ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠤᠨ ᠰᠢᠷᠢᠰ ᠤᠬᠠᠭᠤᠯᠤᠨ ᠨᠡᠪᠲᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27

    ᠡᠨᠡ ᠵᠢᠯ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︵ᠳᠣᠷᠣᠭᠰᠢ ︽ᠬᠡᠷᠡᠭᠯᠡᠭᠴᠢᠳ ᠤᠨ ᠬᠠᠤᠯᠢ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠦᠭᠰᠡᠨ 30 ᠵᠢᠯ ᠤᠨ ᠣᠶ ᠪᠣᠯᠤᠨ᠎ᠠ᠂ ᠲᠡᠭᠦᠨ ᠤ ᠢᠵᠢ ᠪᠥᠷᠢᠳᠦᠭᠰᠡᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠳᠦᠷᠢᠮ ᠢ ᠨᠠᠶᠢᠲᠠᠯᠠᠨ ᠬᠡᠷᠡᠭᠵᠢᠭᠦᠯᠦᠭᠰᠡᠨ ᠶᠠᠪᠤᠲᠠᠯ ᠪᠤᠯ 2013 ᠣᠠ ᠳᠤ ᠬᠡᠷᠡᠭᠯᠡᠭᠴᠢᠳ ᠤᠨ ᠬᠠᠤᠯᠢ ᠳᠤ ᠬᠤᠶᠠᠲᠠᠭᠢ ᠣᠲᠠᠭ᠎ᠠ ᠵᠠᠰᠠᠪᠤᠷᠢ ᠣᠷᠣᠭᠤᠯᠣᠬᠰᠠᠨ ᠤ ᠲᠠᠷᠠᠭᠠᠭᠢ ᠬᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠣᠢᠢᠯᠠᠰ ᠤᠨ ᠪᠠᠰᠠ ᠨᠢᠭᠡᠨ ᠴᠢᠬᠤᠯᠠ ᠬᠥᠰᠢᠶ᠎ᠡ ᠳᠣᠷᠠᠰᠬᠠᠯ ᠮᠦᠠ᠃ ᠲᠦᠷᠢᠮ ᠨᠢ ᠬᠡᠷᠡᠭᠯᠡᠭᠴᠢᠳ ᠤᠨ ᠠᠮᠤᠷ ᠲᠦᠪᠰᠢᠨ ᠤ ᠡᠷᠬᠡ᠂ ᠪᠠᠶᠢᠳᠠᠯ ᠢ ᠮᠡᠳᠡᠬᠦ ᠡᠷᠬᠡ᠂ ᠪᠡᠶ᠎ᠡ ᠪᠠᠨ ᠳᠠᠭᠠᠭᠠᠵᠤ ᠰᠣᠩᠭᠤᠬᠤ ᠡᠷᠬᠡ᠂ ᠡᠷᠬᠡ ᠲᠡᠭᠰᠢ ᠠᠷᠠᠯᠵᠢᠶᠠᠯᠠᠬᠤ ᠡᠷᠬᠡ᠂ ᠬᠤᠪᠢ ᠬᠥᠮᠦᠨ ᠤ ᠮᠡᠳᠡᠭᠡ ᠵᠠᠩᠭᠢ ᠵᠡᠷᠭᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠷᠢᠳᠴᠢᠯᠠᠨ ᠰᠦᠢᠳᠬᠡᠯ ᠥᠭᠬᠦ ᠮᠠᠶ᠋ᠢᠭ ᠤᠨ ᠬᠡᠷᠡᠭᠯᠡᠭᠡ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ᠂ ︽ᠥᠲᠡᠭᠦᠰ ᠨᠢᠯᠬᠠᠰ︾ ︽ᠡᠵᠡᠷᠬᠡᠭ ᠵᠤᠷᠪᠤᠰ︾ ︽ᠬᠠᠭᠤᠳᠠᠰᠤ ᠭᠠᠷᠭᠠᠵᠤ ᠢᠲᠡᠭᠡᠮᠵᠢ ᠰᠠᠷᠢᠭᠠᠯᠠᠬᠤ︾ ︽ᠲᠤᠮᠤ ᠳ᠋ᠠᠶᠢᠲ᠋ᠠ ᠪᠠᠷ ᠬᠠᠭᠤᠴᠢᠨ ᠬᠡᠷᠡᠭᠯᠡᠭᠴᠢᠳ ᠢ ᠮᠡᠬᠡᠯᠡᠬᠦ︾ ᠵᠡᠷᠭᠡ ᠰᠢᠨ᠎ᠡ ᠬᠦᠷᠢᠶ᠎ᠡ ᠰᠢᠨ᠎ᠡ ᠠᠰᠠᠭᠤᠳᠠᠯ ᠳᠤ ᠲᠤᠰᠬᠠᠢ ᠲᠣᠭᠲᠠᠭᠠᠯ ᠭᠠᠷᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠪᠠ ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠵᠤ᠂ ᠬᠡᠷᠡᠭᠯᠡᠭᠴᠢᠳ ᠪᠠ ᠬᠡᠷᠡᠭᠯᠡᠭᠴᠢᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠨ᠎ᠡ ᠪᠠᠶᠢᠳᠠᠯ ᠳᠣᠣᠷᠠᠬᠢ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠡᠷᠡᠭᠯᠡᠭᠡᠨ ᠤ ᠢᠲᠡᠭᠡᠯ ᠢ ᠬᠥᠭᠵᠢᠭᠡᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃

    ᠣᠶᠢᠷ᠎ᠠ ᠶᠢᠨ ᠬᠤᠭᠤᠴᠠᠭᠠᠨ ᠳᠤ᠂ ᠦᠪᠠᠷᠳᠠᠬᠡᠠ ᠵᠠᠰᠠᠬᠤ ᠤᠷᠣᠠ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠤᠯᠠᠠ ᠰᠠᠯᠠᠭ᠎ᠠ ᠮᠥᠴᠢᠷ ᠲᠠᠢ ᠬᠠᠮᠲᠤᠷᠠᠨ ᠤᠯᠠᠠ ᠬᠡᠯᠪᠡᠷᠢ ᠮᠠᠶ᠋ᠢᠭ ᠤᠨ ︽ᠰᠠᠷ᠎ᠠ ᠰᠠᠷ᠎ᠠ 3.15︾ ᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠳᠤ ᠬᠦᠷᠴᠦ ︽ᠰᠠᠨᠠᠭ᠎ᠠ ᠠᠮᠤᠷ ᠬᠡᠷᠡᠭᠯᠡᠭᠡ ᠶᠢ ᠣᠪᠣᠭ᠎ᠠ ᠲᠣᠰᠬᠤᠨ ᠳᠤ ᠣᠷᠣᠭᠤᠯᠬᠤ︾ ᠶᠢ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠡᠸᠡᠩᠬᠢ ᠦᠠᠳᠣᠰᠣᠳᠠᠠ ᠤ ᠦᠪᠠᠷᠳᠠᠬᠡᠠ ᠵᠠᠰᠠᠬᠤ ᠬᠤᠰᠢᠭᠤᠨ ᠳᠤ ᠬᠦᠷᠴᠦ ᠬᠡᠷᠡᠭᠯᠡᠭᠡᠨ ᠤ ᠪᠠᠶᠢᠳᠠᠯ ᠢ ᠣᠶᠢᠯᠠᠭᠠᠵᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠡᠵᠡᠩᠨᠡᠯᠲᠡ ᠶᠢ ᠰᠠᠨᠠᠭᠠᠴᠢᠯᠠᠭᠰᠠᠨ ᠪᠦᠬᠡᠣᠠ ᠲᠤᠬᠠᠢ ᠶᠢᠨ ᠭᠠᠵᠠᠷ ᠤᠨ ᠠᠵᠣ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ᠃

6 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠦᠷᠢᠮ ᠢ ᠤᠬᠠᠭᠤᠯᠤᠨ ᠨᠡᠪᠲᠡᠷᠡᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠶᠢᠨ ᠲᠠᠶᠢᠯᠤᠮᠵᠢ ᠬᠢᠯᠭᠡᠵᠦ᠂ ᠰᠢᠰᠲ᠋ᠧᠮ ᠤᠨ ᠳᠣᠲᠣᠷᠠᠬᠢ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠪᠥᠬᠦ ᠣᠷᠣᠨ ᠤ 2300 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠲᠦᠷᠢᠮ ᠢ ᠨᠡᠶᠢᠲᠡᠯᠡᠨ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠣᠨ ᠤ ᠭᠤᠤᠯ ᠰᠡᠳᠦᠪ ᠢᠶᠠᠷ ᠭᠤᠤᠯ ᠰᠢᠵᠢᠮ ᠪᠣᠯᠭᠠᠵᠤ᠂ ︽ᠰᠠᠷ᠎ᠠ ᠰᠠᠷ᠎ᠠ 3.15︾ ᠤ ᠬᠠᠮᠢᠶ᠎ᠠ ᠪᠥᠬᠦᠶ ᠤᠬᠠᠭᠤᠯᠤᠨ ᠨᠡᠪᠲᠡᠷᠡᠭᠦᠯᠬᠦ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ᠂ ᠰᠤᠷᠭᠠᠭᠤᠯᠢ ᠳᠤ ᠣᠷᠣᠭᠤᠯᠬᠤ ᠶᠢᠨ ᠬᠠᠮᠲᠤ᠂ ᠲᠦᠷᠢᠮ ᠤᠨ ᠬᠡᠷᠡᠭᠯᠡᠭᠡᠨ ᠤ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠴᠢᠩᠭᠠᠷᠠᠭᠤᠯᠵᠤ᠂ ᠬᠡᠷᠡᠭᠯᠡᠭᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠡᠷᠡᠭᠯᠡᠭᠡᠨ ᠤ ᠵᠢᠭᠤᠷᠠᠯᠳᠤᠭᠠᠨ ᠢ ᠢᠳᠡᠪᠬᠢᠲᠡᠶ ᠬᠠᠤᠯᠢ ᠶᠣᠰᠣᠭᠠᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠡᠷᠡᠭ ᠤᠨ ︽ᠲᠡᠮᠦᠷ ᠨᠢᠳᠤᠷᠭ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠰᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠦ ᠶᠢᠨ ᠭᠡᠷᠡᠭ ᠤᠨ ᠬᠠᠤᠯᠢ ᠴᠠᠭᠠᠵᠠ ᠶᠢ ᠵᠤᠯᠭᠠᠭᠤᠯᠬᠤ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃

 

ᠢᠷᠡᠯᠲᠡ᠄ ᠬᠠᠤᠯᠢ ᠲᠣᠭᠲᠠᠭᠠᠯ ᠤᠨ ᠭᠠᠵᠠᠷ