ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠ ᠶᠢ ᠪᠣᠳᠠᠲᠠᠶᠢᠵᠢᠭᠤᠯᠵᠤ︾ ᠠᠵᠤ ᠦᠢᠯᠡᠳᠪᠦᠷᠢ ᠶᠢᠨ ᠦᠢᠯᠡᠳᠬᠦᠨ ᠤ ᠵᠥᠪᠰᠢᠶᠡᠷᠡᠯ ᠤᠨ ᠦᠨᠡᠮᠯᠡᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2024/6/28

    ᠳᠡᠭᠡᠷ᠎ᠡ ᠬᠠᠭᠠᠰ ᠵᠢᠯ ᠳᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ 2024 ᠣᠨ ᠤ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠪᠠᠶᠢᠴᠠᠭᠠᠯᠲᠠ ᠶᠢᠨ ᠲᠥᠯᠥᠪᠯᠡᠭᠡ ᠶᠣᠰᠣᠭᠠᠷ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠳᠡᠭᠡᠨ ᠤ ᠬᠠᠮᠢᠶ᠎ᠠ ᠪᠥᠬᠦᠶ ᠦᠢᠯᠡᠳᠬᠦᠨ᠂ ᠬᠢᠮᠢ ᠶᠢᠨ ᠪᠣᠷᠲᠣᠭᠤᠷ᠂ ᠱᠦᠢᠨᠢ ᠳᠤ ᠬᠤᠲᠠ᠂ ᠬᠤᠰᠢᠭᠤ ︵ᠰᠢᠶᠠᠨ᠂ ᠲᠣᠭᠤᠷᠢᠭ︶ ᠬᠤᠶᠠᠷ ᠱᠠᠲᠤᠨ ᠤ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠰᠤᠭᠤᠴᠢᠨ ᠪᠠᠶᠢᠴᠠᠭᠠᠯᠲᠠ ᠶᠢ ᠥᠷᠨᠢᠭᠦᠯᠵᠦ᠂ ︽ᠭᠤᠷᠪᠠ ᠶᠢ ᠪᠣᠳᠠᠲᠠᠶᠢᠵᠢᠭᠤᠯᠬᠤ︾ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠦᠢᠯᠡᠳᠬᠦᠨ ᠤ ᠵᠥᠪᠰᠢᠶᠡᠷᠡᠯ ᠤᠨ ᠦᠨᠡᠮᠯᠡᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃

    ᠨᠢᠭᠡ ᠳᠤ ᠪᠠᠶᠢᠴᠠᠭᠠᠯᠲᠠ ᠶᠢ ᠪᠣᠳᠠᠲᠠᠶᠢᠵᠢᠭᠤᠯᠪᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠭᠤᠴᠠᠭᠠᠨ ᠳᠤ᠂ ᠬᠢᠮᠢ ᠶᠢᠨ ᠪᠤᠷᠳᠤᠭᠤᠷ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠳᠠᠭᠠᠭᠤᠯᠤᠨ ᠬᠢᠮᠢ ᠶᠢᠨ ᠪᠤᠷᠳᠤᠭᠤᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠭᠤᠭᠴᠤᠭ᠎ᠠ ᠳᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠮᠠᠳᠠᠭ ᠲᠠᠢ ᠵᠦᠢᠯ ᠳᠤ ᠴᠢᠭᠯᠡᠭᠦᠯᠦᠨ᠂ ᠢᠳᠡᠪᠬᠢᠲᠡᠢ ᠵᠢᠯᠤᠭᠤᠳᠤᠯᠭ᠎ᠠ ᠪᠠ ᠬᠠᠪᠰᠤᠷᠤᠯᠭ᠎ᠠ ᠦᠵᠡᠭᠦᠯᠪᠡ᠃ ᠡᠭᠦᠨ ᠤ ᠬᠠᠮᠲᠤ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠥᠷᠨᠢᠭᠦᠯᠬᠦ ᠲᠠᠢ ᠤᠶᠠᠯᠳᠤᠭᠤᠯᠤᠨ ᠦᠢᠯᠡᠳᠪᠦᠷᠢᠯᠡᠯ ᠤᠨ ᠦᠨᠡᠮᠯᠡᠯ ᠣᠯᠤᠭᠰᠠᠨ ᠠᠵᠤ ᠠᠬᠤᠶᠢᠯᠠᠯ ᠳᠤ ᠪᠦᠬᠦᠨ ᠢ ᠬᠠᠮᠤᠷᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠥᠷᠨᠢᠭᠦᠯᠪᠡ᠃ ᠭᠤᠤᠯᠳᠠᠭᠤ ᠠᠵᠤ ᠦᠢᠯᠡᠳᠪᠦᠷᠢ ᠶᠢᠨ ᠦᠢᠯᠡᠳᠬᠦᠨ ᠤ ᠵᠥᠪᠰᠢᠶᠡᠷᠡᠯ ᠤᠨ ᠦᠨᠡᠮᠯᠡᠯ ᠤᠨ ᠠᠭᠤᠯᠭ᠎ᠠ ᠶᠢᠨ ᠪᠠᠶᠢᠴᠠᠭᠠᠯᠲᠠ ᠵᠢᠴᠢ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠤᠨ ᠪᠠᠶᠢᠳᠠᠯ ᠵᠡᠷᠭᠡ ᠲᠠᠯ᠎ᠠ ᠶᠢᠨ ᠪᠠᠶᠢᠴᠠᠭᠠᠯᠲᠠ ᠬᠢᠪᠡ᠃

