ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/6/25

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠳᠠᠯᠠᠳᠤᠭᠠᠷ ᠵᠦᠢᠯ ᠤᠨ ︵ᠳᠥᠷᠪᠡ︶ ᠳ᠋ᠦ᠋ᠭᠡᠷ ᠵᠤᠷᠪᠤᠰ ᠤᠨ ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠬᠤ ᠲᠣᠭᠲᠠᠭᠠᠯ ᠤᠨ ᠪᠢᠴᠢᠭ︾ ︵ᠥᠪᠥᠷ ᠵᠠᠬ᠎ᠠ ᠬᠢᠨᠠᠯᠲᠠ ᠣᠨᠴᠠ ᠬᠦᠴᠦᠨ ᠥᠬᠡᠶ ᠪᠣᠯᠭᠠᠬᠤ ᠦᠰᠦᠭ ﹇2024﹈ 001 ᠳ᠋ᠦ᠋ᠭᠡᠷ ᠲᠣᠭᠠᠲᠤ︶ ᠢ ᠦᠨᠳᠦᠰᠦᠯᠡᠨ᠂ ᠮᠠᠨ ᠤ ᠲᠣᠪᠴᠢᠶ᠎ᠠ ᠠᠴᠠ ᠪᠤᠭᠤᠲᠤ ᠬᠤᠲᠠ ᠶᠢᠨ ᠶᠦᠨ ᠲᠦᠩ ᠪᠠᠷᠢᠯᠭ᠎ᠠ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠶᠢᠨ ᠳ᠋ᠤᠭᠠᠷᠯᠠᠯ ᠨᠢ TS2415010 — 2027 ᠪᠣᠯᠬᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾᠂ ᠵᠥᠪᠰᠢᠶᠡᠷᠡᠯ ᠤᠨ ᠲᠥᠷᠥᠯ ᠵᠦᠢᠯ᠄ ᠡᠷᠭᠦᠭᠦᠯ ᠮᠠᠰᠢᠨ ᠦᠢᠯᠡᠳᠬᠦ ︵ᠤᠭᠰᠠᠷᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠪᠠᠭᠲᠠᠨ᠎ᠠ︶᠂ ᠬᠤᠪᠢᠶᠠᠷᠢ ᠲᠥᠷᠥᠯ ᠵᠦᠢᠯ᠄ ᠡᠷᠭᠦᠭᠦᠯ ᠮᠠᠰᠢᠨ︔ ᠢ ᠬᠦᠴᠦᠨ ᠦᠭᠡᠢ ᠪᠣᠯᠭᠠᠨ᠎ᠠ᠃

     ᠲᠣᠰ ᠡᠳᠦᠷ ᠠᠴᠠ ᠡᠬᠢᠯᠡᠨ᠂ ᠬᠦᠴᠦᠨ ᠥᠬᠡᠶ ᠪᠣᠯᠭᠠᠭᠰᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠪᠠ ᠳ᠋ᠤᠭᠠᠷ ᠢ ᠬᠡᠷᠡᠭᠯᠡᠬᠦ ᠶᠢ ᠵᠣᠭᠰᠣᠭᠠᠨ᠎ᠠ᠃

    ᠡᠭᠦᠨ ᠤ ᠲᠤᠯᠠ ᠣᠨᠴᠠᠭᠠᠶᠢᠯᠠᠨ ᠵᠠᠷᠯᠠᠪᠠ᠃

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2024 ᠣᠨ ᠤ 6 ᠳ᠋ᠤᠭᠠᠷ ᠰᠠᠷ᠎ᠠ ᠶᠢᠨ 25 ᠤ ᠡᠳᠦᠷ

 

ᠢᠷᠡᠯᠲᠡ᠄ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠣᠪᠴᠢᠶ᠎ᠠ