ᠰᠢᠨ᠎ᠡ ᠲᠥᠮᠥᠰᠥ ᠭᠠᠷᠴᠤ ᠢᠷᠡᠯ᠎ᠡ︕ ᠡᠨᠡ ᠬᠦ ᠲᠦᠮᠦᠰᠦᠨ ᠤ ᠬᠡᠷᠡᠭᠯᠡᠭᠡᠨ ᠤ ᠰᠠᠨᠠᠭᠤᠯᠤᠮᠵᠢ ᠶᠢ ᠬᠤᠷᠢᠶᠠᠵᠤ ᠠᠪᠤᠭᠠᠷᠠᠢ︕
ᠨᠡᠶᠢᠲᠡᠯᠡᠭᠰᠡᠨ ᠴᠠᠭ᠄
2024/6/28

    2024 ᠣᠨ ᠤ ᠲᠥᠮᠥᠰᠥᠨ ᠤ ᠬᠡᠷᠡᠭᠯᠡᠭᠡᠨ ᠤ ᠰᠠᠨᠠᠭᠤᠯᠤᠮᠵᠢ

    ᠲᠥᠮᠥᠰᠥ ᠭᠡᠳᠡᠭ ᠨᠢ ᠶᠠᠭᠤ ᠪᠤᠢ︖

    ᠲᠦᠮᠦᠰᠦ ᠪᠣᠯ ᠬᠠᠰᠢ ᠶᠢᠨ ᠢᠵᠠᠭᠤᠷ ᠬᠠᠰᠢ ᠶᠢᠨ ᠲᠥᠷᠥᠯ ᠤᠨ ᠡᠪᠡᠰᠦᠯᠢᠭ ᠤᠷᠭᠤᠮᠠᠯ ᠪᠣᠯᠣᠨ᠎ᠠ᠃ ᠲᠡᠷᠡ ᠨᠢ ᠪᠦᠬᠦ ᠪᠥᠮᠪᠥᠷᠴᠡᠭ ᠤᠨ ᠳᠥᠷᠪᠡᠳᠦᠭᠡᠷ ᠶᠡᠭᠡ ᠠᠮᠤ ᠪᠤᠳᠠᠭᠠᠨ ᠤ ᠲᠠᠷᠢᠮᠠᠯ ᠪᠠᠶᠢᠵᠤ᠂ ᠵᠥᠪᠬᠡᠨ ᠪᠤᠭᠤᠳᠠᠢ᠂ ᠲᠤᠲᠤᠷᠭ᠎ᠠ ᠪᠠ ᠡᠷᠳᠡᠨᠢ ᠰᠢᠰᠢ ᠶᠢᠨ ᠳᠠᠷᠠᠭ᠎ᠠ ᠯᠠ ᠣᠷᠣᠳᠠᠭ᠃

