584 ᠪᠦᠯᠦᠭ ᠤᠳᠠᠭ᠎ᠠ ᠶᠢᠨ ᠢᠳᠡᠭᠡᠨ ᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠳᠡᠯ ︵2024 ᠣᠨ ᠤ 7 ᠳ᠋ᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/6/3

    ᠣᠶᠢᠷ᠎ᠠ ᠶᠢᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠴᠠᠢ ᠵᠢᠴᠢ ᠬᠠᠮᠢᠶ᠎ᠠ ᠪᠥᠬᠦᠶ ᠪᠦᠲᠦᠭᠡᠭᠳᠡᠬᠦᠨ᠂ ᠬᠠᠭᠤᠷᠤᠭᠰᠠᠨ ᠢᠳᠡᠭᠡᠨ ᠵᠢᠴᠢ ᠬᠠᠲᠠᠭᠤ ᠵᠢᠮᠢᠰ ᠤᠨ ᠪᠦᠲᠦᠭᠡᠭᠳᠡᠬᠦᠨ᠂ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ᠂ ᠠᠮᠲᠠ ᠣᠷᠣᠭᠤᠯᠬᠤ ᠡᠳ᠋᠂ ᠪᠤᠷᠴᠠᠭ ᠤᠨ ᠪᠦᠲᠦᠭᠡᠭᠳᠡᠬᠦᠨ᠂ ᠲᠥᠬᠦᠮ ᠢᠳᠡᠭᠡᠨ᠂ ᠪᠣᠭᠤᠷᠰᠤᠭ᠂ ᠭᠤᠸᠠᠨᠲᠤᠤ᠂ ᠠᠷᠢᠬᠢᠨ ᠤ ᠵᠦᠢᠯ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ᠂ ᠮᠢᠬᠠᠨ ᠤ ᠵᠦᠢᠯ᠂ ᠴᠠᠭᠠᠨ ᠢᠳᠡᠭᠡᠨ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ ᠲᠣᠰᠣ᠂ ᠲᠣᠰᠣ ᠵᠢᠴᠢ ᠲᠡᠭᠦᠨ ᠤ ᠪᠦᠲᠦᠭᠡᠭᠳᠡᠬᠦᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ᠂ ᠵᠢᠮᠢᠰ ᠤᠨ ᠪᠦᠲᠦᠭᠡᠭᠳᠡᠬᠦᠨ᠂ ᠰᠢᠬᠢᠷ ᠤᠨ ᠪᠦᠲᠦᠭᠡᠭᠳᠡᠬᠦᠨ᠂ ᠤᠮᠳᠠᠭᠠᠨ᠂ ᠢᠳᠡᠭᠡᠨ ᠤᠮᠳᠠᠭᠠᠨ ᠵᠡᠷᠭᠡ 19 ᠶᠡᠭᠡ ᠲᠥᠷᠥᠯ ᠤᠨ ᠢᠳᠡᠭᠡᠨ ᠤ 584 ᠪᠦᠯᠦᠭ ᠤᠳᠠᠭ᠎ᠠ ᠶᠢᠨ ᠥᠯᠢᠭᠡᠷ ᠡᠳ᠋ ᠢ ᠰᠤᠭᠤᠴᠢᠨ ᠠᠪᠴᠤ᠂ 7 ᠪᠦᠯᠦᠭ ᠤᠳᠠᠭ᠎ᠠ ᠶᠢᠨ ᠬᠢᠷᠢ ᠲᠡᠩᠴᠡᠬᠦ ᠥᠬᠡᠶ ᠥᠯᠢᠭᠡᠷ ᠡᠳ᠋ ᠢ ᠪᠠᠶᠢᠴᠠᠭᠠᠨ ᠭᠠᠷᠭᠠᠪᠠ᠃ ᠭᠤᠣᠯᠳᠠᠭᠤ ᠢᠳᠡᠭᠡᠨ ᠤ ᠠᠮᠤᠷ ᠲᠦᠪᠰᠢᠨ ᠲᠠᠢ ᠬᠤᠯᠪᠣᠭᠳᠠᠬᠤ ᠶᠠᠰᠤ ᠴᠢᠨᠠᠷ ᠤᠨ ᠭᠦᠢᠴᠡᠳᠬᠡᠯ ᠲᠤᠭ᠎ᠠ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠠᠰᠠᠭᠤᠳᠠᠯ᠂ ᠲᠠᠷᠢᠶᠠᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ᠂ ᠬᠦᠨᠳᠦ ᠲᠡᠮᠦᠷᠯᠢᠭ ᠤᠨ ᠪᠣᠬᠢᠷᠲᠤᠯ᠂ ᠮᠢᠺᠷᠣᠪ ᠤᠨ ᠪᠣᠬᠢᠷᠲᠤᠯ᠂ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠵᠡᠷᠭᠡ ᠠᠰᠠᠭᠤᠳᠠᠯ ᠪᠣᠯᠣᠨ᠎ᠠ᠃

    ᠰᠤᠭᠤᠴᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠢᠷᠢ ᠲᠡᠩᠴᠡᠭᠰᠡᠨ ᠥᠬᠡᠶ ᠢᠳᠡᠭᠡᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ᠂ᠲᠦᠩᠯᠢᠶᠣᠤ ᠬᠤᠲᠠ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠪᠠᠶᠢᠴᠠᠭᠠᠨ ᠲᠣᠳᠣᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠷᠢ ᠲᠡᠩᠴᠡᠭᠰᠡᠨ ᠥᠬᠡᠶ ᠦᠢᠯᠡᠳᠬᠦᠨ ᠢᠶᠠᠨ ᠪᠠᠭᠤᠯᠭᠠᠵᠤ ᠡᠭᠡᠭᠦᠯᠦᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠦᠭᠰᠢᠭᠦᠷᠢ ᠶᠢ ᠡᠵᠡᠮᠳᠡᠪᠡ︔ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠡ︔ ᠠᠵᠤ ᠠᠬᠤᠶᠢᠯᠠᠯ ᠤᠨ ᠠᠪᠤᠭᠰᠠᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠪᠡ᠃

    ᠡᠳᠦᠭᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠣᠳᠠᠲᠠᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄

ᠨᠢᠭᠡ᠂ ᠶᠠᠰᠤ ᠴᠢᠨᠠᠷ ᠤᠨ ᠭᠦᠢᠴᠡᠳᠬᠡᠯ ᠲᠤᠭ᠎ᠠ ᠪᠠᠷᠢᠮᠵᠢᠶ᠎ᠠ ᠳᠤ ᠬᠥᠷᠥᠭᠰᠡᠨ ᠦᠭᠡᠶ ᠪᠠᠶᠢᠬᠤ ᠠᠰᠠᠭᠤᠳᠠᠯ

    ᠬᠢᠩᠭᠠᠨ ᠠᠢᠮᠠᠭ ᠤᠨ ᠤᠯᠠᠭᠠᠨᠬᠤᠲᠠ ᠶᠢᠨ ᠹᠦ᠋ ᠰᠢ ᠳ᠋ᠧᠩ ᠯᠠᠢ ᠬᠡᠳᠦ ᠳᠡᠯᠭᠡᠭᠦᠷ ᠲᠤ ᠪᠣᠷᠣᠯᠠᠭᠤᠯᠤᠭᠰᠠᠨ᠂ ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦ᠋ ᠺᠧ ᠭᠤᠸᠠ ᠶᠢᠨ ᠦᠷ᠎ᠡ ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ ᠭᠤᠸᠠ ᠶᠢᠨ ᠦᠷ᠎ᠡ ᠨᠢ ᠬᠡᠳᠦ ᠢᠰᠦᠯᠲᠡ ᠶᠢᠨ ᠬᠡᠮᠵᠢᠭᠳᠡᠯ ︵ᠥᠭᠡᠬᠦ ᠪᠠᠷ ᠪᠣᠳᠣᠨ᠎ᠠ︶ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠬᠤᠶᠠᠷ᠂ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ

    ᠬᠥᠬᠡᠬᠤᠲᠠ ᠶᠢᠨ ᠬᠤᠲᠣᠩ ᠠᠷᠠᠳ ᠶᠢᠨ ᠲᠣᠭᠤᠷᠢᠭ ᠤᠨ ᠸᠧᠨ ᠬᠦᠢ ᠹᠠ ᠢᠳᠡᠰᠢᠨ ᠨᠣᠭᠤᠭ᠎ᠠ ᠪᠣᠷᠣᠯᠠᠭᠤᠯᠬᠤ ᠭᠠᠵᠠᠷ ᠤᠨ ᠪᠣᠷᠣᠯᠠᠭᠤᠯᠤᠭᠰᠠᠨ ᠭᠠ ᠶᠢᠨ ᠲᠢᠶᠠᠲ ᠠᠮᠢᠨ᠂ ᠲᠢᠶᠠᠽᠢᠨ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠭᠤᠷᠪᠠ᠂ ᠬᠦᠨᠳᠦ ᠲᠡᠮᠦᠷᠯᠢᠭ ᠤᠨ ᠪᠣᠬᠢᠷᠲᠤᠯ ᠤᠨ ᠠᠰᠠᠭᠤᠳᠠᠯ

    ᠤᠯᠠᠭᠠᠨᠴᠠᠪ ᠬᠤᠲᠠ ᠶᠢᠨ ᠸᠧᠢ ᠳ᠋ᠦᠸᠧ ᠯᠢ ᠬᠡᠳᠦ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠴᠠᠬᠠᠷ ᠶᠡᠭᠡ ᠵᠡᠭᠡᠯᠢ ᠶᠢᠨ ᠬᠡᠳᠦ ᠳᠡᠯᠭᠡᠭᠦᠷ ᠤᠨ ᠬᠤᠪᠢᠶᠠᠷᠢ ᠺᠣᠮᠫᠠᠨᠢ ᠶᠢᠨ ᠪᠣᠷᠣᠯᠠᠭᠤᠯᠤᠭᠰᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠢ ᠹᠧᠩ ᠬᠠᠭᠤᠷᠤᠭᠰᠠᠨ ᠠᠮᠤ ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ ᠠᠮᠲᠠᠲᠤ ᠬᠠᠭᠤᠷᠤᠭᠰᠠᠨ ᠪᠤᠳᠠᠭᠠᠨ ᠤ ᠲᠤᠭᠤᠯᠭ᠎ᠠ ︵Pb ᠢᠶᠠᠷ ᠪᠣᠳᠣᠨ᠎ᠠ︶ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠲᠦᠷᠪᠡ᠂ ᠮᠢᠺᠷᠣᠪ ᠤᠨ ᠪᠣᠬᠢᠷᠲᠤᠯ ᠤᠨ ᠠᠰᠠᠭᠤᠳᠠᠯ

    ︵ᠨᠢᠭᠡ︶ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠢᠨ ᠱᠠᠨ ᠰᠤᠷᠭᠠᠭᠤᠯᠢ ᠶᠢᠨ ᠲᠣᠭᠤᠷᠢᠭ ᠤᠨ ᠰᠤᠷᠤᠭᠴᠢᠳ ᠤᠨ ᠬᠤᠭᠤᠯᠠᠨ ᠭᠡᠷ ᠤᠨ ᠬᠡᠷᠡᠭᠯᠡᠬᠦ ᠠᠶᠠᠭ᠎ᠠ᠂ ᠪᠦᠳᠦᠭᠦᠨ ᠭᠡᠳᠡᠰᠦᠨ ᠪᠠᠺᠲ᠋ᠧᠷᠢ ᠶᠢᠨ ᠪᠦᠯᠦᠭ ᠲᠤᠭ᠎ᠠ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠬᠤᠶᠠᠷ︶ ᠪᠤᠭᠤᠲᠤ ᠬᠤᠲᠠ ᠶᠢᠨ ᠶᠦᠩ ᠱᠧᠩ ᠴᠧᠩ ᠪᠦᠷᠢᠨ ᠪᠠᠷᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠾᠦᠢ ᠳ᠋ᠧ ᠳᠡᠯᠭᠡᠭᠦᠷ ᠤᠨ ᠪᠣᠷᠣᠯᠠᠭᠤᠯᠤᠭᠰᠠᠨ᠂ ᠥᠪᠥᠷ ᠮᠣᠩᠭᠤᠯ ᠤᠨ ᠱᠠᠩᠳᠤ ᠰᠢᠶᠠᠨ ᠤ ᠶᠤᠸᠠᠨ ᠬᠤᠤ ᠬᠠᠭᠤᠷᠤᠭᠰᠠᠨ ᠠᠮᠤ ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ ᠤᠯᠠᠮᠵᠢᠯᠠᠯᠲᠤ ᠮᠣᠩᠭᠤᠯ ᠬᠠᠭᠤᠷᠤᠭᠰᠠᠨ ᠪᠤᠳᠠᠭᠠᠨ ᠤ ᠸᠠ ᠶᠢᠨ ᠪᠠᠺᠲ᠋ᠧᠷᠢ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

