2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/6/24

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠄

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ︽ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2024 ᠣᠨ ᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠭᠡ ᠰᠤᠭᠤᠴᠢᠨ ᠪᠠᠶᠢᠴᠠᠭᠠᠭᠰᠠᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄

ᠨᠢᠭᠡ᠂ ᠦᠨᠳᠦᠰᠦᠨ ᠪᠠᠶᠢᠳᠠᠯ

    ᠲᠣᠰ ᠤᠳᠠᠭᠠᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠯᠢᠲ᠋ᠢ ᠢᠶᠤᠨ ᠳ᠋ᠢᠶᠠᠨ ᡂᠢ᠂ ᠬᠠᠷ᠎ᠠ ᠲᠤᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ ᠵᠡᠷᠭᠡ ᠦᠢᠯᠡᠳᠬᠦᠨ ᠪᠣᠯᠤᠨ᠎ᠠ᠃ ᠨᠡᠶᠢᠲᠡ 39 ᠪᠣᠷᠣᠯᠠᠭᠤᠯᠬᠤ ᠨᠢᠭᠡᠴᠢ ᠶᠢᠨ 50 ᠪᠦᠯᠦᠭ ᠦᠢᠯᠡᠳᠬᠦᠨ ᠢ ᠰᠤᠭᠤᠴᠢᠨ ᠰᠢᠯᠭᠠᠨ ᠪᠠᠶᠢᠴᠠᠭᠠᠵᠤ᠂ 19 ᠪᠦᠯᠦᠭ ᠬᠢᠷᠢ ᠲᠡᠩᠴᠡᠬᠦ ᠦᠭᠡᠢ ᠦᠢᠯᠡᠳᠬᠦᠨ ᠢ ᠢᠯᠡᠷᠡᠭᠦᠯᠪᠡ᠂ ᠡᠭᠦᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ 19 ᠪᠦᠯᠦᠭ ᠤᠳᠠᠭ᠎ᠠ ᠪᠠᠶᠢᠨ᠎ᠠ᠂ ᠯᠢᠲ᠋ᠢ ᠢᠶᠣᠨ ᠳ᠋ᠢᠶᠠᠨ ᡂᠢ᠂ ᠬᠠᠷ᠎ᠠ ᠳᠣᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ ᠲᠤ ᠬᠢᠷᠢ ᠲᠡᠩᠴᠡᠬᠦ ᠦᠭᠡᠢ ᠦᠢᠯᠡᠳᠬᠦᠨ ᠢ ᠢᠯᠡᠷᠡᠭᠦᠯᠦᠭᠰᠡᠨ ᠦᠭᠡᠢ᠃

ᠬᠤᠶᠠᠷ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠵᠠᠳᠠᠯᠤᠯᠲᠠ

    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠄ ᠲᠣᠰ ᠤᠳᠠᠭ᠎ᠠ ᠬᠥᠬᠡᠬᠤᠲᠠ᠂ ᠣᠷᠳᠣᠰ ᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠠᠯᠠᠱᠠ ᠠᠶᠢᠮᠠᠭ᠂ ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠦᠬᠠᠶ ᠬᠤᠲᠠ᠂ ᠰᠢᠯᠢ ᠶᠢᠨ ᠭᠤᠤᠯ ᠠᠶᠢᠮᠠᠭ᠂ ᠬᠢᠩᠭᠠᠨ ᠠᠶᠢᠮᠠᠭ ᠵᠡᠷᠭᠡ 10 ᠠᠶᠢᠮᠠᠭ ᠬᠤᠲᠠ ᠶᠢᠨ 18 ᠪᠣᠷᠣᠯᠠᠭᠤᠯᠬᠤ ᠨᠢᠭᠡᠴᠢ ᠳᠤ ᠰᠤᠭᠤᠴᠢᠨ ᠪᠠᠶᠢᠴᠠᠭᠠᠯᠲᠠ ᠬᠢᠵᠦ᠂ ᠨᠡᠶᠢᠲᠡ 20 ᠪᠦᠯᠦᠭ ᠤᠳᠠᠭ᠎ᠠ ᠶᠢᠨ ᠦᠢᠯᠡᠳᠬᠦᠨ ᠢ ᠰᠤᠭᠤᠴᠢᠨ ᠪᠠᠶᠢᠴᠠᠭᠠᠵᠤ᠂ 19 ᠪᠦᠯᠦᠭ ᠤᠳᠠᠭ᠎ᠠ ᠦᠢᠯᠡᠳᠬᠦᠨ ᠬᠢᠷᠢ ᠲᠡᠩᠴᠡᠭᠰᠡᠨ ᠥᠬᠡᠶ ᠶᠢ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ᠃ ᠢᠯᠡᠷᠬᠡᠶᠢᠯᠡᠬᠦ ᠲᠡᠮᠳᠡᠭ ᠬᠢᠭᠡᠳ ᠰᠡᠷᠡᠮᠵᠢ ᠶᠢᠨ ᠦᠭᠡ᠂ ᠲᠡᠷᠭᠡᠨ ᠬᠤᠷᠳᠤᠴᠠ ᠶᠢᠨ ᠬᠢᠵᠠᠭᠠᠷ ᠬᠡᠮᠵᠢᠶ᠎ᠡ᠂ ᠲᠣᠷᠮᠣᠰᠯᠠᠬᠤ ᠴᠢᠳᠠᠮᠵᠢ ︵ᠬᠠᠭᠤᠷᠠᠢ ᠪᠠᠶᠢᠳᠠᠯ︶᠂ ᠪᠦᠬᠦᠯᠢ ᠲᠡᠷᠭᠡᠨ ᠤ ᠶᠠᠰᠤ ᠴᠢᠨᠠᠷ᠂ ᠪᠦᠲᠦᠴᠡ᠂ ᠲᠡᠷᠭᠡᠨ ᠤ ᠬᠤᠷᠳᠤᠴᠠ ᠶᠢᠨ ᠰᠠᠨᠠᠭᠤᠯᠤᠮᠵᠢ᠂ ᠴᠠᠬᠢᠯᠭᠠᠨ ᠴᠡᠨᠡᠭᠯᠡᠬᠦ ᠪᠠᠶᠢᠳᠠᠯ ᠤᠨ ᠭᠤᠣᠯ ᠪᠤᠴᠠᠯ ᠤᠨ ᠬᠠᠮᠠᠭᠠᠯᠠᠯᠲᠠ᠂ ᠬᠠᠷᠢᠯᠴᠠᠨ ᠮᠡᠳᠡᠷᠡᠵᠦ ᠬᠠᠮᠵᠢᠯᠴᠠᠭᠤᠯᠤᠨ ᠴᠠᠬᠢᠯᠭᠠᠨ ᠴᠡᠨᠡᠭᠯᠡᠬᠦ᠂ ᠤᠲᠠᠰᠤᠨ ᠤ ᠪᠠᠶᠢᠷᠢᠯᠠᠯᠲᠠ᠂ ᠴᠠᠬᠢᠯᠭᠠᠨ ᠬᠡᠷᠡᠭᠰᠡᠯ᠂ ᠴᠠᠬᠢᠯᠭᠠᠨ ᠴᠡᠨᠡᠭᠯᠡᠭᠦᠷ ᠪᠠ ᠴᠠᠬᠢᠯᠭᠠᠨ ᠬᠤᠷᠢᠶᠠᠭᠤᠷ᠂ ᠤᠰᠤᠨ ᠳᠤ ᠨᠣᠷᠬᠤ ᠤᠰᠤᠨ ᠳᠤ ᠣᠷᠣᠬᠤ ᠴᠢᠳᠠᠪᠬᠢ᠂ ᠴᠠᠬᠢᠯᠭᠠᠨᠵᠢᠭᠰᠠᠨ ᠬᠡᠰᠡᠭ ᠤᠨ ᠬᠠᠮᠠᠭᠠᠯᠠᠯᠲᠠ᠂ ᠬᠤᠯᠪᠣᠬᠤ᠂ ᠣᠶᠢᠯᠭᠠᠭᠤᠷ᠂ ᠭᠡᠷᠡᠯᠲᠦᠯᠭᠡ ᠪᠠ ᠳᠣᠬᠢᠶᠠᠨ ᠤ ᠲᠣᠨᠣᠭᠯᠠᠯ᠂ ᠭᠠᠯ ᠰᠡᠷᠭᠡᠶᠢᠯᠡᠬᠦ ᠴᠢᠳᠠᠮᠵᠢ ᠵᠡᠷᠭᠡ ᠲᠥᠷᠥᠯ ᠵᠦᠢᠯ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠵᠦ᠂ ᠬᠢᠷᠢ ᠲᠡᠩᠴᠡᠬᠦ ᠦᠭᠡᠢ ᠲᠥᠷᠥᠯ ᠵᠦᠢᠯ ᠳᠤ ᠴᠠᠬᠢᠯᠭᠠᠨ ᠴᠡᠨᠡᠭᠯᠡᠭᠦᠷ ᠪᠠ ᠴᠠᠬᠢᠯᠭᠠᠨ ᠬᠤᠷᠢᠶᠠᠭᠤᠷ᠂ ᠢᠯᠡᠷᠬᠡᠶᠢᠯᠡᠬᠦ ᠲᠡᠮᠳᠡᠭ ᠪᠠ ᠰᠡᠷᠡᠮᠵᠢ ᠶᠢᠨ ᠦᠭᠡ᠂ ᠴᠠᠬᠢᠯᠭᠠᠨ ᠴᠡᠨᠡᠭᠯᠡᠬᠦ ᠪᠠᠶᠢᠳᠠᠯ ᠤᠨ ᠭᠤᠣᠯ ᠪᠤᠴᠠᠯ ᠤᠨ ᠬᠠᠮᠠᠭᠠᠯᠠᠯᠲᠠ᠂ ᠬᠠᠷᠢᠯᠴᠠᠨ ᠮᠡᠳᠡᠷᠡᠵᠦ ᠬᠠᠮᠵᠢᠯᠴᠠᠭᠤᠯᠤᠨ ᠴᠡᠨᠡᠭᠯᠡᠬᠦ ᠵᠡᠷᠭᠡ ᠪᠠᠭᠲᠠᠨ᠎ᠠ᠃

ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ

    ᠲᠣᠰ ᠤᠳᠠᠭᠠᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠤᠷᠠᠬᠢ ᠠᠵᠢᠯ ᠢ ᠰᠠᠶᠢᠲᠤᠷ ᠬᠢᠬᠦ ᠬᠡᠷᠡᠭᠲᠡᠶ᠄

    ︵ᠨᠢᠭᠡ︶ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠶᠢ ᠴᠢᠩᠭᠠᠳᠬᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ︽ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ᠃ ᠬᠢᠷᠢ ᠲᠡᠩᠴᠡᠬᠦ ᠦᠭᠡᠶ ᠦᠢᠯᠡᠳᠬᠦᠨ ᠳᠤ ᠬᠠᠤᠯᠢ ᠶᠣᠰᠣᠭᠠᠷ ᠪᠠᠶᠢᠴᠠᠭᠠᠨ ᠪᠢᠲᠡᠭᠦᠮᠵᠢᠯᠡᠬᠦ᠂ ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ ᠠᠪᠴᠤ᠂ ᠦᠢᠯᠡᠳᠪᠦᠷᠢᠯᠡᠵᠦ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠬᠠᠭᠤᠷᠮᠠᠭᠯᠠᠭᠰᠠᠨ ᠢᠶᠠᠷ ᠰᠡᠵᠢᠭᠯᠡᠭᠳᠡᠭᠰᠡᠨ ᠪᠣᠯ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠪᠠᠶᠢᠳᠠᠯ ᠢ ᠯᠠᠪᠯᠠᠨ ᠠᠰᠠᠭᠤᠬᠤ᠂ ᠭᠡᠷ᠎ᠡ ᠪᠠᠷᠢᠮᠲᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠨ ᠭᠡᠷᠡᠴᠢ ᠣᠯᠵᠤ᠂ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ ᠬᠢᠷᠢ ᠲᠡᠩᠴᠡᠬᠦ ᠦᠭᠡᠶ ᠦᠢᠯᠡᠳᠬᠦᠨ ᠢ ᠦᠢᠯᠡᠳᠪᠦᠷᠢᠯᠡᠵᠦ ᠪᠣᠷᠣᠯᠠᠭᠤᠯᠤᠭᠰᠠᠨ ᠨᠢᠭᠡᠴᠢ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠰᠢᠮᠳᠠᠭᠤᠯᠤᠨ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠳᠠᠪᠲᠠᠨ ᠪᠠᠶᠢᠴᠠᠭᠠᠬᠤ ᠬᠡᠷᠡᠭᠲᠡᠶ︔ ᠦᠷᠭᠦᠯᠵᠢᠯᠡᠨ ᠬᠤᠶᠠᠷ ᠤᠳᠠᠭ᠎ᠠ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠬᠦ ᠦᠭᠡᠶ ᠦᠢᠯᠡᠳᠪᠦᠷᠢᠯᠡᠯ ᠤᠨ ᠨᠢᠭᠡᠴᠢ ᠶᠢ ᠪᠣᠯᠵᠣᠨ ᠶᠠᠷᠢᠯᠴᠠᠬᠤ ᠬᠡᠷᠡᠭᠲᠡᠶ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠥᠷᠳᠡᠨ ᠰᠢᠮᠳᠠᠭᠤᠯᠤᠨ ᠬᠦᠢᠴᠡᠳᠬᠡᠬᠦ ᠪᠠᠨ ᠴᠢᠩᠭᠠᠷᠠᠭᠤᠯᠵᠤ᠂ ᠪᠠᠶᠢᠳᠠᠯ ᠢᠶᠠᠨ ᠦᠵᠡᠵᠦ ᠪᠠᠶᠢᠭᠠᠳ ᠡᠯ᠎ᠡ ᠭᠠᠵᠠᠷ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠭᠰᠡᠨ ᠪᠠᠶᠢᠳᠠᠯ ᠢ ᠮᠡᠳᠡᠭᠡᠯᠡᠨ᠎ᠡ᠃

    ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠣᠯᠤᠨ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠬᠤ ᠬᠡᠷᠡᠭᠲᠡᠶ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢᠨ ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠯ ᠤᠨ ᠨᠢᠭᠡᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠥᠮᠥᠷᠭᠡ ᠳᠤ ᠣᠷᠣᠭᠤᠯᠵᠤ ᠰᠢᠯᠭᠠᠨ ᠠᠪᠬᠤ᠂ ᠦᠢᠯᠡᠳᠪᠦᠷᠢ ᠠᠴᠠ ᠭᠠᠷᠭᠠᠬᠤ ᠶᠢ ᠰᠢᠯᠭᠠᠨ ᠪᠠᠶᠢᠴᠠᠭᠠᠬᠤ ᠵᠡᠷᠭᠡ ᠮᠡᠳᠡᠭᠡ ᠵᠠᠩᠭᠢ ᠶᠢ ᠲᠡᠮᠳᠡᠭᠯᠡᠭᠰᠡᠨ ᠪᠠᠶᠢᠳᠠᠯ᠂ ᠪᠣᠷᠣᠯᠠᠭᠤᠯᠬᠤ ᠨᠢᠭᠡᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠥᠮᠥᠷᠭᠡ ᠳᠤ ᠣᠷᠣᠭᠤᠯᠵᠤ ᠰᠢᠯᠭᠠᠨ ᠠᠪᠬᠤ ᠵᠡᠷᠭᠡ ᠮᠡᠳᠡᠭᠡ ᠵᠠᠩᠭᠢ ᠶᠢ ᠲᠡᠮᠳᠡᠭᠯᠡᠭᠰᠡᠨ ᠪᠠᠶᠢᠳᠠᠯ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠳᠠᠯᠳᠠ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠶ᠃

    ︵ᠭᠤᠷᠪᠠ︶ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠮᠢᠶ᠎ᠠ ᠪᠦᠬᠦᠢ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠥᠷᠨᠢᠭᠦᠯᠵᠦ᠂ ᠴᠡᠭᠴᠡᠯᠡᠨ ᠵᠠᠰᠠᠬᠤ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠳᠣᠪᠣᠶᠢᠮ᠎ᠠ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃

ᠳᠠᠭᠠᠯᠳᠤᠭᠤᠯᠤᠯ᠄ 2024 ᠣᠨ ᠤ ᠠᠩᠬᠠᠳᠠᠭᠴᠢ ᠪᠦᠯᠦᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠭᠦᠨ ᠤ ᠶᠠᠰᠤ ᠴᠢᠨᠠᠷ ᠢ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠵᠢᠴᠢ ᠦᠢᠯᠡᠳᠪᠦᠷᠢᠯᠡᠵᠦ ᠪᠣᠷᠣᠯᠠᠭᠤᠯᠤᠭᠰᠠᠨ ᠨᠢᠭᠡᠴᠢ ᠶᠢᠨ ᠨᠡᠷᠡᠰ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

                2024 ᠣᠨ ᠤ 6 ᠳ᠋ᠤᠭᠠᠷ ᠰᠠᠷ᠎ᠠ ᠶᠢᠨ 19 ᠤ ᠡᠳᠦᠷ

 

ᠢᠷᠡᠯᠲᠡ᠄ ᠲᠣᠪᠴᠢᠶ᠎ᠠ ᠶᠢᠨ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