ᠥᠪᠥᠷ ᠮᠣᠩᠭᠤᠯ ᠤᠨ ᠲᠤᠰᠬᠠᠶ ᠠᠰᠢᠭ ᠤᠨ ᠨᠡᠭᠡᠭᠡᠯᠲᠡ ᠶᠢᠨ ᠵᠥᠪᠰᠢᠶᠡᠷᠡᠯ ᠤᠨ ︽ᠲᠡᠭ ᠰᠢᠪᠲᠤᠯᠤᠯᠲᠠ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/27

    ᠡᠨᠡ ᠵᠢᠯ ᠤᠨ 4 ᠳ᠋ᠦ᠋ᠭᠡᠷ ᠰᠠᠷ᠎ᠠ ᠳᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠢ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠨᠢ ᠨᠡᠭᠡᠭᠡᠯᠲᠡ ᠶᠢᠨ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠨᠡᠭᠡᠭᠡᠵᠦ᠂ ᠲᠤᠬᠠᠢ ᠶᠢᠨ ᠬᠥᠮᠦᠨ ᠨᠢ ᠣᠶᠢᠷ᠎ᠠ ᠬᠠᠪᠢ ᠳᠠᠭᠠᠨ ᠲᠤᠰ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠬᠤ ᠪᠠ ᠭᠦᠢᠴᠡᠳᠭᠡᠵᠦ ᠪᠣᠯᠤᠨ᠎ᠠ᠃

    ᠲᠤᠰᠬᠠᠢ ᠠᠰᠢᠭ ᠤᠨ ᠨᠡᠭᠡᠭᠡᠯᠲᠡ ᠶᠢᠨ ᠵᠥᠪᠰᠢᠶᠡᠷᠡᠯ ᠤᠨ ᠳᠦᠷᠢᠮ ᠨᠢ ᠲᠤᠰᠬᠠᠢ ᠠᠰᠢᠭ ᠤᠨ ᠡᠷᠬᠡ ᠲᠠᠢ ᠬᠥᠮᠦᠨ ᠰᠠᠶᠢᠨ ᠳᠤᠷ᠎ᠠ ᠠᠴᠠ ᠪᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠬᠠᠢ ᠠᠰᠢᠭ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠡᠭᠡᠭᠡᠯᠲᠡ ᠬᠢᠬᠦ ᠶᠢ ᠵᠥᠪᠰᠢᠶᠡᠷᠡᠬᠦ ᠭᠤᠶᠤᠴᠢᠯᠠᠯ ᠭᠠᠷᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠰᠬᠠᠢ ᠠᠰᠢᠭ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠠᠨ ᠨᠡᠢᠲᠡᠯᠡᠨ᠎ᠡ᠃ ᠡᠨᠡ ᠬᠦ ᠲᠥᠷᠢᠮ ᠤᠨ ᠵᠣᠷᠢᠯᠭ᠎ᠠ ᠨᠢ ᠲᠤᠰᠬᠠᠶ ᠠᠰᠢᠭ ᠤᠨ ᠵᠥᠪᠰᠢᠶᠡᠷᠡᠯ ᠤᠨ ᠮᠡᠳᠡᠭᠡ ᠵᠠᠩᠭᠢ ᠶᠢ ᠵᠣᠯᠭᠠᠭᠤᠯᠬᠤ ᠶᠢ ᠠᠬᠢᠭᠤᠯᠬᠤ᠂ ᠲᠤᠰᠬᠠᠶ ᠠᠰᠢᠭ ᠤᠨ ᠵᠥᠪᠰᠢᠶᠡᠷᠡᠯ ᠤᠨ ᠬᠡᠯᠡᠯᠴᠡᠭᠡᠷ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠢᠴᠢ ᠲᠤᠰᠬᠠᠶ ᠠᠰᠢᠭ ᠤᠨ ᠵᠥᠪᠰᠢᠶᠡᠷᠡᠯ ᠤᠨ ᠠᠷᠠᠯᠵᠢᠶᠠᠨ ᠤ ᠲᠦᠭᠰᠢᠭᠦᠷᠢ ᠶᠢ ᠪᠠᠭᠤᠷᠠᠭᠤᠯᠬᠤ ᠶᠢᠨ ᠲᠥᠯᠥᠭᠡ ᠶᠤᠮ᠃

