ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠠᠯᠠᠱᠠ ᠶᠢᠨ ᠮᠠᠯᠵᠢᠬᠤ ᠣᠷᠣᠨ ᠳᠤ ᠮᠡᠷᠭᠡᠵᠢᠯ ᠤᠨ ᠦᠢᠯᠡᠴᠢᠯᠡᠭᠡ ᠦᠷᠨᠢᠬᠦᠯᠪᠡ
ᠨᠡᠶᠢᠲᠡᠯᠡᠭᠰᠡᠨ ᠴᠠᠭ᠄
2024/6/25

    ᠮᠠᠯᠴᠢᠨ ᠭᠡᠷᠡᠯᠪᠠᠲᠤ᠄ ︽ᠳᠠᠷᠠᠭ᠎ᠠ ᠵᠢᠯ ᠪᠢ ᠪᠠᠰᠠ ᠲᠠᠨ ᠤ ᠰᠢᠷᠬᠡᠭᠯᠢᠭ ᠰᠢᠯᠭᠠᠨ ᠪᠠᠶᠢᠴᠠᠭᠠᠬᠤ ᠲᠣᠪᠴᠢᠶ᠎ᠠ ︵ᠥᠪᠥᠷ ᠮᠣᠩᠭᠤᠯ ᠤᠨ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ︶ ᠶᠢᠨ ᠰᠢᠯᠭᠠᠨ ᠪᠠᠶᠢᠴᠠᠭᠠᠯᠲᠠ ᠶᠢ ᠭᠤᠶᠤᠴᠢᠯᠠᠨ᠎ᠠ᠂ ᠬᠠᠰᠢᠯᠠ ᠲᠠ ᠨᠠᠷ ᠤᠨ ᠵᠢᠭᠠᠭᠰᠠᠨ ᠠᠷᠭ᠎ᠠ ︵ᠳᠡᠰ ᠬᠤᠪᠢᠶᠠᠨ ᠨᠣᠣᠯᠣᠭᠤᠷ ᠰᠠᠮᠨᠠᠬᠤ᠂ ᠪᠣᠭᠤᠳᠠᠯᠯᠠᠬᠤ︶ ᠪᠠᠷ ᠢᠯᠡᠭᠦᠦ ᠵᠣᠭᠤᠰ ᠬᠤᠳᠠᠯᠳᠤᠵᠤ ᠳᠡᠶᠢᠯᠬᠦ ᠶᠤᠮ ᠪᠠᠶᠢᠨ᠎ᠠ︕︾ ᠭᠡᠵᠦ ᠰᠡᠳᠬᠢᠯ ᠳᠣᠭᠳᠣᠯᠤᠨ ᠬᠡᠯᠡᠨ᠎ᠡ᠃


6-25-要闻-自治区纤维质量中心赴阿拉善牧区开展技术服务1.jpg


    ︽ᠮᠢᠨᠦ ᠨᠣᠣᠯᠣᠭᠤᠷ ᠴᠢᠨᠦᠬᠢ ᠲᠠᠢ ᠳᠡᠮᠡᠢ ᠵᠥᠷᠢᠶ᠎ᠡ ᠦᠭᠡᠢ ᠪᠠᠶᠢᠭᠠᠳ᠂ ᠦᠨ᠎ᠡ ᠬᠠᠩᠰᠢ ᠨᠢ ᠶᠠᠭᠠᠬᠢᠭᠠᠳ ᠴᠢᠨᠦᠬᠢ ᠬᠢᠷᠢ ᠥᠨᠳᠥᠷ ᠦᠭᠡᠢ ᠪᠤᠢ᠂ ᠳᠠᠷᠠᠭ᠎ᠠ ᠵᠢᠯ ᠪᠢ ᠪᠠᠰᠠ ︵ᠨᠣᠣᠯᠣᠭᠤᠷ ᠤᠨ ᠢᠮᠠᠭᠠᠨ ᠤ ᠰᠢᠷᠬᠡᠭᠯᠢᠭ ᠤᠨ ᠨᠠᠷᠢᠴᠡ ᠶᠢ ᠰᠢᠯᠭᠠᠨ ᠬᠡᠮᠵᠢᠬᠦ ᠦᠢᠯᠡᠴᠢᠯᠡᠭᠡ︶ ᠣᠷᠣᠯᠴᠠᠨ᠎ᠠ︾ ᠨᠤᠲᠤᠭ ᠤᠨ ᠠᠬ᠎ᠠ ᠳᠡᠭᠦᠦ ᠶᠢᠨ ᠢᠶᠠᠨ ᠨᠣᠣᠯᠣᠭᠤᠷ ᠶᠢᠨ ᠦᠨ᠎ᠡ ᠨᠢ ᠨᠠᠩ ᠥᠨᠳᠥᠷ ᠪᠠᠶᠢᠬᠤ ᠶᠢ ᠦᠵᠡᠭᠡᠳ᠂ ᠮᠠᠯᠴᠢᠨ ᠪᠠᠲᠤᠴᠢᠯᠠᠭᠤ ᠤᠷᠮ᠎ᠠ ᠦᠭᠡᠢ ᠪᠠᠶᠢᠪᠠ᠃


