ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠬᠥᠳᠡᠭᠡ ᠠᠵᠤ ᠠᠬᠤᠶ ᠶᠢ ᠳᠡᠮᠵᠢᠨ ᠠᠵᠤ ᠠᠬᠤᠶᠢᠯᠠᠯ ᠢ ᠲᠤᠰᠠᠯᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/6/24

    ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠷ ᠮᠡᠳᠡᠭᠡ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠷᠭ᠎ᠠ ᠵᠠᠮ ᠢ ᠥᠷᠭᠡᠳᠬᠡᠬᠦ᠂ ᠠᠭᠤᠰᠤᠯᠴᠠᠭᠤᠯᠤᠨ ᠬᠥᠭᠵᠢᠭᠦᠯᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠭᠠᠷᠤᠭ᠎ᠠ ᠠᠴᠠ ᠲᠥᠯᠥᠪᠵᠢᠭᠦᠯᠬᠦ᠂ ᠪᠥᠬᠦ ᠲᠠᠯ᠎ᠠ ᠪᠠᠷ ᠠᠬᠢᠭᠤᠯᠬᠤ ᠶᠢ ᠪᠠᠷᠢᠮᠲᠠᠯᠠᠵᠤ᠂ ᠵᠠᠷ ᠮᠡᠳᠡᠭᠡ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ᠠᠵᠢᠯ ᠢ ᠭᠦᠨᠵᠡᠭᠡᠶ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠴᠠᠭᠤᠯᠤᠨ ᠵᠣᠯᠭᠠᠭᠤᠯᠬᠤ᠂ ᠤᠷᠤᠰᠬᠠᠯ ᠤᠨ ᠬᠡᠮᠵᠢᠶ᠎ᠡ ᠪᠠᠷ ᠳᠡᠯᠭᠡᠷᠡᠭᠦᠯᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠵᠡᠷᠭᠡ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠭᠠᠨᠬᠠᠳᠠ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠢ ᠬᠠᠪᠰᠤᠷᠤᠨ ᠪᠦᠲᠦᠭᠡᠭᠳᠡᠬᠦᠨ ᠤ ᠢᠷᠠᠭᠤ ᠠᠯᠳᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠢ ᠡᠵᠡᠯᠡᠬᠦ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠡᠶᠢᠭᠡᠮ ᠤᠨ ᠨᠥᠯᠥᠭᠡᠯᠡᠬᠦ ᠬᠦᠴᠦᠨ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠵᠠᠷ ᠤᠨ ᠦᠢᠯᠡᠰ ᠤᠨ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃

    ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ

    ᠤᠯᠠᠭᠠᠨᠬᠠᠳᠠ ᠬᠤᠲᠠ ᠵᠠᠷ ᠮᠡᠳᠡᠭᠡ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠢ ᠳᠤ ᠨᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠲᠣᠬᠢᠷᠠᠭᠤᠯᠤᠨ ᠪᠠᠶᠢᠷᠢᠯᠠᠭᠤᠯᠵᠤ᠂ ᠠᠮᠤ ᠪᠤᠳᠠᠭ᠎ᠠ᠂ ᠮᠢᠬ᠎ᠠ᠂ ᠨᠣᠭᠤᠭ᠎ᠠ᠂ ᠡᠪᠡᠰᠦ᠂ ᠰᠦ ᠵᠡᠷᠭᠡ ᠲᠠᠪᠤᠨ ᠶᠡᠭᠡ ᠭᠤᠤᠯᠯᠠᠬᠤ ᠠᠵᠤ ᠦᠢᠯᠡᠰ ᠪᠠ ᠬᠢᠲᠠᠳ ᠡᠮ ᠤᠨ ᠮᠠᠲ᠋ᠧᠷᠢᠶᠠᠯ᠂ ᠰᠢᠬᠢᠷ ᠯᠤᠤᠪᠠᠩ᠂ ᠱᠦᠭᠦᠷ ᠡᠪᠡᠰᠦ᠂ ᠠᠯᠠᠰᠢᠨ ᠡᠯᠵᠢᠭᠡ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂  ︽ᠤᠯᠠᠭᠠᠨᠬᠠᠳᠠ ᠶᠢᠨ ᠦᠨᠦᠷ ᠠᠮᠲᠠ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠬᠠᠮᠤᠷᠤᠭᠰᠠᠨ ᠪᠦᠬᠦ ᠲᠥᠷᠥᠯ ᠵᠦᠢᠯ ᠤᠨ ᠪᠦᠬᠦ ᠬᠡᠯᠬᠢᠶᠡᠨ ᠤ ᠪᠦᠲᠦᠭᠡᠭᠳᠡᠬᠦᠨ ᠢᠶᠠᠷ ᠲᠦᠰᠢᠭ ᠪᠣᠯᠭᠠᠵᠤ᠂ ᠵᠠᠷ ᠮᠡᠳᠡᠭᠡ ᠶᠢᠨ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠤᠯᠠᠭᠠᠨᠬᠠᠳᠠ ᠶᠢᠨ ᠬᠠᠮ ᠵᠠᠭᠤᠴᠢᠯᠠᠭᠤᠷ ᠤᠨ ᠲᠥᠪ᠂ ᠵᠠᠷ ᠮᠡᠳᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠨ᠎ᠡ ᠵᠠᠭᠤᠴᠢᠯᠠᠭᠤᠷ ᠤᠨ ᠲᠠᠪᠴᠠᠩ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠵᠡᠷᠭᠡ ᠨᠢᠭᠡᠴᠢ ᠶᠢ ᠪᠦᠬᠦ ᠲᠠᠯ᠎ᠠ ᠪᠠᠷ ᠳᠠᠶᠢᠴᠢᠯᠠᠵᠤ᠂ ᠵᠠᠷ ᠮᠡᠳᠡᠭᠡ ᠶᠢᠨ ᠪᠦᠲᠦᠭᠡᠯᠴᠢ ᠵᠢᠷᠤᠭ ᠲᠥᠯᠥᠪᠯᠡᠵᠦ ᠦᠢᠯᠡᠳᠬᠦ᠂ ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ ᠤᠬᠠᠭᠠᠯᠠᠵᠤ ᠰᠡᠳᠦᠬᠦ᠂ ᠵᠠᠷ ᠮᠡᠳᠡᠭᠡ ᠨᠡᠶᠢᠲᠡᠯᠡᠵᠦ ᠳᠡᠯᠭᠡᠷᠡᠭᠦᠯᠬᠦ ᠵᠡᠷᠭᠡ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠨ᠂ ᠤᠯᠠᠭᠠᠨᠬᠠᠳᠠ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠨᠡᠷᠡᠲᠦ ᠲᠡᠮᠳᠡᠭᠲᠦ ᠶᠢ ᠡᠭᠦᠳᠴᠦ᠂ ᠪᠦᠬᠦ ᠲᠠᠯ᠎ᠠ ᠪᠠᠷ᠂ ᠭᠦᠨ ᠳᠠᠪᠬᠤᠷᠭ᠎ᠠ᠂ ᠣᠯᠠᠨ ᠠᠷᠭ᠎ᠠ ᠵᠠᠮ ᠢᠶᠠᠷ ᠪᠦᠲᠦᠭᠡᠭᠳᠡᠬᠦᠨ ᠢ ᠳᠡᠯᠭᠡᠨ ᠲᠠᠨᠢᠯᠴᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠦᠲᠦᠭᠡᠭᠳᠡᠬᠦᠨ ᠤ ᠠᠯᠳᠠᠷᠰᠢᠯ᠂ ᠨᠡᠮᠡᠯᠲᠡ ᠥᠷᠲᠡᠭ᠂ ᠨᠥᠯᠥᠭᠡᠯᠡᠬᠦ ᠬᠦᠴᠦᠨ ᠢ ᠦᠨᠡᠨ ᠬᠦ ᠳᠡᠭᠡᠭᠰᠢᠯᠡᠭᠦᠯᠪᠡ᠃

    ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠪᠠ

    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠬᠥᠲᠥᠯᠥᠨ ᠳᠠᠭᠠᠭᠤᠯᠬᠤ ᠦᠢᠯᠡᠳᠦᠯ ᠢᠶᠠᠷ ᠴᠢᠩᠭ᠎ᠠ᠂ ᠪᠦᠲᠦᠭᠡᠭᠳᠡᠬᠦᠨ ᠤ ᠣᠨᠴᠠᠯᠢᠭ ᠢᠶᠠᠷ ᠢᠯᠡ ᠲᠣᠳᠣ ᠠᠵᠤ ᠠᠬᠤᠶᠢᠯᠠᠯ ᠢ ᠰᠢᠯᠢᠨ ᠰᠣᠩᠭᠤᠵᠤ ᠭᠤᠤᠯ ᠬᠦᠴᠦᠨ ᠪᠣᠯᠭᠠᠵᠤ᠂ ᠡᠭᠦᠨ ᠤ ᠬᠠᠮᠲᠤ ᠪᠦᠲᠦᠭᠡᠯᠴᠢ ᠴᠢᠳᠠᠪᠤᠷᠢ ᠪᠠᠷ ᠴᠢᠩᠭ᠎ᠠ ᠵᠠᠷ ᠮᠡᠳᠡᠭᠡ ᠶᠢᠨ ᠡᠵᠡᠩᠨᠡᠯᠲᠡ ᠶᠢᠨ ᠭᠤᠤᠯ ᠴᠣᠭᠴᠠ ᠬᠢᠭᠡᠳ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠵᠣᠯᠭᠠᠭᠤᠯᠬᠤ ᠶᠢ ᠢᠳᠡᠪᠬᠢᠲᠡᠢ ᠵᠣᠬᠢᠴᠠᠭᠤᠯᠵᠤ᠂ ᠪᠦᠲᠦᠭᠡᠯᠴᠢ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠬᠠᠪᠰᠤᠷᠤᠨ ᠲᠠᠨᠢᠯᠴᠠᠭᠤᠯᠬᠤ ᠪᠦᠲᠦᠭᠡᠯ ᠢ ᠦᠢᠯᠡᠳᠴᠦ᠂ ᠵᠠᠷ ᠮᠡᠳᠡᠭᠡᠨ ᠤ ᠠᠵᠤ ᠦᠢᠯᠡᠰ ᠬᠢᠭᠡᠳ ᠣᠷᠣᠨ ᠪᠦᠰᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠥᠭᠦᠷᠭᠡ ᠬᠤᠯᠪᠣᠭᠠᠰᠤ ᠪᠠᠶᠢᠭᠤᠯᠵᠤ ᠬᠤᠤᠰ ᠴᠢᠭᠯᠡᠯ ᠢᠶᠠᠷ ᠠᠬᠢᠭᠤᠯᠬᠤ ᠶᠢ ᠰᠠᠶᠢᠲᠤᠷ ᠬᠢᠬᠦ ᠶᠢᠨ ᠬᠠᠮᠲᠤ᠂ ᠪᠦᠲᠦᠭᠡᠯᠴᠢ ᠵᠢᠷᠤᠭ ᠲᠥᠯᠥᠪᠯᠡᠭᠡ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠵᠠᠷ ᠮᠡᠳᠡᠭᠡ ᠨᠡᠶᠢᠲᠡᠯᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠵᠠᠰᠠᠭ ᠵᠠᠬᠢᠷᠭᠠᠨ ᠤ ᠵᠢᠯᠣᠭᠤᠳᠣᠯᠭ᠎ᠠ ᠬᠠᠩᠭᠠᠵᠤ᠂ ᠬᠥᠳᠡᠭᠡ ᠠᠵᠤ ᠠᠬᠤᠢ ᠶᠢ ᠳᠡᠮᠵᠢᠬᠦ ᠵᠠᠷ ᠮᠡᠳᠡᠭᠡ ᠶᠢᠨ ᠪᠦᠲᠦᠭᠡᠯ ᠤᠨ ᠲᠣᠭᠲᠠᠭᠠᠯ ᠳᠤ ᠨᠡᠶᠢᠴᠡᠬᠦ ᠴᠢᠨᠠᠷ ᠲᠤ ᠬᠠᠨᠳᠤᠯᠭ᠎ᠠ ᠲᠠᠢ ᠪᠠᠷ ᠵᠢᠯᠣᠭᠤᠳᠤᠯᠭ᠎ᠠ ᠬᠠᠩᠭᠠᠵᠤ᠂ ᠵᠠᠷ ᠮᠡᠳᠡᠭᠡ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ᠳᠤ ᠣᠷᠣᠯᠴᠠᠭᠰᠠᠨ ᠨᠢᠭᠡᠴᠢ ᠶᠢᠨ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠪᠠᠶᠢᠳᠠᠯ ᠪᠠ ᠦᠢᠯᠡᠳᠬᠦᠨ ᠤ ᠣᠨᠴᠠᠯᠢᠭ ᠢ ᠦᠨᠳᠦᠰᠦᠯᠡᠨ ᠤᠨᠴᠠᠯᠢᠬᠳᠤ ᠦᠢᠯᠡᠳᠬᠦᠨ ᠢᠶᠠᠨ ᠤᠬᠠᠭᠤᠯᠤᠨ ᠳᠡᠯᠭᠡᠨ ᠦᠵᠡᠭᠦᠯᠬᠦ ᠶᠢ ᠳᠠᠶᠢᠴᠢᠯᠠᠪᠠ᠃

    ᠣᠳᠣᠬᠠᠨ ᠳᠤ᠂ ᠠᠤᠬᠠᠨ ᠤ ᠨᠠᠷᠢᠮᠤ᠂ ᠯᠢᠨᠰᠢ ᠶᠢᠨ ᠡᠯᠳᠡᠪ ᠠᠮᠤ᠂ ᠳᠠᠯᠠᠶᠢᠨᠠᠭᠤᠷ ᠤᠨ ᠬᠤᠸᠠ ᠽᠢ ᠵᠢᠭᠠᠰᠤ᠂ ᠪᠠᠭᠠᠷᠢᠨ ᠵᠡᠭᠦᠨ ᠬᠤᠰᠢᠭᠤᠨ ᠤ ᠱᠦᠭᠦᠷ ᠡᠪᠡᠰᠦ᠂ ᠣᠩᠨᠢᠭᠤᠳ ᠬᠤᠰᠢᠭᠤᠨ ᠤ ᠰᠠᠩᠰᠠᠨ ᠴᠡᠴᠡᠭ ᠵᠡᠷᠭᠡ ᠬᠥᠳᠡᠭᠡ ᠠᠵᠤ ᠠᠬᠤᠢ ᠶᠢ ᠳᠡᠮᠵᠢᠬᠦ ᠵᠠᠷ ᠮᠡᠳᠡᠭᠡᠨ ᠤ ᠪᠦᠲᠦᠭᠡᠯ ᠨᠢ ᠲᠥᠪ ᠲᠧᠯᠸᠢᠰ ᠤᠨ ᠰᠤᠪᠠᠭ᠂ ᠪᠡᠭᠡᠵᠢᠩ ᠤᠨ ᠣᠳᠣᠨ ᠲᠧᠯᠸᠢᠰ᠂ ᠥᠪᠥᠷ ᠮᠣᠩᠭᠤᠯ ᠤᠨ ᠣᠳᠣᠨ ᠲᠧᠯᠸᠢᠰ ᠵᠡᠷᠭᠡ ᠭᠤᠣᠯ ᠵᠠᠭᠤᠴᠢᠯᠠᠭᠤᠷ ᠲᠤ ᠨᠡᠪᠲᠡᠷᠡᠭᠦᠯᠵᠡᠢ᠃ ︽ᠤᠯᠠᠭᠠᠨᠬᠠᠳᠠ ᠶᠢᠨ ᠦᠨᠦᠷ ᠠᠮᠲᠠ︾ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠤᠭᠰᠠᠨ ᠵᠠᠷ ᠮᠡᠳᠡᠭᠡ ᠨᠢᠭᠡᠨᠲᠡ ᠤᠯᠠᠭᠠᠨᠬᠠᠲᠠ ᠠᠴᠠ ᠭᠠᠷᠴᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠪᠤᠰᠤᠳ ᠮᠤᠵᠢ ᠬᠤᠲᠠ ᠳᠤ ᠬᠠᠨᠳᠤᠯᠭᠠᠲᠤ ᠴᠢᠨᠠᠷᠲᠠᠶ ᠤᠬᠠᠭᠤᠯᠭ᠎ᠠ ᠬᠢᠵᠦ᠂ 48 ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠠᠵᠢᠯᠲᠠᠨ ᠨᠢ ᠨᠢᠭᠡᠨᠲᠡ ᠲᠢᠭ᠋ ᠲᠤᠭ᠂ ᠪᠤᠰᠢᠭᠤ ᠭᠠᠷ ᠤᠨ ᠲᠠᠪᠴᠠᠩ ᠳᠤ ᠣᠷᠣᠵᠤ ᠰᠢᠭᠤᠳ ᠨᠡᠪᠲᠡᠷᠡᠭᠦᠯᠵᠦ ᠪᠣᠷᠣᠯᠠᠭᠤᠯᠪᠠ᠃ ᠤᠯᠠᠨ ᠠᠷᠭ᠎ᠠ ᠵᠠᠮ᠂ ᠥᠨᠳᠥᠷ ᠳᠠᠪᠲᠠᠮᠵᠢ᠂ ᠤᠯᠠᠨ ᠬᠠᠷᠠᠭᠠᠰᠤ ᠪᠠᠷ ᠬᠥᠳᠡᠭᠡ ᠠᠵᠤ ᠠᠬᠤᠢ ᠶᠢ ᠳᠡᠮᠵᠢᠬᠦ ᠵᠢᠭᠰᠠᠭᠠᠯ ᠤᠨ ᠤᠬᠠᠭᠤᠯᠭ᠎ᠠ ᠶᠢᠨ ᠵᠠᠭᠪᠤᠷ ᠢᠶᠠᠷ ᠳᠠᠮᠵᠢᠭᠤᠯᠵᠤ᠂ ᠪᠦᠲᠦᠭᠡᠭᠳᠡᠬᠦᠨ ᠤ ᠲᠦᠷᠢ ᠲᠥᠷᠬᠦ ᠶᠢ ᠨᠡᠩ ᠶᠡᠭᠡ ᠬᠡᠪᠴᠢᠶ᠎ᠡ ᠪᠠᠷ ᠥᠷᠭᠡᠨ ᠤᠯᠠᠨ ᠦᠵᠡᠭᠴᠢᠳ ᠲᠤ ᠬᠦᠷᠭᠡᠵᠦ᠂ ᠨᠡᠩ ᠤᠯᠠᠨ ᠦᠵᠡᠭᠴᠢᠳ ᠲᠤ ᠤᠯᠠᠭᠠᠨᠬᠠᠳᠠ ᠶᠢ ᠣᠶᠢᠯᠠᠭᠠᠭᠤᠯᠵᠤ᠂ ᠤᠯᠠᠭᠠᠨᠬᠠᠳᠠ ᠶᠢ ᠪᠠᠭ᠋ᠠᠷᠬᠠᠬᠤ ᠬᠡᠷᠡᠭᠯᠡᠭᠡᠨ ᠤ ᠪᠠᠶᠢᠳᠠᠯ ᠢ ᠡᠭᠦᠳᠴᠦ᠂ ᠵᠠᠷ ᠮᠡᠳᠡᠭᠡ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃

    ᠣᠯᠠᠨ ᠲᠠᠯ᠎ᠠ ᠨᠢᠭᠲᠠ ᠬᠠᠮᠵᠢᠯᠴᠠᠵᠤ᠂ ᠬᠦᠴᠦᠨ ᠣᠯᠭᠤᠭᠰᠠᠨ ᠦᠷ᠎ᠡ ᠪᠦᠲᠦᠮᠵᠢ ᠢᠯᠡᠳᠲᠡ ᠪᠣᠯᠪᠠ

    ᠬᠤᠲᠠ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠷ ᠮᠡᠳᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠱᠠᠲᠤᠨ ᠤ ᠵᠠᠭᠤᠴᠢᠯᠠᠭᠤᠷ ᠵᠢᠴᠢ ᠲᠠᠪᠴᠠᠩ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠭᠦᠨᠵᠡᠭᠡᠢ ᠬᠠᠮᠲᠤᠷᠠᠯᠴᠠᠬᠤ ᠪᠠᠷ ᠳᠠᠮᠵᠢᠭᠤᠯᠤᠨ᠂ ᠤᠯᠠᠭᠠᠨᠬᠠᠳᠠ ᠳᠤ ᠨᠢᠭᠡᠨᠲᠡ ᠠᠤᠬᠠᠨ ᠤ ᠨᠠᠷᠢᠮᠤ᠂ ᠯᠢᠨᠰᠢ ᠶᠢᠨ ᠡᠯᠳᠡᠪ ᠠᠮᠤ᠂ ᠠᠷᠤ ᠬᠤᠷᠴᠢᠨ ᠬᠤᠰᠢᠭᠤᠨ ᠤ ᠨᠣᠭᠤᠭᠠᠨ ᠪᠤᠷᠴᠠᠭ᠂ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠵᠡᠷᠭᠡ 24 ᠠᠵᠤ ᠠᠬᠤᠶᠢᠯᠠᠯ ᠤᠨ 36 ᠲᠥᠷᠥᠯ ᠤᠨ ᠪᠦᠲᠦᠭᠡᠭᠳᠡᠬᠦᠨ ᠢ 2024 ᠣᠨ ᠤ ᠵᠠᠷ ᠮᠡᠳᠡᠭᠡ ᠪᠠᠷ ᠬᠥᠳᠡᠭᠡ ᠠᠵᠤ ᠠᠬᠤᠢ ᠶᠢ ᠳᠡᠮᠵᠢᠵᠦ ᠠᠵᠤ ᠠᠬᠤᠶᠢᠯᠠᠯ ᠢ ᠲᠤᠰᠠᠯᠠᠬᠤ ᠵᠢᠭᠰᠠᠭᠠᠯ ᠳᠤ ᠣᠷᠣᠭᠤᠯᠵᠤ᠂ ᠵᠢᠭᠰᠠᠭᠠᠯ ᠢᠶᠠᠷ ᠤᠬᠠᠭᠤᠯᠤᠨ ᠲᠠᠨᠢᠯᠴᠠᠭᠤᠯᠬᠤ ᠪᠠᠷ ᠳᠠᠮᠵᠢᠭᠤᠯᠤᠨ᠂ ᠤᠯᠠᠭᠠᠨᠬᠠᠳᠠ ᠶᠢᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠤᠯᠠᠭᠠᠨᠬᠠᠳᠠ ᠶᠢᠨ ᠦᠨᠦᠷ ᠠᠮᠲᠠ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠥᠷᠲᠡᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ᠂ ᠵᠠᠷ ᠮᠡᠳᠡᠭᠡᠨ ᠤ ᠦᠢᠯᠡᠰ ᠪᠠ ᠲᠠᠷᠢᠶᠠᠯᠠᠩ ᠮᠠᠯ ᠠᠵᠤ ᠠᠬᠤᠢ ᠶᠢᠨ ᠬᠠᠷᠢᠯᠴᠠᠨ ᠠᠬᠢᠭᠤᠯᠬᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