    ᠲᠤᠰᠬᠠᠢ ᠠᠰᠢᠭ ᠤᠨ ᠨᠡᠭᠡᠭᠡᠯᠲᠡ ᠶᠢᠨ ᠵᠥᠪᠰᠢᠶᠡᠷᠡᠯ ᠢ ᠬᠡᠷᠡᠭᠵᠢᠭᠦᠯᠬᠦ ᠨᠢ᠂ ᠲᠤᠰᠬᠠᠢ ᠠᠰᠢᠭ ᠤᠨ ᠦᠷ᠎ᠡ ᠪᠦᠲᠦᠭᠡᠯ ᠢ ︽ᠤᠯᠠᠷᠢᠭᠤᠯᠬᠤ ᠳᠤ ᠪᠡᠷᠬᠡᠲᠡᠢ︾ ᠪᠠ ᠠᠵᠤ ᠠᠬᠤᠶᠢᠯᠠᠯ ᠤᠨ ︽ᠣᠯᠬᠤ ᠳᠤ ᠪᠡᠷᠬᠡᠲᠡᠢ︾ ᠪᠠᠶᠢᠳᠠᠯ ᠢ ᠪᠦᠲᠦᠮᠵᠢᠲᠡᠢ ᠰᠢᠢᠳᠪᠦᠷᠢᠯᠡᠵᠦ᠂ ᠨᠠᠷᠢᠨ ᠪᠤᠳᠤᠯᠢᠶᠠᠨᠲᠠᠢ ᠬᠡᠯᠡᠯᠴᠡᠭᠡᠷ ᠤᠨ ᠭᠤᠭᠴᠤᠭ᠎ᠠ ᠶᠢ ᠠᠷᠢᠯᠭᠠᠵᠤ᠂ ᠲᠤᠰᠬᠠᠢ ᠠᠰᠢᠭ ᠤᠨ ᠡᠳ᠋ ᠬᠥᠷᠥᠩᠭᠡ ᠶᠢ ᠠᠮᠢᠳᠤᠯᠢᠭᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠤᠰᠬᠠᠢ ᠠᠰᠢᠭ ᠤᠨ ᠠᠷᠠᠯᠵᠢᠶᠠᠨ ᠤ ᠲᠦᠭᠰᠢᠭᠦᠷᠢ ᠶᠢ ᠪᠠᠭᠤᠷᠠᠭᠤᠯᠵᠤ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠪᠣᠯᠣᠨ᠎ᠠ᠃

    ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠨᠢ ᠲᠤᠬᠠᠶᠢᠯᠠᠭᠰᠠᠨ ᠠᠵᠢᠯ ᠤᠨ ᠴᠣᠩᠬᠤᠪᠴᠢ ᠪᠠ ᠠᠶᠢᠮᠠᠭ ᠬᠤᠲᠠ ᠶᠢᠨ ᠠᠵᠢᠯᠯᠠᠬᠤ ᠥᠷᠲᠡᠭᠡ ᠳᠤ ᠭᠦᠢᠴᠡᠳ ᠲᠦᠰᠢᠭᠯᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠣᠯᠭᠠᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠡᠯ᠎ᠡ ᠲᠥᠷᠥᠯ ᠤᠨ ᠠᠵᠢᠯᠯᠠᠭ᠎ᠠ ᠳᠤ ᠣᠷᠣᠯᠴᠠᠵᠤ᠂ ᠲᠤᠰᠬᠠᠶ ᠠᠰᠢᠭ ᠢ ᠤᠯᠠᠷᠢᠭᠤᠯᠤᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠬᠤ ᠪᠠ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠤᠨ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠠᠵᠢᠯ ᠢ ᠢᠳᠡᠪᠬᠢᠲᠡᠢ ᠬᠠᠮᠵᠢᠯᠴᠠᠨ ᠥᠷᠨᠢᠭᠦᠯᠵᠦ᠂ ᠲᠤᠰᠬᠠᠶ ᠠᠰᠢᠭ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠭᠦᠨᠵᠡᠭᠡᠶ ᠠᠭᠤᠳᠠᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠭᠰᠡᠨ ᠠᠯᠤᠰ ᠢᠷᠡᠭᠡᠳᠦᠶ ᠲᠠᠢ ᠲᠤᠰᠬᠠᠶ ᠠᠰᠢᠭ ᠤᠨ ᠮᠡᠷᠭᠡᠵᠢᠯ ᠢ ᠰᠣᠩᠭᠤᠵᠤ ᠨᠡᠭᠡᠭᠡᠯᠲᠡ ᠶᠢᠨ ᠵᠥᠪᠰᠢᠶᠡᠷᠡᠯ ᠬᠢᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠩ ᠣᠯᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠮᠡᠳᠡᠯᠭᠡ ᠶᠢᠨ ᠥᠮᠴᠢᠯᠡᠯ ᠤᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠬᠦᠴᠦᠨ ᠨᠡᠮᠡᠷᠢᠯᠡᠨ᠎ᠡ᠃

 

ᠢᠷᠡᠯᠲᠡ᠄ ᠲᠤᠰᠬᠠᠢ ᠠᠰᠢᠭ ᠤᠨ ᠣᠷᠣᠯᠠᠨ ᠡᠷᠬᠢᠯᠡᠬᠦ ᠭᠠᠵᠠᠷ