ᠥᠪᠥᠷ ᠮᠣᠩᠭᠤᠯ ᠤᠨ ᠨᠠᠢᠮᠠᠨ ᠰᠠᠯᠠᠭ᠎ᠠ ᠮᠥᠴᠢᠷ ᠬᠠᠮᠲᠤᠷᠠᠨ ︽ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠢ ᠠᠮᠢᠳᠤᠯᠢᠭᠵᠢᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/6/25

    ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠲᠤᠰᠬᠠᠶ ᠠᠵᠢᠯᠯᠠᠭᠠᠨ ᠤ ᠲᠥᠰᠦᠯ ︵2023 ᠤᠨ - 2025 ᠣᠨ︶︾ ᠪᠣᠯᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠳᠤ ᠬᠦᠴᠦᠨ ᠨᠡᠮᠡᠷᠢᠯᠡᠬᠦ ᠢᠨᠵᠧᠨᠧᠷᠢᠩ ᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠢ ᠠᠮᠢᠳᠤᠯᠢᠭᠵᠢᠭᠤᠯᠬᠤ ᠠᠵᠢᠯ ᠢ ᠦᠨᠡᠨ ᠬᠦ ᠰᠠᠶᠢᠲᠤᠷ ᠬᠢᠵᠦ᠂ ᠲᠤᠰᠬᠠᠶ ᠠᠰᠢᠭ ᠤᠨ ᠨᠡᠮᠡᠭᠳᠡᠯ ᠢ ᠰᠢᠯᠢᠳᠡᠭᠵᠢᠭᠦᠯᠦᠨ᠂ ᠲᠤᠰᠬᠠᠶ ᠠᠰᠢᠭ ᠤᠨ ᠠᠵᠤ ᠦᠢᠯᠡᠰᠵᠢᠯᠲᠡ ᠶᠢ ᠲᠦᠷᠭᠡᠳᠬᠡᠬᠦ ᠶᠢᠨ ᠲᠥᠯᠥᠭᠡ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠤᠨ ︽ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠢ ᠠᠮᠢᠳᠤᠯᠢᠭᠵᠢᠭᠤᠯᠬᠤ ᠠᠵᠢᠯ ᠤᠨ ᠲᠥᠰᠥᠯ︾ ᠳᠤ ᠬᠠᠷᠭᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ ᠠᠴᠠ ᠬᠠᠮᠲᠤᠷᠠᠨ ︽ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠢ ᠠᠮᠢᠳᠤᠯᠢᠭᠵᠢᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ︵ᠳᠣᠷᠣᠭᠰᠢ ︽ᠠᠵᠢᠯ ᠤᠨ ᠬᠤᠪᠢᠶᠠᠷᠢᠯᠠᠯ ᠤᠨ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠪᠥᠬᠦ ᠣᠷᠣᠨ ᠤ ᠲᠤᠰᠬᠠᠶ ᠠᠰᠢᠭ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠶᠢ ᠶᠡᠬᠡᠪᠡᠷ ᠠᠬᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ ᠶᠤᠮ᠃

    ︽ᠠᠵᠢᠯ ᠤᠨ ᠬᠤᠪᠢᠶᠠᠷᠢᠯᠠᠯ ᠤᠨ ᠲᠥᠰᠦᠯ︾ ᠨᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠯᠡᠳᠡᠭᠡᠯ ᠲᠤᠰᠬᠠᠶ ᠠᠰᠢᠭ ᠢ ᠠᠮᠢᠳᠤᠯᠢᠭᠵᠢᠭᠤᠯᠬᠤ ᠠᠵᠢᠯ ᠢ ᠠᠬᠢᠭᠤᠯᠬᠤ ᠶᠢᠨ ᠲᠣᠭᠤᠷᠢᠨ ᠳᠤ᠂ ᠳᠥᠷᠪᠡᠨ ᠵᠦᠢᠯ ᠤᠨ ᠭᠤᠤᠯ ᠡᠭᠦᠷᠭᠡ ᠶᠢ ᠲᠣᠳᠣᠷᠬᠠᠶᠢᠯᠠᠪᠠ᠃

    ᠨᠢᠭᠡ ᠳᠤ ᠪᠥᠬᠦ ᠲᠠᠯ᠎ᠠ ᠪᠠᠷ ᠪᠦᠷᠢᠳᠬᠡᠨ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠤᠰᠬᠠᠢ ᠠᠰᠢᠭ ᠤᠨ ᠬᠠᠳᠠᠭᠠᠯᠠᠯᠲᠠ ᠶᠢᠨ ᠰᠠᠭᠤᠷᠢ ᠬᠥᠮᠥᠷᠭᠡ ᠶᠢ ᠪᠠᠶᠢᠭᠤᠯᠤᠨ᠎ᠠ᠃ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠢᠯᠣᠭᠤᠳᠤᠨ ᠤᠯᠤᠰ ᠤᠨ ᠲᠤᠰᠬᠠᠶ ᠠᠰᠢᠭ ᠤᠨ ᠵᠠᠮᠴᠢᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ 2023 ᠣᠨ ᠤ ᠡᠴᠦᠰ ᠠᠴᠠ ᠡᠮᠦᠨ᠎ᠡ ᠡᠷᠬᠡ ᠣᠯᠭᠤᠭᠰᠠᠨ ᠦᠯᠡᠳᠡᠭᠡᠯ ᠲᠤᠰᠬᠠᠶ ᠠᠰᠢᠭ ᠢ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠡᠭᠦᠳᠦᠭᠴᠢ ᠥᠪᠡᠷ ᠢ ᠪᠠᠨ ᠦᠨᠡᠯᠡᠬᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠥᠪᠯᠡᠷᠡᠭᠦᠯᠦᠨ ᠦᠨᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢᠶᠠᠷ ᠨᠡᠯᠢᠶᠡᠳ ᠶᠡᠭᠡ᠂ ᠠᠵᠤ ᠠᠬᠤᠶ ᠶᠢᠨ ᠥᠷᠲᠡᠭ ᠢᠶᠠᠷ ᠨᠡᠯᠢᠶᠡᠳ ᠥᠨᠳᠥᠷ ᠲᠤᠰᠬᠠᠶ ᠠᠰᠢᠭ ᠢ ᠬᠥᠮᠥᠷᠭᠡ ᠳᠤ ᠣᠷᠣᠭᠤᠯᠤᠨ᠎ᠠ᠃ 2024 ᠣᠨ ᠵᠢᠴᠢ ᠬᠤᠶᠢᠰᠢᠳᠠ ᠡᠷᠬᠡ ᠣᠯᠭᠤᠭᠰᠠᠨ ᠲᠤᠰᠬᠠᠶ ᠠᠰᠢᠭ ᠢ ᠴᠠᠭ ᠲᠤᠬᠠᠶ ᠳᠤᠨᠢ ᠪᠦᠷᠢᠳᠬᠡᠬᠦ ᠬᠡᠪᠴᠢᠶᠡᠨ ᠳᠤ ᠣᠷᠣᠭᠤᠯᠵᠤ᠂ ᠲᠣᠭᠠᠯᠠᠨ ᠪᠦᠷᠢᠳᠬᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠭᠦᠯᠵᠢᠯᠡᠨ ᠥᠷᠨᠢᠭᠦᠯᠦᠨ᠎ᠡ᠃

    ᠬᠤᠶᠠᠷ ᠲᠤ ᠵᠠᠬ᠎ᠠ ᠳᠡᠯᠭᠡᠭᠦᠷ ᠢᠶᠠᠷ ᠦᠨᠡᠯᠡᠭᠦᠯᠵᠦ᠂ ᠲᠤᠰᠬᠠᠢ ᠠᠰᠢᠭ ᠢ ᠬᠤᠪᠢᠷᠠᠭᠤᠯᠬᠤ ᠡᠬᠢ ᠪᠠᠶᠠᠯᠢᠭ ᠤᠨ ᠬᠥᠮᠥᠷᠭᠡ ᠶᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠦᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠣᠨᠴᠠᠭᠠᠢ ᠰᠢᠨ᠎ᠡ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠵᠤ ᠵᠠᠬ᠎ᠠ ᠳᠡᠯᠭᠡᠭᠦᠷ ᠤᠨ ᠦᠨᠡᠯᠡᠯᠲᠡ ᠶᠢ ᠥᠷᠨᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠳᠣᠲᠣᠭᠠᠳᠤ ᠶᠢᠨ ᠲᠤᠰᠬᠠᠢ ᠮᠡᠷᠭᠡᠵᠢᠯᠲᠡᠨ ᠢ ᠲᠠᠨᠢᠯᠴᠠᠭᠤᠯᠤᠨ ᠲᠤᠰᠬᠠᠢ ᠠᠰᠢᠭ ᠤᠨ ᠦᠨᠡᠯᠡᠯᠲᠡ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠲᠤᠰᠬᠠᠢ ᠠᠰᠢᠭ ᠤᠨ ᠠᠵᠤ ᠦᠢᠯᠡᠰᠵᠢᠯᠲᠡ ᠶᠢᠨ ᠠᠯᠤᠰ ᠤᠨ ᠲᠥᠯᠥᠪ᠂ ᠮᠡᠷᠭᠡᠵᠢᠯ ᠢ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢᠨ ᠬᠦᠰᠡᠯ ᠡᠷᠡᠮᠡᠯᠵᠡᠯ ᠢ ᠦᠨᠡᠯᠡᠨ ᠵᠢᠱᠢᠯᠲᠡ ᠬᠢᠬᠦ ᠶᠢᠨ ᠬᠠᠮᠲᠤ᠂ ᠦᠷ᠎ᠡ ᠳ᠋ᠦᠩ ᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠬᠠᠷᠢᠭᠤ ᠲᠤᠰᠬᠠᠨ᠎ᠠ᠃

    ᠭᠤᠷᠪᠠ ᠳᠤ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠨᠳᠥᠷ ᠥᠷᠲᠡᠭᠲᠦ ᠲᠤᠰᠬᠠᠶ ᠠᠰᠢᠭ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠡᠭᠡᠷᠡᠬᠢ ᠲᠤᠰᠬᠠᠶ ᠠᠰᠢᠭ ᠢ ᠬᠤᠪᠢᠷᠠᠭᠤᠯᠬᠤ ᠡᠬᠢ ᠪᠠᠶᠠᠯᠢᠭ ᠤᠨ ᠬᠥᠮᠥᠷᠭᠡ ᠲᠤ ᠲᠦᠰᠢᠭᠯᠡᠨ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠯᠤᠭ᠎ᠠ ᠬᠡᠪᠰᠢᠵᠢᠭᠰᠡᠨ ᠵᠣᠯᠭᠠᠭᠤᠯᠵᠤ ᠳᠡᠯᠭᠡᠷᠡᠭᠦᠯᠬᠦ ᠶᠢ ᠥᠷᠨᠢᠭᠦᠯᠦᠨ᠎ᠡ᠃ ᠮᠡᠷᠭᠡᠵᠢᠯ ᠤᠨ ᠰᠢᠯᠭᠠᠨ ᠭᠡᠷᠡᠴᠢᠯᠡᠬᠦ ᠪᠠ ᠪᠣᠯᠪᠠᠰᠤᠷᠠᠩᠭᠤᠶ ᠪᠣᠯᠭᠠᠬᠤ᠂ ᠵᠠᠮ ᠤᠨ ᠲᠣᠭᠯᠠᠯᠲᠠ ᠪᠠᠷ ᠲᠠᠨᠢᠯᠴᠠᠭᠤᠯᠬᠤ᠂ ᠠᠷᠠᠯᠵᠢᠶ᠎ᠠ ᠨᠡᠶᠢᠯᠡᠭᠦᠯᠬᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠥᠨᠳᠥᠷ ᠦᠨ᠎ᠡ ᠥᠷᠲᠡᠭ ᠲᠠᠢ ᠲᠤᠰᠬᠠᠢ ᠠᠰᠢᠭ ᠲᠤ ᠴᠢᠭᠯᠡᠭᠦᠯᠦᠨ᠂ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠵᠣᠬᠢᠴᠠᠭᠤᠯᠤᠨ ᠵᠣᠯᠭᠠᠭᠤᠯᠬᠤ᠂ ᠲᠤᠰᠬᠠᠢ ᠠᠰᠢᠭ ᠶᠢᠨ ᠳᠠᠨᠵᠢᠯᠠᠭ᠎ᠠ ᠲᠠᠢ ᠪᠡᠯᠡ ᠲᠣᠬᠢᠷᠠᠭᠤᠯᠭ᠎ᠠ ᠪᠠ ᠳᠠᠭᠠᠳᠬᠠᠯ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠢ ᠦᠢᠯᠡᠴᠢᠯᠡᠭᠡ ᠵᠡᠷᠭᠡ ᠴᠢᠨᠠᠷ ᠰᠠᠶᠢᠲᠠᠢ ᠡᠬᠢ ᠪᠠᠶᠠᠯᠢᠭ ᠢ ᠵᠣᠬᠢᠴᠠᠭᠤᠯᠵᠤ᠂ ᠲᠦᠷᠭᠡᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠦᠯᠡᠳᠡᠭᠡᠯ ᠲᠤᠰᠬᠠᠶ ᠠᠰᠢᠭ ᠢᠶᠠᠨ ᠰᠢᠯᠵᠢᠭᠦᠯᠦᠨ ᠥᠭᠬᠦ ᠵᠥᠪᠰᠢᠶᠡᠷᠡᠯ ᠢᠶᠠᠨ ᠪᠡᠶᠡᠯᠡᠭᠦᠯᠦᠭᠰᠡᠨ ᠢ ᠨᠢ ᠴᠠᠭ ᠲᠤᠬᠠᠶ ᠳᠤᠨᠢ ᠬᠠᠤᠯᠢ ᠶᠣᠰᠣᠭᠠᠷ ᠳᠠᠩᠰᠠᠯᠠᠭᠤᠯᠬᠤ ᠬᠡᠷᠡᠭᠲᠡᠶ᠃