6-25-要闻-自治区纤维质量中心赴阿拉善牧区开展技术服务2.jpg


    6 ᠳ᠋ᠤᠭᠠᠷ ᠰᠠᠷ᠎ᠠ ᠳᠤ᠂ ᠢᠮᠠᠭᠠᠨ ᠨᠣᠣᠯᠣᠭᠤᠷ ᠬᠤᠳᠠᠯᠳᠤᠨ ᠠᠪᠬᠤ ᠠᠵᠢᠯ ᠣᠷᠭᠢᠯ ᠤᠨ ᠬᠤᠭᠤᠴᠠᠭᠠᠨ ᠳᠠᠭᠠᠨ ᠣᠷᠣᠵᠤ᠂ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠠᠴᠠ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠬᠤ ᠳᠤᠭᠤᠶᠢᠯᠠᠩ ᠲᠣᠮᠢᠯᠠᠨ ᠠᠯᠠᠱᠠ ᠵᠡᠭᠦᠨ ᠬᠤᠰᠢᠭᠤᠨ ᠤ ᠬᠥᠬᠡ ᠥᠨᠳᠥᠷ ᠭᠠᠴᠠᠭ᠎ᠠ ᠳᠤ ᠭᠦᠨᠵᠡᠭᠡᠶᠢᠷᠡᠭᠦᠯᠵᠦ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠨᠣᠣᠯᠣᠭᠤᠷ ᠤᠨ ᠨᠡᠶᠢᠭᠡᠮᠯᠢᠭ᠂ ᠮᠠᠯᠴᠢᠨ ᠲᠠᠷᠢᠶᠠᠴᠢᠨ ᠪᠠ ᠨᠣᠣᠯᠣᠭᠤᠷ ᠬᠤᠳᠠᠯᠳᠤᠨ ᠠᠪᠬᠤ ᠠᠵᠤ ᠠᠬᠤᠶᠢᠯᠠᠯ ᠳᠤ ᠮᠡᠷᠭᠡᠵᠢᠯ ᠤᠨ ᠦᠢᠯᠡᠴᠢᠯᠡᠭᠡ ᠬᠠᠩᠭᠠᠪᠠ᠃


