢᠨᠠᠨ ᠲᠣᠭᠲᠠᠭᠠᠬᠤ ᠶᠢᠨ ᠬᠠᠮᠲᠤ ᠰᠡᠳᠦᠪ ᠲᠣᠭᠲᠠᠭᠠᠵᠤ ᠮᠠᠭᠠᠳᠯᠠᠨ ᠲᠣᠭᠲᠠᠭᠠᠬᠤ ᠳᠠᠷᠠᠭᠠᠯᠠᠯ ᠢ ᠵᠣᠬᠢᠶᠠᠨ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃

    ᠳᠥᠷᠪᠡᠳᠦᠭᠡᠷ ᠪᠦᠯᠦᠭ᠄ ᠠᠵᠢᠯᠯᠠᠭᠠᠨ ᠤ ᠬᠠᠮᠢᠶᠠᠷᠤᠯᠲᠠ᠂ ᠨᠡᠶᠢᠲᠡ 2 ᠵᠤᠷᠪᠤᠰ᠃ ᠭᠤᠤᠯᠳᠠᠭᠤ ᠪᠤᠶᠢᠵᠢᠭᠤᠯᠬᠤ ᠲᠥᠪ ᠤᠨ ᠪᠥᠲᠥᠭᠡᠨ ᠪᠠᠶᠢᠭᠤᠯᠬᠤ ᠬᠤᠭᠤᠴᠠᠭ᠎ᠠ᠂ ᠭᠤᠤᠯ ᠡᠭᠦᠷᠭᠡ ᠪᠠ ᠣᠨ ᠤ ᠠᠵᠢᠯ ᠤᠨ ᠮᠡᠳᠡᠭᠦᠯᠦᠯᠲᠡ ᠶᠢᠨ ᠲᠦᠷᠢᠮ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ︽ᠬᠠᠮᠢᠶᠠᠷᠤᠯᠲᠠ ᠶᠢᠨ ᠠᠷᠭ᠎ᠠ︾ ᠳᠤ ᠪᠤᠶᠢᠵᠢᠭᠤᠯᠬᠤ ᠲᠥᠪ ᠲᠤ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠬᠤ᠂ ᠥᠨᠳᠥᠷ ᠥᠷᠲᠡᠭᠲᠦ ᠲᠤᠰᠬᠠᠶ ᠠᠰᠢᠭ ᠤᠨ ᠪᠠᠷᠠᠯᠬᠢᠯᠠᠯ ᠤᠨ ᠪᠠᠶᠢᠷᠢᠯᠠᠭᠤᠯᠤᠯᠲᠠ ᠶᠢ ᠥᠷᠨᠢᠭᠦᠯᠬᠦ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠤᠯᠪᠣᠭ᠎ᠠ ᠶᠢ ᠪᠠᠶᠢᠭᠤᠯᠬᠤ ᠵᠡᠷᠭᠡ ᠳᠥᠷᠪᠡᠨ ᠶᠡᠭᠡ ᠭᠤᠤᠯ ᠡᠭᠦᠷᠭᠡ ᠶᠢ ᠭᠤᠣᠯᠳᠠᠭᠤ ᠲᠣᠳᠣᠷᠬᠠᠶᠢᠯᠠᠪᠠ᠃ ᠪᠤᠶᠢᠵᠢᠭᠤᠯᠬᠤ ᠲᠥᠪ ᠤᠨ ᠪᠦᠲᠦᠭᠡᠨ ᠪᠠᠶᠢᠭᠤᠯᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 3 ᠵᠢᠯ ᠪᠠᠶᠢᠯᠭᠠᠬᠤ ᠶᠢ ᠲᠤᠳᠤᠷᠬᠠᠶᠢᠯᠠᠪᠠ᠃

ᠲᠠᠪᠤᠳᠤᠭᠠᠷ ᠪᠦᠯᠦᠭ᠄ ᠠᠮᠵᠢᠯᠲᠠ ᠪᠦᠲᠦᠮᠵᠢ ᠶᠢᠨ ᠦᠨᠡᠯᠡᠯᠲᠡ᠂ ᠨᠡᠶᠢᠲᠡ 3 ᠵᠤᠷᠪᠤᠰ᠃ ︽ᠬᠠᠮᠢᠶᠠᠷᠤᠯᠲᠠ ᠶᠢᠨ ᠠᠷᠭ᠎ᠠ︾ ᠳᠤ ᠪᠤᠶᠢᠵᠢᠭᠤᠯᠬᠤ ᠲᠥᠪ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠦᠷᠢᠮ ᠢ ᠬᠡᠷᠡᠭᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠰᠢᠯᠢᠳᠡᠭ ᠢ ᠨᠢ ᠰᠣᠩᠭᠤᠵᠤ ᠵᠠᠷᠤᠳᠠᠯ ᠤᠨ ᠳᠡᠮᠵᠢᠯᠭᠡ ᠦᠵᠡᠭᠦᠯᠬᠦ ᠶᠢ ᠲᠤᠳᠤᠷᠬᠠᠶᠢᠯᠠᠪᠠ᠃

