ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠦᠯᠭᠡ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/6/28

    6 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠮᠦᠽᠧᠶ ᠳᠤ ᠬᠦᠷᠴᠦ ᠥᠪᠥᠷ ᠮᠣᠩᠭᠤᠯ ᠤᠨ ᠴᠢᠬᠡᠴᠢ ᠵᠠᠰᠠᠭ ᠤᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠪᠡ᠃

    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠦᠯᠭᠡ ᠨᠢ ︽ᠰᠠᠬᠢᠯᠭ᠎ᠠ ᠪᠠᠲᠤ ᠰᠤᠳᠤᠷ ᠠᠴᠠ ᠬᠠᠶᠢᠨ ᠯᠠᠪᠯᠠᠵᠤ ᠡᠷᠲᠡᠨ ᠢᠶᠠᠷ ᠡᠳᠦᠭᠡ ᠶᠢ ᠲᠣᠯᠢᠳᠠᠬᠤ ︾ ᠵᠡᠷᠭᠡ ᠲᠤᠯᠤᠭᠠᠨ ᠬᠡᠰᠡᠭ ᠢᠶᠠᠷ ᠪᠦᠷᠢᠯᠳᠦᠵᠦ᠂ ᠶᠡᠭᠡ ᠬᠡᠮᠵᠢᠶᠡᠨ ᠤ ᠦᠰᠦᠭ ᠪᠢᠴᠢᠭ ᠭᠡᠷᠡᠯ ᠵᠢᠷᠤᠭ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠷ ᠳᠠᠮᠵᠢᠭᠤᠯᠤᠨ᠂ ᠨᠠᠮ ᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠥᠩᠭᠡᠷᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠡᠷᠭᠢᠴᠡᠭᠦᠯᠵᠦ᠂ ᠤᠢᠢᠷ᠎ᠠ ᠶᠢᠨ ᠵᠢᠯ ᠤᠳ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠠᠮᠵᠢᠯᠲᠠ ᠲᠠᠢ ᠲᠤᠷᠰᠢᠯᠭ᠎ᠠ ᠪᠣᠯᠤᠨ ᠣᠯᠤᠭᠰᠠᠨ ᠦᠷ᠎ᠡ ᠪᠦᠲᠦᠮᠵᠢ ᠶᠢ ᠦᠵᠡᠭᠦᠯᠪᠡ᠃

    ᠨᠠᠮ ᠤᠨ ᠭᠡᠰᠢᠭᠦᠨ ᠺᠠᠳ᠋ᠷᠴᠤᠳ᠂ ᠡᠨᠡ ᠪᠣᠯ ᠨᠢᠭᠡ ᠤᠳᠠᠭ᠎ᠠ ᠶᠢᠨ ᠭᠦᠨᠵᠡᠭᠡᠢ ᠦᠵᠡᠯ ᠰᠠᠨᠠᠭ᠎ᠠ ᠤᠯᠤᠰ ᠲᠦᠷᠦ ᠶᠢᠨ ᠳᠠᠪᠲᠠᠯᠲᠠ ᠮᠥᠨ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠴᠤ᠂ ᠰᠠᠬᠢᠯᠭ᠎ᠠ ᠪᠠᠲᠤ ᠶᠢ ᠮᠡᠳᠡᠵᠦ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠰᠠᠬᠢᠵᠤ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠰᠠᠬᠢᠯᠭ᠎ᠠ ᠪᠠᠲᠤ ᠳᠤ ᠬᠠᠨᠳᠤᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ ᠶᠢ ᠰᠡᠳᠬᠢᠯ ᠳᠤ ᠪᠠᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠠᠳᠬᠤᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