6-25-要闻-自治区纤维质量中心赴阿拉善牧区开展技术服务3.jpg


    6 ᠳ᠋ᠤᠭᠠᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠠᠵᠢᠯᠯᠠᠬᠤ ᠳᠤᠭᠤᠶᠢᠯᠠᠩ ᠠᠯᠠᠱᠠ ᠵᠡᠭᠦᠨ ᠬᠤᠰᠢᠭᠤᠨ ᠤ ᠬᠡᠷ ᠤᠨ ᠲᠡᠵᠢᠭᠡᠪᠦᠷᠢ ᠶᠢᠨ ᠡᠭᠦᠯᠳᠡᠷ ᠰᠠᠶᠢᠵᠢᠷᠠᠭᠤᠯᠬᠤ ᠠᠵᠢᠯ ᠤᠨ ᠥᠷᠲᠡᠭᠡ᠂ ᠬᠤᠳᠠᠯᠳᠤᠨ ᠠᠪᠬᠤ ᠠᠵᠤ ᠠᠬᠤᠶᠢᠯᠠᠯ ᠣᠷᠳᠣᠰ ᠤᠨ ᠢᠮᠠᠭᠠᠨ ᠨᠣᠣᠯᠣᠭᠤᠷ ᠤᠨ ᠪᠦᠯᠦᠭᠯᠡᠯ ᠳᠤ 56 ᠪᠦᠯᠦᠭ ᠤᠳᠠᠭ᠎ᠠ 5.3 ᠲᠣᠨ ᠢᠮᠠᠭᠠᠨ ᠤ ᠣᠭ ᠨᠣᠣᠯᠣᠭᠤᠷ ᠤᠨ ᠨᠠᠷᠢᠴᠡ ᠶᠢᠨ ᠬᠠᠷᠢᠴᠠᠯ ᠲᠤᠭ᠎ᠠ ᠪᠠᠷᠢᠮᠲᠠ ᠶᠢ ᠬᠠᠩᠭᠠᠵᠤ᠂ ᠬᠤᠳᠠᠯᠳᠤᠨ ᠠᠪᠬᠤ ᠲᠤᠬᠠᠶ ᠶᠢᠨ ᠲᠠᠯᠠᠪᠠᠶ ᠶᠢᠨ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠪᠠᠲᠤᠯᠠᠵᠤ᠂ ᠮᠠᠯᠴᠢᠳ ᠤᠨ ᠰᠠᠶᠢᠨ ᠢᠮᠠᠭᠠᠨ ᠨᠣᠣᠯᠣᠭᠤᠷ ᠢ ᠰᠠᠶᠢᠨ ᠦᠨ᠎ᠡ ᠪᠠᠷ ᠬᠤᠳᠠᠯᠳᠤᠭᠤᠯᠪᠠ᠃ ᠮᠠᠯᠴᠢᠨ ᠭᠡᠷᠡᠯᠪᠠᠲᠤ ᠪᠠᠷ ᠵᠢᠱᠢᠶᠡᠯᠡᠪᠡᠯ᠂ 200 ᠭᠠᠷᠤᠶ ᠬᠤᠨᠢ ᠢᠮᠠᠭ᠎ᠠ ᠲᠡᠵᠢᠭᠡᠵᠦ᠂ ᠡᠨᠡ ᠵᠢᠯ ᠠᠳᠠᠯᠢ ᠪᠤᠰᠤ ᠨᠠᠷᠢᠴᠡ ᠶᠢᠨ ᠬᠡᠮᠵᠢᠶ᠎ᠡ ᠪᠠᠷ 122.2 ᠺᠢᠯᠣᠭ᠍ᠷᠠᠮ ᠨᠣᠣᠯᠣᠭᠤᠷ ᠰᠠᠮᠨᠠᠵᠤ᠂ ᠪᠣᠭᠤᠳᠠᠯᠯᠠᠵᠤ᠂ ᠭᠤᠷᠪᠠᠨ ᠪᠦᠯᠦᠭ ᠦᠯᠢᠭᠡᠷ ᠡᠳ᠋ ᠤᠨ ᠨᠠᠷᠢᠴᠡ ᠶᠢᠨ ᠬᠡᠮᠵᠢᠶ᠎ᠡ ᠨᠢ ᠲᠣᠰ ᠲᠣᠰ 13.57 ᠮᠢᠺᠷᠦᠮᠧᠲᠷ᠂ 14.47 ᠮᠢᠺᠷᠦᠮᠧᠲᠷ᠂ 14.50 ᠮᠢᠺᠷᠦᠮᠧᠲᠷ ᠪᠣᠯᠤᠨ᠎ᠠ᠃ ᠬᠤᠳᠠᠯᠳᠤᠨ ᠠᠪᠬᠤ ᠠᠵᠤ ᠠᠬᠤᠶᠢᠯᠠᠯ ᠤᠨ ᠪᠣᠯᠵᠣᠭᠰᠠᠨ ᠶᠣᠰᠣᠭᠠᠷ᠂ ᠨᠠᠷᠢᠴᠡ ᠶᠢᠨ ᠬᠡᠮᠵᠢᠶ᠎ᠡ ᠨᠢ 14 ᠮᠢᠺᠷᠤᠮᠧᠲᠷ ᠠᠴᠠ ᠪᠠᠭ᠎ᠠ ᠶᠢ ᠨᠢ ᠺᠢᠯᠣᠭ᠍ᠷᠠᠮ ᠪᠦᠷᠢ ᠳᠤ 60 ᠲᠥᠭᠦᠷᠢᠭ ᠨᠥᠬᠦᠪᠥᠷᠢᠯᠡᠵᠦ᠂ ᠨᠠᠷᠢᠴᠡ ᠶᠢᠨ ᠬᠡᠮᠵᠢᠶ᠎ᠡ ᠨᠢ 14.0 ᠠᠴᠠ 14.5 ᠮᠢᠺᠷᠤᠮᠧᠲᠷ ᠤᠨ ᠬᠤᠭᠤᠷᠣᠨᠳᠣᠬᠢ ᠨᠢ ᠺᠢᠯᠣᠭ᠍ᠷᠠᠮ ᠪᠦᠷᠢ ᠳᠤ 40 ᠲᠥᠭᠦᠷᠢᠭ ᠨᠥᠬᠦᠪᠦᠷᠢᠯᠡᠪᠡ᠃ ᠵᠥᠪᠬᠡᠨ ᠨᠠᠷᠢᠴᠡ ᠶᠢᠨ ᠬᠡᠮᠵᠢᠶᠡᠨ ᠤ ᠨᠥᠬᠦᠪᠥᠷᠢ ᠨᠢᠭᠡ ᠵᠦᠢᠯ ᠢᠶᠠᠷ ᠪᠣᠳᠣᠬᠤ ᠳᠤ᠂ ᠭᠡᠷᠡᠯᠪᠠᠲᠤ ᠶᠢᠨ ᠣᠷᠣᠯᠭ᠎ᠠ ᠨᠢ 5720 ᠲᠥᠭᠦᠷᠢᠭ ᠪᠠᠶᠢᠵᠤ᠂ ᠶᠠᠰᠤ ᠴᠢᠨᠠᠷ ᠤᠨ ᠠᠰᠢᠭ ᠲᠤᠰᠠ ᠶᠢ ᠦᠨᠡᠨ ᠬᠦ ᠭᠥᠷᠳᠡᠪᠡ᠃


6-25-要闻-自治区纤维质量中心赴阿拉善牧区开展技术服务4.jpg


    ᠡᠭᠦᠨ ᠤ ᠬᠠᠮᠲᠤ᠂ ᠨᠣᠣᠯᠣᠭᠤᠷ ᠬᠤᠳᠠᠯᠳᠤᠨ ᠠᠪᠬᠤ ᠲᠤᠬᠠᠶ ᠶᠢᠨ ᠲᠠᠯᠠᠪᠤᠷ ᠲᠤ᠂ ᠠᠵᠢᠯᠯᠠᠬᠤ ᠳᠤᠭᠤᠶᠢᠯᠠᠩ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠠᠴᠠ ᠥᠷᠨᠢᠭᠦᠯᠦᠭᠰᠡᠨ ᠨᠣᠣᠯᠣᠭᠤᠷ ᠤᠨ ᠢᠮᠠᠭᠠᠨ ᠤ ᠰᠢᠷᠬᠡᠭ ᠤᠨ ᠨᠠᠷᠢᠴᠡ ᠶᠢᠨ ᠬᠡᠮᠵᠢᠶ᠎ᠡ ᠶᠢ ᠬᠥᠳᠡᠯᠦᠩᠭᠦᠶ ᠪᠠᠷ ᠬᠢᠨᠠᠨ ᠬᠡᠮᠵᠢᠬᠦ ᠦᠢᠯᠡᠴᠢᠯᠡᠭᠡ ᠶᠢ ᠤᠯᠠᠮ ᠨᠢᠭᠡ ᠠᠯᠬᠤᠮ ᠤᠬᠠᠭᠤᠯᠵᠤ᠂ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢᠨ ᠬᠠᠮᠲᠤ ᠨᠠᠷᠢᠴᠡ ᠶᠢᠨ ᠳᠡᠰ ᠢᠶᠠᠷ ᠨᠣᠣᠯᠣᠭᠤᠷ ᠰᠠᠮᠨᠠᠵᠤ᠂ ᠪᠣᠭᠤᠳᠠᠯᠯᠠᠵᠤ᠂ ᠠᠩᠬ᠎ᠠ ᠠᠯᠬᠤᠮ ᠢᠮᠠᠭᠠᠨ ᠨᠣᠣᠯᠣᠭᠤᠷ ᠢ ᠢᠯᠭᠠᠨ ᠰᠣᠩᠭᠤᠵᠤ᠂ ᠨᠣᠣᠯᠣᠭᠤᠷ ᠤᠨ ᠴᠢᠨᠠᠷ ᠰᠠᠶᠢᠲᠠᠶ ᠦᠨ᠎ᠡ ᠰᠠᠶᠢᠲᠠᠢ ᠶᠢ ᠪᠡᠶᠡᠯᠡᠭᠦᠯᠵᠦ᠂ ᠲᠤᠬᠠᠶ ᠶᠢᠨ ᠲᠠᠯᠠᠪᠤᠷ ᠲᠤ ᠪᠠᠶᠢᠭ᠎ᠠ ᠮᠠᠯᠴᠢᠳ ᠲᠤ ᠨᠢᠭᠡᠳᠦᠯᠲᠡᠶ ᠮᠡᠳᠡᠷᠡᠭᠳᠡᠭᠰᠡᠨ ᠪᠠᠶᠢᠨ᠎ᠠ᠃

    ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠨᠢ ᠨᠣᠣᠯᠣᠭᠤᠷ ᠤᠨ ᠢᠮᠠᠭᠠᠨ ᠤ ᠰᠢᠷᠬᠡᠭ ᠤᠨ ᠨᠠᠷᠢᠴᠡ ᠶᠢᠨ ᠬᠥᠳᠡᠯᠦᠩᠭᠦᠶ ᠬᠢᠨᠠᠨ ᠬᠡᠮᠵᠢᠯᠲᠡ ᠪᠠᠷ ᠭᠠᠷᠳᠠᠴᠠ ᠪᠣᠯᠭᠠᠵᠤ᠂ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠪᠠᠷ ᠲᠤᠯᠭᠠᠭᠤᠷᠢᠯᠠᠯ ᠪᠣᠯᠭᠠᠨ᠂ ᠨᠣᠣᠯᠣᠭᠤᠷ ᠤᠨ ᠢᠮᠠᠭᠠᠨ ᠤ ᠠᠵᠤ ᠦᠢᠯᠡᠰ ᠢ ᠬᠥᠲᠥᠯᠦᠨ ᠵᠢᠯᠣᠭᠤᠳᠴᠤ ᠪᠠᠶᠢᠭᠠᠳ ᠮᠠᠯ ᠰᠦᠷᠦᠭ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠤᠳᠠᠭᠠᠯᠢ ᠪᠡᠶ᠎ᠡ ᠶᠢᠨ ᠦᠢᠯᠡᠳᠬᠦᠨ ᠤ ᠥᠷᠲᠡᠭ ᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠵᠦ᠂ ᠢᠮᠠᠭᠠᠨ ᠨᠣᠣᠯᠣᠭᠤᠷ ᠤᠨ ᠰᠢᠯᠢᠳᠡᠭ ᠴᠢᠨᠠᠷ ᠰᠠᠶᠢᠨ ᠦᠨ᠎ᠡ᠂ ᠰᠢᠯᠢᠳᠡᠭ ᠢ ᠨᠢ ᠬᠡᠷᠡᠭᠯᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠢᠮᠠᠭᠠᠨ ᠨᠣᠯᠤᠤᠷ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠳᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠯᠲᠡ ᠶᠢᠨ ᠬᠦᠴᠦᠨ ᠴᠢᠳᠠᠯ ᠢᠶᠠᠨ ᠨᠡᠮᠡᠷᠢᠯᠡᠪᠡ᠃

 

ᠢᠷᠡᠯᠲᠡ᠄ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