ᠵᠢᠷᠭᠤᠳᠤᠭᠠᠷ ᠪᠦᠯᠦᠭ᠄ ᠳᠠᠭᠠᠯᠳᠤᠭᠤᠯᠤᠭᠰᠠᠨ ᠳᠦᠷᠢᠮ᠂ ᠨᠡᠶᠢᠲᠡ 2 ᠵᠤᠷᠪᠤᠰ᠃ ᠨᠢᠭᠡᠳᠦᠯᠲᠡᠶ ᠨᠡᠷᠡᠶᠢᠳᠬᠦ᠂ ᠪᠢᠴᠢᠭ ᠮᠠᠲ᠋ᠧᠷᠢᠶᠠᠯ ᠤᠨ ᠬᠦᠴᠦᠨ ᠲᠠᠢ ᠪᠣᠯᠬᠤ ᠬᠤᠭᠤᠴᠠᠭ᠎ᠠ᠂ ᠬᠠᠷᠢᠭᠤᠴᠠᠨ ᠲᠠᠶᠢᠯᠪᠤᠷᠢᠯᠠᠬᠤ ᠪᠡᠶᠡᠴᠢ ᠴᠣᠭᠴᠠ ᠵᠡᠷᠭᠡ ᠳᠠᠭᠠᠯᠳᠤᠭᠤᠯᠤᠭᠰᠠᠨ ᠳᠦᠷᠢᠮ ᠤᠨ ᠠᠭᠤᠯᠭ᠎ᠠ ᠳᠤ ᠲᠣᠳᠣᠷᠬᠠᠶᠢᠯᠠᠯᠲᠠ ᠬᠢᠪᠡ᠃

    ᠰᠢᠨ᠎ᠡ ᠡᠭᠦᠳᠦᠯᠲᠡ ᠶᠢᠨ ᠣᠨᠴᠠᠯᠢᠭ

    1. ᠪᠤᠶᠢᠵᠢᠭᠤᠯᠬᠤ ᠲᠥᠪ ᠨᠢ ᠵᠣᠬᠢᠶᠠᠨ ᠪᠠᠶᠢᠭᠤᠯᠤᠯᠲᠠ ᠶᠢᠨ ᠬᠡᠪ ᠵᠠᠭᠪᠤᠷ ᠤᠨ ᠰᠢᠨ᠎ᠡ ᠶᠢ ᠡᠭᠦᠳᠪᠡ᠃ ︽ᠪᠣᠭᠤᠮᠢ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠵᠡᠷᠭᠡ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠬᠥᠲᠥᠯᠦᠨ ᠵᠢᠯᠣᠭᠤᠳᠴᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠥᠨᠳᠥᠷ ᠲᠦᠪᠰᠢᠨ ᠲᠠᠢ ᠬᠠᠮᠠᠭᠠᠯᠠᠯᠲᠠ ᠶᠢ ᠬᠠᠮᠲᠤ ᠪᠠᠷ ᠥᠷᠨᠢᠭᠦᠯᠵᠦ᠂ ᠪᠤᠶᠢᠵᠢᠭᠤᠯᠬᠤ ᠬᠠᠷᠠᠯᠲᠠ ᠶᠢ ᠨᠠᠩ ᠲᠣᠳᠣᠷᠬᠠᠶ ᠪᠣᠯᠭᠠᠵᠤ᠂ ᠥᠨᠳᠥᠷ ᠥᠷᠲᠡᠭᠲᠦ ᠲᠤᠰᠬᠠᠶ ᠠᠰᠢᠭ ᠤᠨ ᠦᠢᠯᠡᠴᠢᠯᠡᠭᠡ ᠪᠠᠷ ᠲᠤᠯᠭᠠᠭᠤᠷᠢᠯᠠᠭᠤᠯᠤᠭᠰᠠᠨ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃

    2. ᠪᠤᠶᠢᠵᠢᠭᠤᠯᠬᠤ ᠲᠥᠪ ᠠᠴᠠ ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠪᠤᠶᠢᠵᠢᠭᠤᠯᠬᠤ ᠲᠥᠪ ᠲᠤ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠭᠦᠯᠬᠦ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠦᠷᠢᠮ ᠢ ᠬᠡᠷᠡᠭᠵᠢᠭᠦᠯᠬᠦ ᠶᠢ ᠴᠢᠬᠤᠯᠠᠴᠢᠯᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠵᠤ᠂ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠤᠶᠢᠵᠢᠭᠤᠯᠬᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠬᠤ ᠬᠡᠷᠡᠭᠲᠡᠶ ᠭᠡᠵᠦ ᠴᠢᠬᠤᠯᠠᠴᠢᠯᠠᠪᠠ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠬ᠋᠊