    ᠳᠥᠮᠥᠰᠥᠨ ᠤ ᠰᠢᠮ᠎ᠡ ᠲᠡᠵᠢᠭᠡᠯ

    ᠲᠥᠮᠥᠰᠥ ᠳᠤ ᠶᠡᠭᠡ ᠬᠡᠮᠵᠢᠶᠡᠨ ᠤ ᠴᠠᠷᠳᠠᠭᠤᠯ ᠠᠭᠤᠯᠵᠤ᠂ ᠬᠦᠮᠦᠨ ᠤ ᠪᠡᠶ᠎ᠡ ᠳᠤ ᠢᠯᠴᠢ ᠬᠠᠩᠭᠠᠳᠠᠭ ᠪᠥᠭᠡᠳ ᠪᠠᠰᠠ ᠪᠠᠭ᠎ᠠ ᠬᠡᠮᠵᠢᠶᠡᠨ ᠤ ᠤᠭᠤᠷᠠᠭ᠂ ᠰᠢᠪᠲᠤᠷᠲᠤ ᠬᠦᠴᠢᠯ ᠵᠢᠴᠢ ᠣᠯᠠᠨ ᠵᠦᠢᠯ ᠤᠨ ᠸᠢᠲ᠋ᠠᠮᠢᠨ᠂ ᠡᠷᠦᠳᠡᠰᠦᠨ ᠪᠣᠳᠠᠰ ᠪᠣᠯᠤᠨ ᠢᠳᠡᠭᠡᠨ ᠤ ᠰᠢᠷᠬᠡᠭᠯᠢᠭ ᠡᠳ᠋ ᠠᠭᠤᠯᠤᠭᠳᠠᠳᠠᠭ᠃ ᠴᠠᠷᠳᠠᠭᠤᠯ ᠤᠨ ᠬᠠᠮᠠᠭᠠᠯᠠᠯᠲᠠ ᠲᠠᠢ ᠪᠣᠯᠬᠤᠷ ᠲᠥᠮᠥᠰᠥᠨ ᠳᠣᠲᠣᠷᠠᠬᠢ ᠸᠢᠲ᠋ᠠᠮᠢᠨ C ᠨᠢ ᠪᠣᠯᠭᠤᠭᠠᠬᠤ ᠶᠠᠪᠤᠴᠠ ᠳᠤ ᠠᠮᠠᠷᠬᠠᠨ ᠠᠯᠳᠠᠭᠳᠠᠬᠤ ᠦᠭᠡᠢ ᠪᠥᠭᠡᠳ ᠠᠰᠢᠭᠯᠠᠯᠲᠠ ᠨᠢ ᠶᠡᠷᠦᠳᠡ ᠶᠢᠨ ᠢᠳᠡᠰᠢᠨ ᠨᠣᠭᠤᠭᠠᠨ ᠠᠴᠠ ᠥᠨᠳᠥᠷ ᠪᠠᠶᠢᠳᠠᠭ᠃ ᠡᠭᠦᠨ ᠤ ᠬᠠᠮᠲᠤ᠂ ᠲᠥᠮᠥᠰᠥ ᠳᠤ ᠪᠠᠰᠠ ᠨᠡᠯᠢᠶᠡᠳ ᠣᠯᠠᠨ ᠺᠠᠯᠢ ᠪᠠ ᠮᠠᠭᠨᠢ ᠠᠭᠤᠯᠤᠭᠳᠠᠳᠠᠭ᠂ ᠡᠨᠡ ᠬᠤᠶᠠᠷ ᠵᠦᠢᠯ ᠤᠨ ᠰᠢᠮ᠎ᠡ ᠲᠡᠵᠢᠭᠡᠯ ᠤᠨ ᠡᠳ᠋ ᠨᠢ ᠴᠢᠰᠤᠨ ᠳᠠᠷᠤᠯᠲᠠ ᠶᠢ ᠲᠣᠭᠲᠠᠪᠤᠷᠢᠵᠢᠭᠤᠯᠬᠤ ᠪᠠ ᠵᠢᠷᠦᠬᠡ ᠶᠢ ᠬᠠᠮᠠᠭᠠᠯᠠᠬᠤ ᠳᠤ ᠴᠥᠮ ᠴᠢᠬᠤᠯᠠ ᠦᠢᠯᠡᠳᠦᠯ ᠲᠠᠢ ᠪᠥᠭᠡᠳ ᠪᠠᠰᠠ ᠲᠦᠢᠯ ᠤᠨ ᠰᠠᠶᠢᠨ ᠺᠠᠯᠢ ᠶᠡᠭᠡ ᠨᠠᠲᠷᠢ ᠪᠠᠭ᠎ᠠ ᠠᠭᠤᠯᠤᠭᠳᠠᠬᠤ ᠢᠳᠡᠭᠡᠨ ᠪᠣᠯᠤᠨ᠎ᠠ᠃