    ᠬᠤᠶᠠᠷ ᠲᠤ ᠰᠡᠷᠭᠡᠶᠢᠯᠡᠯᠲᠡ ᠶᠢ ᠪᠣᠳᠠᠲᠠᠶᠢᠵᠢᠭᠤᠯᠪᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠬᠢᠮᠢ ᠶᠢᠨ ᠪᠣᠷᠲᠣᠭᠤᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠬᠢᠮᠢ ᠶᠢᠨ ᠪᠣᠷᠳᠣᠭᠤᠷ ᠲᠤ ᠦᠢᠯᠡᠳᠬᠦᠨ ᠤ ᠶᠠᠰᠤ ᠴᠢᠨᠠᠷ ᠤᠨ 100 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠯᠲᠠ ᠬᠢᠪᠡ᠃ ᠥᠯᠢᠭᠡᠷ ᠠᠪᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ 60 ᠪᠦᠯᠦᠭ ᠤᠳᠠᠭ᠎ᠠ ︵1 ᠪᠦᠯᠦᠭ ᠤᠳᠠᠭ᠎ᠠ ᠬᠢᠷᠢ ᠲᠡᠩᠴᠡᠭᠰᠡᠨ ᠥᠬᠡᠶ︶ ᠭᠠᠷᠭᠠᠵᠤ᠂ ᠪᠤᠰᠤᠳ ᠪᠦᠯᠦᠭ ᠤᠳᠠᠭ᠎ᠠ ᠶᠢ ᠶᠠᠭ ᠰᠢᠯᠭᠠᠨ ᠪᠠᠶᠢᠴᠠᠭᠠᠵᠤ ᠪᠠᠶᠢᠨ᠎ᠠ᠃

    ᠭᠤᠷᠪᠠ ᠳᠤ ᠰᠤᠷᠤᠯᠴᠠᠯᠭ᠎ᠠ ᠶᠢ ᠪᠣᠳᠠᠲᠠᠶᠢᠵᠢᠭᠤᠯᠪᠠ᠃ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠱᠦᠢᠨᠢ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠮᠦᠨᠡᠬᠢ ᠬᠤᠭᠤᠴᠠᠭᠠᠨ ᠳᠤ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠰᠤᠷᠤᠯᠴᠠᠬᠤ ᠪᠠᠷ ᠳᠠᠮᠵᠢᠭᠤᠯᠤᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠬᠤᠶᠠᠷ ᠲᠠᠰᠢᠷᠠᠮ ᠢᠶᠠᠷ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ ᠶᠢ ᠴᠠᠭ ᠲᠤᠬᠠᠶ ᠳᠤᠨᠢ ᠥᠷᠨᠢᠭᠦᠯᠪᠡ᠃ ᠲᠤᠬᠠᠶ ᠶᠢᠨ ᠭᠠᠵᠠᠷ ᠲᠤᠨᠢ ᠬᠦᠷᠴᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠲᠤᠷᠰᠢᠯᠭ᠎ᠠ ᠲᠠᠢ ᠠᠵᠢᠯᠲᠠᠨ ᠲᠠᠢ ᠰᠢᠨ᠎ᠡ ᠲᠣᠭᠲᠠᠭᠠᠯ ᠢ ᠰᠤᠷᠤᠯᠴᠠᠵᠤ᠂ ᠬᠠᠷᠢᠯᠴᠠᠨ ᠰᠤᠳᠤᠯᠵᠤ᠂ ᠬᠠᠮᠲᠤ ᠪᠠᠷ ᠨᠠᠷᠢᠨ ᠵᠦᠢᠯᠡᠰ ᠤᠨ ᠴᠢᠨᠠᠷᠲᠠᠶ ᠵᠦᠢᠯ ᠵᠤᠷᠪᠤᠰ ᠤᠨ ᠲᠠᠶᠢᠯᠤᠮᠵᠢ ᠶᠢ ᠰᠤᠷᠴᠤ ᠨᠡᠪᠲᠡᠷᠡᠲᠡᠯ᠎ᠡ ᠣᠶᠢᠯᠠᠭᠠᠪᠠ᠃

    ᠣᠳᠣᠬᠠᠨ ᠪᠣᠯᠲᠠᠯ᠎ᠠ᠂ ᠪᠠᠶᠠᠨᠨᠠᠭᠤᠷ ᠤᠨ ᠪᠥᠬᠦ ᠬᠤᠲᠠ ᠶᠢᠨ ᠬᠡᠪᠴᠢᠶᠡᠨ ᠳᠠᠬᠢ ᠢᠳᠡᠭᠡᠨ ᠤ ᠬᠠᠮᠢᠶ᠎ᠠ ᠪᠥᠬᠦᠶ ᠦᠢᠯᠡᠳᠬᠦᠨ᠂ ᠬᠢᠮᠢ ᠶᠢᠨ ᠪᠣᠷᠲᠣᠭᠤᠷ᠂ ᠱᠦᠢᠨᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠢ 100% ᠶᠢᠨ ᠬᠠᠷᠢᠴᠠᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠤᠭᠤᠴᠢᠨ ᠠᠪᠴᠤ᠂ ᠪᠠᠶᠠᠨᠨᠠᠭᠤᠷ ᠬᠤᠲᠠ ᠶᠢᠨ ᠢᠳᠡᠭᠡᠨ ᠤ ᠬᠠᠮᠢᠶ᠎ᠠ ᠪᠥᠬᠦᠶ ᠦᠢᠯᠡᠳᠭᠦᠨ ᠦᠢᠯᠡᠳᠪᠦᠷᠢᠯᠡᠬᠦ ᠠᠵᠤ ᠠᠬᠤᠶᠢᠯᠠᠯ ᠢ ᠨᠡᠶᠢᠲᠡ 17 ᠡᠷᠦᠬᠡ᠂ ᠬᠢᠮᠢ ᠶᠢᠨ ᠪᠣᠷᠲᠣᠭᠤᠷ ᠤᠨ 17 ᠡᠷᠦᠬᠡ᠂ ᠱᠦᠢᠨᠢ ᠶᠢᠨ 9 ᠡᠷᠦᠬᠡ ᠲᠠᠢ ᠬᠤᠯᠪᠣᠭᠳᠠᠬᠰᠠᠨ ᠪᠥᠭᠡᠳ ᠪᠠᠶᠢᠴᠠᠭᠠᠭᠰᠠᠨ ᠦᠷ᠎ᠡ ᠳ᠋ᠦᠩ ᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠵᠠᠷᠯᠠᠨ ᠨᠡᠶᠢᠲᠡᠯᠡᠪᠡ᠂ ᠡᠭᠦᠨ ᠳᠤ ᠪᠠᠶᠢᠴᠠᠭᠠᠯᠲᠠ ᠶᠢᠨ ᠳᠤᠮᠳᠠ ᠬᠢᠮᠢ ᠶᠢᠨ ᠪᠣᠷᠲᠣᠭᠤᠷ ᠦᠢᠯᠡᠳᠪᠦᠷᠢᠯᠡᠬᠦ ᠠᠵᠤ ᠠᠬᠤᠶᠢᠯᠠᠯ 2 ᠡᠷᠦᠬᠡ ᠦᠢᠯᠡᠳᠪᠦᠷᠢᠯᠡᠯ ᠢᠶᠠᠨ ᠵᠣᠭᠰᠣᠭᠠᠵᠤ ᠂ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠭᠰᠠᠨ 4 ᠠᠵᠤ ᠠᠬᠤᠶᠢᠯᠠᠯ ᠢ ᠨᠢᠭᠡᠨᠲᠡ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠭᠰᠠᠨ ᠪᠠᠶᠢᠨ᠎ᠠ᠃

 

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