    ᠲᠦᠷᠪᠡ ᠳᠤ ᠣᠨᠣᠪᠴᠢᠲᠠᠢ ᠵᠣᠯᠭᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ ᠲᠤᠰᠬᠠᠢ ᠠᠰᠢᠭ ᠤᠨ ᠨᠡᠮᠡᠭᠳᠡᠯ ᠢ ᠰᠢᠯᠢᠳᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠬᠠᠷᠢᠭᠤ ᠲᠤᠰᠬᠠᠭᠰᠠᠨ ᠮᠡᠷᠭᠡᠵᠢᠯ ᠢ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢᠨ ᠬᠡᠷᠡᠭᠴᠡᠭᠡ ᠱᠠᠭᠠᠷᠳᠠᠯᠭ᠎ᠠ᠂ ᠢᠯᠠᠩᠭᠤᠶ᠎ᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠴᠢᠬᠤᠯᠠ ᠶᠡᠭᠡ ᠬᠡᠷᠡᠭᠯᠡᠭᠡᠨ ᠤ ᠠᠯᠤᠰ ᠢᠷᠡᠭᠡᠳᠦᠢ ᠲᠠᠢ ᠤᠤᠭᠠᠯ ᠡᠭᠦᠳᠦᠯᠲᠡ ᠶᠢᠨ ᠮᠡᠷᠭᠡᠵᠢᠯ ᠵᠡᠷᠭᠡ ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠲᠤᠰᠬᠠᠢ ᠠᠰᠢᠭ ᠤᠨ ᠮᠡᠷᠭᠡᠵᠢᠯ ᠢ ᠰᠠᠶᠢᠵᠢᠷᠠᠭᠤᠯᠬᠤ ᠪᠤᠶᠤ ᠠᠵᠤ ᠠᠬᠤᠶᠢᠯᠠᠯ ᠯᠤᠭ᠎ᠠ ᠬᠤᠯᠪᠣᠭᠠᠯᠠᠨ ᠪᠣᠭᠤᠮᠲᠠ ᠰᠢᠪᠲᠤᠯᠵᠤ᠂ ᠵᠠᠬᠢᠶᠠᠯᠠᠭ᠎ᠠ ᠶᠢᠨ ᠮᠠᠶ᠋ᠢᠭ ᠤᠨ ᠰᠤᠳᠤᠯᠤᠨ ᠨᠡᠭᠡᠭᠡᠬᠦ ᠪᠠ ᠲᠠᠯᠪᠢᠬᠤ ᠬᠡᠯᠪᠡᠷᠢ ᠶᠢᠨ ᠰᠢᠨ᠎ᠡ ᠶᠢ ᠡᠭᠦᠳᠬᠦ ᠶᠢ ᠥᠷᠨᠢᠭᠦᠯᠵᠦ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠨᠡᠩ ᠣᠯᠠᠨ ᠥᠨᠳᠥᠷ ᠦᠨ᠎ᠡ ᠥᠷᠲᠡᠭ ᠲᠠᠢ ᠲᠤᠰᠬᠠᠢ ᠠᠰᠢᠭ ᠢ ᠪᠠᠶᠢᠷᠢᠯᠠᠭᠤᠯᠵᠤ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠦᠲᠦᠯᠦᠨ ᠵᠢᠯᠣᠭᠤᠳᠴᠤ ᠪᠠᠶᠢᠭᠠᠳ ᠤᠯᠠᠷᠢᠭᠤᠯᠤᠨ ᠬᠡᠷᠡᠭᠯᠡᠬᠦ ᠪᠠᠷ ᠵᠣᠷᠢᠯᠭ᠎ᠠ ᠪᠣᠯᠭᠠᠭᠰᠠᠨ ᠲᠤᠰᠬᠠᠢ ᠠᠰᠢᠭ ᠤᠨ ᠠᠵᠢᠯ ᠤᠨ ᠤᠳᠤᠷᠢᠳᠤᠮᠵᠢ ᠶᠢ ᠪᠠᠲᠤ ᠪᠠᠬᠢ ᠪᠣᠢ ᠪᠣᠯᠭᠠᠵᠤ᠂ ᠠᠵᠤ ᠦᠢᠯᠡᠰᠵᠢᠯᠲᠡ ᠶᠢᠨ ᠠᠯᠤᠰ ᠤᠨ ᠲᠥᠯᠥᠪ ᠢ ᠵᠠᠳᠠᠯᠬᠤ ᠪᠠᠷ ᠭᠤᠣᠯ ᠪᠣᠯᠭᠠᠭᠰᠠᠨ ᠲᠤᠰᠬᠠᠢ ᠠᠰᠢᠭ ᠢ ᠭᠤᠶᠤᠴᠢᠯᠠᠬᠤ ᠠᠴᠠ ᠡᠮᠦᠨᠡᠬᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠠᠰᠢᠭ ᠤᠨ ᠶᠠᠰᠤ ᠴᠢᠨᠠᠷ ᠢ ᠡᠬᠢ ᠡᠭᠦᠰᠦᠯ ᠠᠴᠠ ᠨᠢ ᠳᠡᠭᠡᠭᠰᠢᠯᠡᠭᠦᠯᠦᠨ᠎ᠡ᠃ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠤᠭᠠᠷ᠂ ᠲᠤᠰᠬᠠᠢ ᠠᠰᠢᠭ ᠤᠨ ᠭᠤᠶᠤᠴᠢᠯᠠᠯ ᠳᠤ ᠪᠡᠯᠡ ᠮᠦᠩᠭᠦ ᠪᠠᠷ ᠲᠤᠰᠠᠯᠠᠵᠤ ᠱᠠᠩᠨᠠᠬᠤ ᠶᠢ ᠵᠣᠭᠰᠣᠭᠠᠵᠤ᠂ ᠲᠤᠰᠬᠠᠢ ᠠᠰᠢᠭ ᠤᠨ ᠡᠷᠬᠡ ᠣᠯᠭᠤᠯᠲᠠ ᠶᠢ ᠱᠠᠩᠨᠠᠨ ᠬᠥᠬᠢᠭᠦᠯᠬᠦ ᠶᠢ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ 5 ᠵᠢᠯ ᠠᠴᠠ ᠬᠡᠲᠦᠷᠡᠭᠰᠡᠨ ᠪᠠᠶᠢᠲᠠᠯ᠎ᠠ ᠬᠡᠷᠡᠭᠵᠢᠭᠦᠯᠦᠭᠰᠡᠨ ᠦᠭᠡᠢ ᠮᠥᠷᠲᠡᠭᠡᠨ ᠵᠦᠢ ᠶᠣᠰᠣᠨ ᠤ ᠰᠢᠯᠲᠠᠭᠠᠨ ᠦᠭᠡᠢ ᠲᠤᠰᠬᠠᠢ ᠠᠰᠢᠭ ᠢ ᠤᠯᠤᠰ ᠠᠴᠠ ᠦᠨ᠎ᠡ ᠲᠥᠯᠥᠪᠦᠷᠢ ᠦᠭᠡᠢ ᠪᠠᠷ ᠬᠡᠷᠡᠭᠵᠢᠭᠦᠯᠵᠦ ᠪᠣᠯᠣᠨ᠎ᠠ᠂ ᠪᠠᠰᠠ ᠠᠵᠤ ᠠᠬᠤᠶᠢᠯᠠᠯ ᠵᠡᠷᠭᠡ ᠭᠤᠣᠯ ᠴᠣᠭᠴᠠ ᠶᠢᠨ ᠦᠨ᠎ᠡ ᠲᠥᠯᠥᠪᠦᠷᠢ ᠲᠠᠢ ᠪᠣᠶᠣ ᠦᠨ᠎ᠡ ᠲᠥᠯᠥᠪᠦᠷᠢ ᠦᠭᠡᠢ ᠪᠠᠷ ᠬᠡᠷᠡᠭᠵᠢᠭᠦᠯᠬᠦ ᠶᠢ ᠵᠥᠪᠰᠢᠶᠡᠷᠡᠵᠦ᠂ ᠥᠨᠳᠥᠷ ᠥᠷᠲᠡᠭ ᠲᠠᠢ ᠲᠤᠰᠬᠠᠢ ᠠᠰᠢᠭ ᠤᠨ ᠭᠠᠷᠭᠠᠯᠲᠠ ᠪᠠ ᠬᠡᠷᠡᠭᠵᠢᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ ᠲᠤᠰᠬᠠᠢ ᠠᠰᠢᠭ ᠢᠶᠠᠨ ᠬᠤᠪᠢᠷᠠᠭᠤᠯᠬᠤ ᠦᠷ᠎ᠡ ᠠᠰᠢᠭ ᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨᠵᠢᠯᠡᠭᠡᠨ ᠤ ᠰᠠᠯᠠᠭ᠎ᠠ ᠶᠢᠨ ᠦᠨᠡᠯᠡᠯᠲᠡ᠂ ᠪᠠᠶᠢᠭᠤᠯᠤᠮᠵᠢ ᠶᠢᠨ ᠦᠨᠡᠯᠡᠯᠲᠡ᠂ ᠲᠦᠷᠦᠯ ᠵᠦᠢᠯ ᠢ ᠬᠢᠨᠠᠨ ᠲᠣᠭᠲᠠᠭᠠᠬᠤ᠂ ᠴᠢᠳᠠᠪᠤᠷᠢᠲᠠᠨ ᠤ ᠦᠨᠡᠯᠡᠯᠲᠡ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠵᠡᠷᠭᠡ ᠦᠨᠡᠯᠡᠯᠲᠡ ᠶᠢᠨ ᠭᠦᠢᠴᠡᠳᠬᠡᠯ ᠲᠤᠭ᠎ᠠ ᠳᠤ ᠣᠷᠣᠭᠤᠯᠤᠨ᠎ᠠ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠳᠡ ᠶᠢ ᠠᠬᠢᠭᠤᠯᠬᠤ ᠭᠠᠵᠠᠷ