    ᠲᠥᠮᠥᠰᠥ ᠶᠢ ᠬᠡᠷᠬᠢᠨ ᠰᠣᠩᠭᠤᠬᠤ ᠪᠣᠢ︖

    ᠲᠥᠮᠥᠰᠥ ᠬᠤᠳᠠᠯᠳᠤᠨ ᠠᠪᠬᠤ ᠳᠤ ᠴᠢᠳᠠᠬᠤ ᠶᠢᠨ ᠳᠣᠲᠣᠷ᠎ᠠ ᠭᠥᠯᠢᠭᠡᠷ ᠪᠥᠮᠪᠥᠷᠢᠭᠡᠨ᠂ ᠥᠩᠭᠡ ᠨᠢ ᠵᠢᠭᠳᠡ᠂ ᠨᠣᠭᠤᠭᠠᠷᠠᠭᠰᠠᠨ ᠦᠭᠡᠢ ᠰᠢᠨ᠎ᠡ ᠰᠣᠷᠭᠤᠭ ᠲᠥᠮᠥᠰᠥ ᠶᠢ ᠰᠣᠩᠭᠤᠵᠤ᠂ ᠤᠷᠲᠤ ᠨᠢᠯᠬ᠎ᠠ ᠴᠢᠬᠢ ᠲᠠᠢ᠂ ᠥᠩᠭᠡ ᠨᠢ ᠭᠦᠨ ᠰᠠᠷᠠᠯ ᠥᠩᠭᠡ ᠲᠠᠢ ᠪᠤᠶᠤ ᠬᠠᠷ᠎ᠠ ᠲᠣᠯᠪᠤ ᠲᠠᠢ ᠬᠥᠯᠳᠡᠵᠦ ᠰᠢᠷᠬᠠᠲᠤᠭᠰᠠᠨ ᠪᠤᠶᠤ ᠢᠯᠵᠠᠷᠠᠭᠰᠠᠨ ᠲᠥᠮᠥᠰᠥ ᠶᠢ ᠪᠢᠲᠡᠭᠡᠢ ᠰᠣᠩᠭᠤᠭᠠᠷᠠᠢ᠂ ᠡᠶᠢᠮᠦᠷᠬᠦᠦ ᠲᠥᠮᠥᠰᠥ ᠶᠢ ᠢᠳᠡᠪᠡᠯ ᠬᠤᠣᠷᠳᠠᠯ ᠡᠭᠦᠰᠴᠦ ᠮᠡᠳᠡᠨ᠎ᠡ᠃

    ᠲᠥᠮᠥᠰᠥ ᠬᠠᠳᠠᠭᠠᠯᠠᠬᠤ

    ᠲᠥᠮᠥᠰᠥ ᠶᠢᠨ ᠤᠰᠤᠨ ᠤ ᠠᠭᠤᠯᠤᠭᠳᠠᠴᠠ ᠥᠨᠳᠥᠷ᠂ ᠠᠮᠠᠷᠬᠠᠨ ᠢᠯᠵᠠᠷᠠᠳᠠᠭ ᠲᠤᠯᠠ᠂ ᠬᠠᠳᠠᠭᠠᠯᠠᠬᠤ ᠣᠷᠴᠢᠨ ᠲᠣᠭᠤᠷᠢᠨ ᠨᠢ ᠴᠡᠪᠡᠷ ᠴᠡᠮᠴᠡᠭᠡᠷ᠂ ᠬᠠᠭᠤᠷᠠᠶ᠂ ᠰᠠᠯᠬᠢ ᠨᠡᠪᠲᠡᠷᠡᠬᠦ᠂ ᠪᠣᠬᠢᠷᠲᠤᠯ ᠥᠬᠡᠶ ᠪᠠᠶᠢᠬᠤ ᠶᠢ ᠱᠠᠭᠠᠷᠳᠠᠨ᠎ᠠ᠃ 5 ᠭᠷᠡᠳᠦ᠋ᠰ ᠣᠷᠴᠢᠮ ᠤᠨ ᠰᠡᠷᠢᠭᠦᠬᠡᠨ ᠰᠠᠯᠬᠢ ᠨᠡᠪᠲᠡᠷᠡᠬᠦ ᠭᠠᠵᠠᠷ ᠲᠤ ᠬᠠᠳᠠᠭᠠᠯᠠᠬᠤ ᠬᠡᠷᠡᠭᠲᠡᠢ᠃ ᠳᠤᠯᠠᠭᠠᠨ ᠤ ᠬᠡᠮᠵᠢᠶ᠎ᠡ ᠨᠢ ᠥᠨᠳᠥᠷ ᠪᠣᠯ ᠰᠣᠶᠣᠭᠠᠯᠠᠬᠤ ᠪᠤᠶᠤ ᠢᠯᠵᠠᠷᠠᠵᠤ᠂ ᠳᠤᠯᠠᠭᠠᠨ ᠤ ᠬᠡᠮᠵᠢᠶ᠎ᠡ ᠨᠢ ᠳᠣᠣᠷ᠎ᠠ ᠪᠣᠯ ᠬᠥᠯᠳᠡᠵᠦ᠂ ᠴᠢᠭᠢᠭ ᠤᠨ ᠬᠡᠮᠵᠢᠶ᠎ᠡ ᠨᠢ ᠶᠡᠭᠡ ᠪᠣᠯ ᠠᠮᠠᠷᠬᠠᠨ ᠢᠯᠵᠢᠷᠡᠨ᠎ᠡ᠃

    ᠢᠳᠡᠭᠡᠨ ᠳᠤ ᠠᠩᠬᠠᠷᠬᠤ ᠵᠦᠢᠯ

    1. ᠲᠥᠮᠥᠰᠥ ᠶᠢ ᠵᠣᠬᠢᠰ ᠦᠭᠡᠢ ᠬᠠᠳᠠᠭᠠᠯᠠᠭᠰᠠᠨ ᠠᠴᠠ ᠪᠣᠯᠵᠤ ᠨᠠᠬᠢᠶᠠᠯᠠᠭᠰᠠᠨ ᠤ ᠳᠠᠷᠠᠭ᠎ᠠ᠂ ᠴᠢᠬᠢ ᠶᠢᠨ ᠬᠡᠰᠡᠭ ᠨᠢ ᠬᠦᠷᠡᠩ ᠥᠩᠭᠡᠲᠡᠢ ᠪᠣᠯᠵᠤ᠂ ᠠᠭᠤᠯᠤᠭᠳᠠᠴᠠ ᠪᠠᠷ ᠨᠡᠯᠢᠶᠡᠳ ᠥᠨᠳᠥᠷ ᠬᠤᠤᠷᠲᠤ ᠪᠣᠳᠠᠰ — ᠨᠣᠬᠠᠢ ᠦᠵᠦᠮ ᠤᠨ ᠬᠤᠵᠢᠷ ᠡᠭᠦᠰᠳᠡᠭ᠂ ᠪᠠᠰᠠ ᠨᠣᠬᠠᠢ ᠦᠵᠦᠮ ᠤᠨ ᠡᠳ᠋ ᠭᠡᠳᠡᠭ᠂ ᠰᠠᠨᠠᠮᠰᠠᠷ ᠦᠭᠡᠢ ᠪᠠᠷ ᠶᠡᠭᠡ ᠬᠡᠮᠵᠢᠶ᠎ᠡ ᠪᠠᠷ ᠢᠳᠡᠵᠦ ᠣᠷᠣᠭᠤᠯᠪᠠᠯ ᠠᠮᠠᠷᠬᠠᠨ ᠬᠤᠣᠷᠳᠠᠭᠳᠠᠨ᠎ᠠ᠃ ᠡᠩ ᠤᠨ ᠲᠦᠮᠦᠰᠦ ᠳᠠᠬᠢ ᠨᠣᠬᠠᠢ ᠦᠵᠦᠮ ᠤᠨ ᠡᠳ᠋ ᠤᠨ ᠠᠭᠤᠯᠤᠭᠳᠠᠴᠠ ᠨᠢ ᠶᠡᠷᠦ ᠳᠤ ᠪᠠᠨ 2 — 10mg/100g ᠪᠠᠶᠢᠵᠤ᠂ ᠨᠠᠬᠢᠶᠠᠯᠠᠭᠰᠠᠨ᠂ ᠬᠠᠯᠢᠰᠤ ᠨᠢ ᠨᠣᠭᠤᠭᠠᠷᠠᠭᠰᠠᠨ ᠲᠥᠮᠥᠰᠥ ᠳᠠᠬᠢ ᠠᠭᠤᠯᠤᠭᠳᠠᠴᠠ ᠨᠢ 35 — 40mg/100g ᠪᠠᠶᠢᠵᠤ᠂ ᠨᠢᠯᠬ᠎ᠠ ᠨᠠᠬᠢᠶ᠎ᠠ ᠵᠢᠴᠢ ᠨᠠᠬᠢᠶᠠᠨ ᠪᠠᠶᠢᠷᠢ ᠶᠢᠨ ᠬᠡᠰᠡᠭ ᠤᠨ ᠬᠢᠨ ᠠᠭᠤᠯᠤᠭᠳᠠᠴᠠ ᠨᠢ ᠨᠡᠩ ᠥᠨᠳᠥᠷ ᠪᠠᠶᠢᠳᠠᠭ᠃

    2. ᠬᠡᠷᠡᠭᠯᠡᠭᠴᠢᠳ ᠪᠣᠯᠪᠠᠰᠤᠷᠠᠭ᠎ᠠ ᠦᠭᠡᠢ ᠨᠣᠭᠤᠭᠠᠷᠠᠭᠰᠠᠨ ᠬᠠᠯᠢᠰᠤᠲᠠᠢ ᠲᠥᠮᠥᠰᠥ ᠪᠤᠶᠤ ᠨᠠᠬᠢᠶᠠᠯᠠᠭᠰᠠᠨ ᠲᠥᠮᠥᠰᠥ ᠶᠢ ᠢᠳᠡᠵᠦ ᠪᠣᠯᠬᠤ ᠦᠭᠡᠢ᠃ ᠬᠡᠷᠪᠡ ᠨᠣᠭᠤᠭᠠᠷᠠᠭᠰᠠᠨ ᠲᠠᠯᠠᠪᠠᠢ ᠨᠢ ᠨᠡᠯᠢᠶᠡᠳ ᠪᠠᠭ᠎ᠠ᠂ ᠨᠠᠬᠢᠶᠠᠯᠠᠭᠰᠠᠨ ᠬᠡᠰᠡᠭ ᠨᠢ ᠨᠡᠯᠢᠶᠡᠳ ᠪᠠᠭ᠎ᠠ ᠪᠣᠯ ᠨᠣᠭᠤᠭᠠᠷᠠᠭᠰᠠᠨ ᠬᠡᠰᠡᠭ ᠪᠤᠶᠤ ᠨᠠᠬᠢᠶᠠᠨ ᠪᠠᠶᠢᠷᠢ ᠶᠢ ᠨᠢ ᠲᠦᠢᠯᠪᠤᠷᠢᠲᠠᠶ ᠮᠠᠯᠲᠠᠬᠤ ᠶᠢᠨ ᠬᠠᠮᠲᠤ ᠡᠷᠭᠢᠨ ᠲᠣᠭᠤᠷᠢᠨ ᠤ ᠬᠡᠰᠡᠭ ᠢ ᠨᠢ ᠠᠷᠢᠯᠭᠠᠬᠤ ᠬᠡᠷᠡᠭᠲᠡᠶ᠃ ᠨᠣᠭᠤᠭᠠᠷᠠᠭᠰᠠᠨ ᠲᠠᠯᠠᠪᠠᠢ ᠨᠢ ᠨᠡᠯᠢᠶᠡᠳ ᠶᠡᠭᠡ᠂ ᠨᠠᠬᠢᠶᠠᠯᠠᠭᠰᠠᠨ ᠬᠡᠰᠡᠭ ᠨᠢ ᠨᠡᠯᠢᠶᠡᠳ ᠠᠷᠪᠢᠨ ᠪᠣᠯ ᠢᠳᠡᠵᠦ ᠪᠣᠯᠬᠤ ᠦᠭᠡᠶ᠃

ᠳᠣᠲᠣᠨᠣ ᠰᠠᠨᠠᠭᠤᠯᠤᠮᠵᠢ

    ᠲᠠ ᠦᠢᠯᠡᠳᠬᠦᠨ ᠬᠤᠳᠠᠯᠳᠤᠨ ᠠᠪᠬᠤ ᠪᠠ ᠢᠳᠡᠬᠦ ᠶᠠᠪᠤᠴᠠ ᠳᠤ ᠶᠠᠰᠤ ᠴᠢᠨᠠᠷ ᠤᠨ ᠠᠰᠠᠭᠤᠳᠠᠯ ᠪᠤᠶᠤ ᠬᠤᠯᠪᠣᠭᠳᠠᠯ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ 12345 ᠪᠤᠶᠤ 12315 ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ᠃

 

ᠢᠷᠡᠯᠲᠡ᠄ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