ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠬᠡᠲᠦᠷᠡᠭᠰᠡᠨ ᠪᠣᠯ ︽ᠦᠨᠡᠮᠯᠡᠯ ᠦᠭᠡᠢ ᠪᠠᠷ ᠡᠵᠡᠩᠨᠡᠭᠰᠡᠨ︾ ᠳᠤ ᠣᠷᠣᠨ᠎ᠠ ᠤᠤ︖
ᠨᠡᠶᠢᠲᠡᠯᠡᠭᠰᠡᠨ ᠴᠠᠭ᠄
2024/6/25

    ᠴᠠᠬᠢᠯᠭᠠᠨ ᠱᠠᠲᠤ ᠶᠢᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠨᠢ ᠥᠪᠡᠰᠦᠪᠡᠨ ᠰᠢᠯᠭᠠᠨ ᠪᠠᠶᠢᠴᠠᠭᠠᠬᠤ ᠶᠢ ᠣᠷᠣᠯᠠᠵᠤ ᠪᠣᠯᠣᠨ᠎ᠠ ᠤᠤ︖ ᠳᠤᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠭᠰᠠᠨ ᠪᠣᠯ ᠥᠪᠡᠰᠦᠪᠡᠨ ᠰᠢᠯᠭᠠᠨ ᠪᠠᠶᠢᠴᠠᠭᠠᠬᠤ ᠦᠭᠡᠢ ᠪᠠᠶᠢᠵᠤ ᠪᠣᠯᠣᠨ᠎ᠠ ᠦᠦ︖

    ᠬᠠᠷᠢᠭᠤᠯᠲᠠ᠄ ᠪᠣᠯᠬᠤ ᠦᠭᠡᠢ᠃ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ᠶᠢ ᠦᠨᠳᠦᠰᠦᠯᠡᠪᠡᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠳᠦᠷᠢᠮ ᠭᠡᠳᠡᠭ ᠨᠢ ᠬᠢᠨᠠᠨ ᠵᠥᠪᠰᠢᠶᠡᠷᠡᠭᠦᠯᠦᠭᠰᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠰᠢᠯᠭᠠᠨ ᠪᠠᠶᠢᠴᠠᠭᠠᠬᠤ ᠬᠢᠷᠢ ᠭᠡᠮ ᠢ ᠪᠦᠷᠢᠯᠳᠦᠭᠦᠯᠦᠭᠰᠡᠨ ᠪᠠᠶᠢᠭᠤᠯᠤᠮᠵᠢ ᠨᠢ᠂ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠲᠠᠢ ᠬᠤᠯᠪᠣᠭᠳᠠᠬᠤ ᠱᠠᠭᠠᠷᠳᠠᠯᠭ᠎ᠠ ᠶᠣᠰᠣᠭᠠᠷ᠂ ᠬᠡᠷᠡᠭᠯᠡᠵᠦ ᠪᠠᠶᠢᠭ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠲᠠ ᠬᠢᠵᠦ᠂ ᠦᠷᠭᠦᠯᠵᠢᠯᠡᠨ ᠠᠮᠤᠷ ᠲᠦᠪᠰᠢᠨ ᠬᠡᠷᠡᠭᠯᠡᠬᠦ ᠨᠥᠬᠦᠴᠡᠯ ᠳᠤ ᠨᠡᠶᠢᠴᠡᠬᠦ ᠡᠰᠡᠬᠦ ᠶᠢ ᠰᠢᠯᠭᠠᠨ ᠪᠠᠲᠤᠯᠠᠬᠤ ᠶᠢ ᠵᠢᠭᠠᠵᠤ ᠪᠠᠶᠢᠨ᠎ᠠ᠃

    ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠣᠯ ᠨᠢᠭᠡ ᠵᠦᠢᠯ ᠤᠨ ᠮᠡᠷᠭᠡᠵᠢᠯ ᠤᠨ ᠴᠢᠨᠠᠷᠲᠠᠢ ᠬᠢᠨᠠᠯᠲᠠ ᠮᠥᠨ᠂ ᠨᠢᠭᠡ ᠵᠦᠢᠯ ᠤᠨ ᠬᠠᠤᠯᠢ ᠪᠠᠷ ᠲᠣᠭᠲᠠᠭᠠᠭᠰᠠᠨ ᠰᠢᠯᠭᠠᠨ ᠪᠠᠲᠤᠯᠠᠬᠤ ᠴᠢᠨᠠᠷᠲᠠᠢ ᠠᠵᠢᠯ ᠮᠥᠨ᠂ ᠥᠪᠡᠰᠦᠪᠡᠨ ᠰᠢᠯᠭᠠᠨ ᠪᠠᠶᠢᠴᠠᠭᠠᠬᠤ ᠭᠡᠳᠡᠭ ᠨᠢ ᠬᠡᠷᠡᠭᠯᠡᠬᠦ ᠨᠢᠭᠡᠴᠢ ᠪᠤᠶᠤ ᠲᠡᠭᠦᠨ ᠤ ᠨᠠᠶᠢᠳᠠᠭᠰᠠᠨ ᠨᠢᠭᠡᠴᠢ ᠶᠢᠨ ᠬᠢᠭᠰᠡᠨ ᠬᠤᠯᠪᠣᠭᠳᠠᠯ ᠪᠦᠬᠦᠢ ᠪᠠᠶᠢᠴᠠᠭᠠᠨ ᠬᠡᠮᠵᠢᠯᠲᠡ ᠪᠠ ᠪᠠᠶᠢᠴᠠᠭᠠᠯᠲᠠ ᠶᠢᠨ ᠦᠢᠯᠡᠴᠢᠯᠡᠭᠡ ᠮᠥᠨ ᠪᠥᠭᠡᠳ ᠬᠡᠷᠡᠭᠯᠡᠬᠦ ᠨᠢᠭᠡᠴᠢ ᠳᠤ ᠬᠠᠷᠢᠭᠤᠴᠠᠬᠤ ᠪᠥᠭᠡᠳ ᠲᠡᠭᠦᠨ ᠤ ᠠᠵᠢᠯ ᠤᠨ ᠱᠠᠭᠠᠷᠳᠠᠯᠭ᠎ᠠ ᠨᠢ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃

    ᠡᠶᠢᠮᠦ ᠠᠴᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠨᠢ ᠥᠪᠡᠰᠦᠪᠡᠨ ᠰᠢᠯᠭᠠᠨ ᠪᠠᠶᠢᠴᠠᠭᠠᠬᠤ ᠶᠢ ᠣᠷᠣᠯᠠᠵᠤ ᠪᠣᠯᠬᠤ ᠦᠭᠡᠢ᠃

    ᠡᠭᠦᠨ ᠠᠴᠠ ᠭᠠᠳᠠᠨ᠎ᠠ᠂ ︽ᠴᠠᠬᠢᠯᠭᠠᠨ ᠱᠠᠲᠤ ᠶᠢ ᠬᠢᠨᠠᠨ ᠰᠢᠯᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠲᠦᠷᠢᠮ︾ ᠪᠠ ︽ᠴᠠᠬᠢᠯᠭᠠᠨ ᠱᠠᠲᠤ ᠶᠢᠨ ᠥᠪᠡᠰᠦᠪᠡᠨ ᠪᠠᠶᠢᠴᠠᠭᠠᠨ ᠰᠢᠯᠭᠠᠬᠤ ᠲᠦᠷᠢᠮ︾ ᠳᠤ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠠ ᠥᠪᠡᠰᠦᠪᠡᠨ ᠪᠠᠶᠢᠴᠠᠭᠠᠨ ᠰᠢᠯᠭᠠᠬᠤ ᠦᠶᠡᠯᠡᠯ ᠤᠨ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ᠂ ᠬᠡᠷᠡᠭᠯᠡᠬᠦ ᠨᠢᠭᠡᠴᠢ ᠨᠢ ᠲᠦᠷᠢᠮ ᠤᠨ ᠱᠠᠭᠠᠷᠳᠠᠯᠭ᠎ᠠ ᠶᠣᠰᠣᠭᠠᠷ ᠲᠣᠰ ᠲᠣᠰ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠤᠶᠤ ᠥᠪᠡᠰᠦᠪᠡᠨ ᠪᠠᠶᠢᠴᠠᠭᠠᠨ ᠰᠢᠯᠭᠠᠬᠤ ᠬᠡᠷᠡᠭᠲᠡᠶ᠃

    ᠢᠳᠡᠭᠡᠨ ᠤ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠬᠡᠲᠦᠷᠡᠭᠰᠡᠨ ᠤ ᠳᠠᠷᠠᠭ᠎ᠠ᠂ ᠦᠷᠭᠦᠯᠵᠢᠯᠡᠨ ᠳᠡᠯᠭᠡᠭᠦᠷ ᠢᠶᠠᠨ ᠨᠡᠭᠡᠭᠡᠬᠦ ᠳᠤ ᠬᠦᠷᠪᠡᠯ᠂ ︽ᠦᠨᠡᠮᠯᠡᠯ ᠦᠭᠡᠢ ᠡᠵᠡᠩᠨᠡᠯᠲᠡ︾ ᠳᠤ ᠣᠷᠣᠨ᠎ᠠ ᠤᠤ︖

    ᠬᠠᠷᠢᠭᠤᠯᠲᠠ᠄ ᠲᠡᠶᠢᠮᠦ᠂ ᠢᠳᠡᠭᠡᠨ ᠤᠮᠳᠠᠭᠠᠨ ᠤ ᠦᠢᠯᠡᠴᠢᠯᠡᠭᠡ ᠬᠢᠵᠦ ᠪᠠᠶᠢᠭ᠎ᠠ ᠢᠳᠡᠭᠡᠨ ᠤ ᠵᠦᠢᠯ ᠤᠨ ᠡᠵᠡᠩᠨᠡᠭᠴᠢ ᠶᠢᠨ ᠢᠳᠡᠭᠡᠨ ᠤ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠬᠡᠲᠦᠷᠡᠭᠡᠳ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠢ ᠪᠠᠶᠢᠪᠠᠯ᠂ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠬᠤᠶᠠᠳᠤᠭᠠᠷ ᠵᠦᠢᠯ ᠳᠠᠬᠢ ︽ᠢᠳᠡᠭᠡᠨ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠢ ᠣᠯᠤᠭᠠᠳᠤᠶ ᠪᠠᠷ ᠢᠳᠡᠭᠡᠨ ᠦᠢᠯᠡᠳᠪᠦᠷᠢᠯᠡᠵᠦ ᠡᠵᠡᠩᠨᠡᠬᠦ︾ ᠳᠤ ᠲᠣᠬᠢᠷᠠᠨ᠎ᠠ᠃

    ᠪᠢᠳᠡ ᠪᠣᠯ ᠨᠢᠭᠡ ᠢᠳᠡᠭᠡᠨ ᠤ ᠺᠣᠮᠫᠠᠨᠢ ᠮᠥᠨ᠂ ᠣᠶᠢᠷ᠎ᠠ ᠳᠤ ᠠᠵᠤ ᠠᠬᠤᠶᠢᠯᠠᠯ ᠤᠨ ᠨᠡᠷᠡᠶᠢᠳᠦᠯ ᠢᠶᠠᠨ ᠰᠣᠯᠢᠭᠰᠠᠨ ᠪᠠᠶᠢᠨ᠎ᠠ᠂ ᠲᠡᠭᠡᠪᠡᠯ ᠰᠣᠯᠢᠬᠤ ᠠᠴᠠ ᠡᠮᠦᠨᠡᠬᠢ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠬᠠᠭᠤᠴᠢᠨ ᠪᠣᠭᠤᠳᠠᠯᠯᠠᠬᠤ ᠮᠠᠲ᠋ᠧᠷᠢᠶᠠᠯ ᠢᠶᠠᠨ ᠦᠷᠭᠦᠯᠵᠢᠯᠡᠨ ᠬᠡᠷᠡᠭᠯᠡᠵᠦ ᠪᠣᠯᠣᠨ᠎ᠠ ᠤᠤ︖