    ︵ᠭᠤᠷᠪᠠ︶ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠾᠧ ᠫᠢᠩ ᠵᠠᠮ ᠤᠨ ᠭᠤᠸᠠᠩ ᠹᠠ ᠲᠠᠯ᠎ᠠ ᠨᠤᠲᠤᠭ ᠤᠨ ᠦᠬᠡᠷ ᠤᠨ ᠪᠣᠷᠴᠠ ᠶᠢᠨ ᠳᠡᠯᠭᠡᠭᠦᠷ ᠤᠨ ᠪᠣᠷᠣᠯᠠᠭᠤᠯᠤᠭᠰᠠᠨ᠂ ᠲᠦᠩᠯᠢᠶᠣᠤ ᠬᠤᠲᠠ ᠶᠢᠨ ᠭᠤᠸᠠᠩ ᠹᠠ ᠲᠠᠯ᠎ᠠ ᠨᠤᠲᠤᠭ ᠤᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ᠭᠤᠸᠠᠩ ᠹᠠ ᠲᠠᠯ᠎ᠠ ᠨᠤᠲᠤᠭ ᠤᠨ ᠮᠣᠩᠭᠤᠯ ᠰᠦ ᠲᠠᠢ ᠴᠠᠢ ᠶᠢᠨ ︵ᠬᠠᠲᠠᠭᠤ ᠪᠡᠶᠡᠲᠦ ᠤᠮᠳᠠᠭᠠᠨ︶ ᠸᠠ ᠶᠢᠨ ᠪᠠᠺᠲ᠋ᠧᠷᠢ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠢ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠲᠠᠪᠤ᠂ ᠮᠠᠯ ᠤᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ

    ᠬᠥᠬᠡᠬᠤᠲᠠ ᠶᠢᠨ ᠢᠦ᠋ᠢᠴᠢᠤᠸᠠᠨ ᠲᠣᠭᠤᠷᠢᠭ ᠤᠨ ᠯᠢᠨ ᠯᠢ ᠤᠰᠤᠨ ᠤ ᠭᠠᠷᠤᠯᠲᠠ ᠡᠵᠡᠩᠨᠡᠨ ᠪᠣᠷᠣᠯᠠᠭᠤᠯᠬᠤ ᠭᠠᠵᠠᠷ ᠤᠨ ᠪᠣᠷᠣᠯᠠᠭᠤᠯᠤᠭᠰᠠᠨ ᠭᠠᠼᠠ ᠵᠢᠭᠠᠰᠤᠨ ᠤ ᠡᠸ᠋ᠨ ᠨᠦᠸᠧ ᠱᠠ ᠰᠢᠩ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ᠃ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠪᠣᠯᠤᠨ᠎ᠠ᠃

ᠡᠭᠦᠨ ᠤ ᠲᠤᠯᠠ ᠣᠨᠴᠠᠭᠠᠶᠢᠯᠠᠨ ᠵᠠᠷᠯᠠᠪᠠ᠃

 

ᠳᠠᠭᠠᠯᠳᠤᠭᠤᠯᠤᠯ᠄

    1. ᠬᠢᠷᠢ ᠲᠡᠩᠴᠡᠭᠰᠡᠨ ᠦᠢᠯᠡᠳᠬᠦᠨ ᠤ ᠮᠡᠳᠡᠭᠡ ᠵᠠᠩᠭᠢ

    2. ᠬᠢᠷᠢ ᠲᠡᠩᠴᠡᠭᠰᠡᠨ ᠦᠭᠡᠶ ᠦᠢᠯᠡᠳᠬᠦᠨ ᠤ ᠮᠡᠳᠡᠭᠡ ᠵᠠᠩᠭᠢ

    3. ᠬᠡᠰᠡᠭ ᠬᠢᠷᠢ ᠲᠡᠩᠴᠡᠬᠦ ᠦᠭᠡᠢ ᠰᠢᠯᠭᠠᠨ ᠪᠠᠶᠢᠴᠠᠭᠠᠬᠤ ᠲᠥᠷᠥᠯ ᠵᠦᠢᠯ ᠤᠨ ᠵᠢᠵᠢᠭ ᠮᠡᠳᠡᠯᠭᠡ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

        2024 ᠣᠨ ᠤ 6 ᠳ᠋ᠤᠭᠠᠷ ᠰᠠᠷ᠎ᠠ ᠶᠢᠨ 3 ᠤ ᠡᠳᠦᠷ

 

ᠢᠷᠡᠯᠲᠡ᠄ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠬᠢᠭᠡᠳ ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ᠭᠠᠵᠠᠷ