    ᠬᠠᠷᠢᠭᠤᠯᠲᠠ᠄ ᠡᠬᠢ ᠪᠠᠶᠠᠯᠢᠭ ᠢ ᠠᠷᠪᠢᠯᠠᠵᠤ᠂ ᠵᠦᠢ ᠵᠣᠬᠢᠰᠲᠠᠢ ᠬᠡᠷᠡᠭᠯᠡᠬᠦ ᠵᠠᠷᠴᠢᠮ ᠶᠣᠰᠣᠭᠠᠷ᠂ ᠠᠳᠠᠯᠢ ᠨᠢᠭᠡ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠠᠵᠤ ᠠᠬᠤᠶᠢᠯᠠᠯ ᠤᠨ ᠨᠡᠷᠡᠶᠢᠳᠦᠯ ᠢᠶᠠᠨ ᠬᠤᠪᠢᠷᠠᠭᠤᠯᠤᠭᠰᠠᠨ ᠤ ᠳᠠᠷᠠᠭ᠎ᠠ᠂ ᠰᠢᠨ᠎ᠡ ᠬᠠᠭᠤᠴᠢᠨ ᠪᠣᠭᠤᠳᠠᠯ ᠪᠠᠭᠯᠠᠭ᠎ᠠ ᠶᠢ ᠬᠤᠯᠢᠯᠳᠤᠭᠤᠯᠤᠨ ᠬᠡᠷᠡᠭᠯᠡᠬᠦ ᠰᠢᠯᠵᠢᠯᠲᠡ ᠶᠢᠨ ᠬᠤᠭᠤᠴᠠᠭ᠎ᠠ ᠨᠢ 6 ᠰᠠᠷ᠎ᠠ ᠪᠠᠶᠢᠵᠤ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠨᠡᠷᠡᠶᠢᠳᠦᠯ ᠢᠶᠠᠨ ᠬᠤᠪᠢᠷᠠᠭᠤᠯᠤᠭᠰᠠᠨ ᠡᠳᠦᠷ ᠠᠴᠠ ᠡᠬᠢᠯᠡᠵᠦ ᠪᠣᠳᠣᠨ᠎ᠠ᠃

    ᠪᠢᠳᠡ ᠪᠣᠯ ᠨᠢᠭᠡᠨ ᠢᠳᠡᠭᠡᠨ ᠦᠢᠯᠡᠳᠪᠦᠷᠢᠯᠡᠬᠦ ᠦᠢᠯᠡᠳᠪᠦᠷᠢ ᠮᠥᠨ᠂ ᠬᠡᠷᠪᠡ ᠪᠢᠳᠡ ᠥᠪᠡᠰᠦᠪᠡᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠭᠡᠪᠡᠯ ᠶᠠᠮᠠᠷ ᠬᠢᠷᠢ ᠭᠡᠮ ᠣᠯᠬᠤ ᠴᠢᠬᠤᠯᠠ ᠲᠠᠢ ᠤᠤ︖

    ᠬᠠᠷᠢᠭᠤᠯᠲᠠ᠄ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠨᠢ ᠥᠪᠡᠰᠦᠪᠡᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠᠶᠢᠭᠤᠯᠵᠤ᠂ ᠦᠢᠯᠡᠳᠪᠦᠷᠢᠯᠡᠭᠰᠡᠨ ᠢᠳᠡᠭᠡᠨ ᠢᠶᠠᠨ ᠥᠪᠡᠰᠦᠪᠡᠨ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠬᠢᠵᠦ ᠪᠣᠯᠣᠨ᠎ᠠ᠃ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠶᠢᠨ ᠲᠥᠬᠦᠭᠡᠷᠦᠮᠵᠢ ᠪᠡᠯᠡᠳᠬᠡᠮᠵᠢ᠂ ᠠᠵᠢᠯᠲᠠᠨ ᠤ ᠬᠠᠮᠢᠶᠠᠷᠤᠯᠲᠠ᠂ ᠰᠢᠯᠭᠠᠨ ᠪᠠᠶᠢᠴᠠᠭᠠᠬᠤ ᠠᠵᠢᠯᠯᠠᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃

     ᠥᠪᠡᠷ ᠤᠨ ᠲᠡᠵᠢᠭᠡᠭᠰᠡᠨ ᠵᠥᠭᠡᠢ ᠶᠢᠨ ᠪᠠᠯ ᠨᠢ ᠲᠠᠷᠢᠶᠠᠯᠠᠩ ᠤᠨ ᠪᠦᠲᠦᠭᠡᠭᠳᠡᠬᠦᠨ ᠳᠤ ᠲᠣᠭᠠᠴᠠᠭᠳᠠᠨ᠎ᠠ ᠦᠦ︖ ᠪᠣᠷᠣᠯᠠᠭᠤᠯᠬᠤ ᠳᠤ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠴᠢᠬᠤᠯᠠ ᠲᠠᠢ ᠤᠤ︖

    ᠬᠠᠷᠢᠭᠤᠯᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠤᠯᠪᠣᠭᠳᠠᠯ ᠪᠥᠬᠦᠶ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠲᠣᠳᠣᠷᠬᠠᠶᠢᠯᠠᠯᠲᠠ ᠪᠠ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠪᠣᠯ ᠲᠠᠷᠢᠶᠠᠯᠠᠩ ᠠᠴᠠ ᠢᠷᠡᠯᠲᠡ ᠲᠠᠢ ᠠᠩᠬᠠᠨ ᠤ ᠪᠦᠲᠦᠭᠡᠭᠳᠡᠬᠦᠨ ᠢ ᠵᠢᠭᠠᠵᠤ ᠪᠠᠶᠢᠨ᠎ᠠ᠂ ᠲᠤᠬᠠᠶᠢᠯᠠᠪᠠᠯ ᠲᠠᠷᠢᠶᠠᠯᠠᠩ ᠤᠨ ᠠᠵᠢᠯᠯᠠᠭᠠᠨ ᠤ ᠳᠤᠮᠳᠠ ᠣᠯᠤᠭᠰᠠᠨ ᠤᠷᠭᠤᠮᠠᠯ᠂ ᠠᠮᠢᠲᠠᠨ᠂ ᠮᠢᠺᠷᠣᠪ ᠵᠢᠴᠢ ᠲᠡᠭᠦᠨ ᠤ ᠪᠦᠲᠦᠭᠡᠭᠳᠡᠬᠦᠨ ᠢ ᠵᠢᠭᠠᠵᠤ᠂ ᠥᠪᠡᠷ ᠤᠨ ᠭᠡᠷ ᠤᠨ ᠲᠡᠵᠢᠭᠡᠪᠦᠷᠢ ᠵᠥᠭᠡᠢ ᠶᠢᠨ ᠪᠠᠯ ᠨᠢ ᠲᠠᠷᠢᠶᠠᠯᠠᠩ ᠤᠨ ᠪᠦᠲᠦᠭᠡᠭᠳᠡᠬᠦᠨ ᠳᠤ ᠬᠠᠷᠢᠶᠠᠯᠠᠭᠳᠠᠨ᠎ᠠ᠃ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠢᠳᠡᠭᠡᠨ ᠤ ᠵᠥᠪᠰᠢᠶᠡᠷᠡᠯ ᠠᠪᠬᠤ ᠴᠢᠬᠤᠯᠠ ᠦᠭᠡᠢ᠃

 

ᠢᠷᠡᠯᠲᠡ᠄ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠣᠨᠢᠨ