ᠪᠥᠬᠦ ᠣᠷᠣᠨ ᠤ ᠢᠨᠲ᠋ᠧᠷ ᠰᠦᠯᠵᠢᠶᠡᠨ ᠤ ᠵᠠᠷ ᠮᠡᠳᠡᠭᠡᠨ ᠤ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠮᠵᠢ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ ᠶᠢᠨ ᠵᠢᠯᠣᠭᠤᠳᠣᠯᠭ᠎ᠠ ᠪᠣᠯᠪᠠᠰᠤᠷᠠᠯ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/7/1

    ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠠᠷ ᠮᠡᠳᠡᠭᠡ ᠪᠠᠷ ᠬᠥᠳᠡᠭᠡ ᠠᠵᠤ ᠠᠬᠤᠶ ᠶᠢ ᠳᠡᠮᠵᠢᠨ ᠠᠵᠤ ᠠᠬᠤᠶᠢᠯᠠᠯ ᠢ ᠳᠡᠮᠵᠢᠬᠦ︾ ᠠᠵᠢᠯᠯᠠᠭ᠎ᠠ ᠶᠢ ᠥᠷᠨᠢᠭᠦᠯᠵᠦ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠃ 6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠠᠷᠢᠨ ᠨᠢᠮᠪᠠᠶ ᠵᠣᠬᠢᠶᠠᠨ ᠪᠠᠶᠢᠭᠤᠯᠤᠭᠰᠠᠨ ︽ᠪᠥᠬᠦ ᠣᠷᠣᠨ ᠤ ᠢᠨᠲ᠋ᠧᠷ ᠰᠦᠯᠵᠢᠶᠡᠨ ᠤ ᠵᠠᠷ ᠮᠡᠳᠡᠭᠡᠨ ᠤ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠮᠵᠢ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ ᠶᠢᠨ ᠵᠢᠯᠣᠭᠤᠳᠣᠯᠭ᠎ᠠ ᠪᠣᠯᠪᠠᠰᠤᠷᠠᠯ︾ ᠤᠨ ᠠᠵᠢᠯᠯᠠᠭ᠎ᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠵᠢᠩᠬᠢᠨᠢ ᠪᠠᠷ ᠡᠬᠢᠯᠡᠪᠡ᠃


W020240701646680089072.jpg


    ᠲᠣᠰ ᠤᠳᠠᠭᠠᠨ ᠤ ᠠᠵᠢᠯᠯᠠᠭ᠎ᠠ ᠳᠤ ᠴᠤᠤᠷᠢᠶ᠎ᠠ ᠲᠠᠪᠴᠠᠩ ᠤᠨ ᠲᠤᠰᠬᠠᠶ ᠮᠡᠷᠭᠡᠵᠢᠯ ᠤᠨ ᠯᠧᠺᠲ᠋ᠣᠷ᠂ ᠶᠡᠭᠡ ᠳᠡᠭᠡᠳᠦ ᠰᠤᠷᠭᠠᠭᠤᠯᠢ ᠶᠢᠨ ᠫᠷᠤᠹᠧᠰᠰᠤᠷ ᠪᠠ ᠠᠵᠢᠯ ᠲᠥᠷᠥᠯ ᠤᠨ ᠳᠣᠲᠣᠷᠠᠬᠢ ᠨᠡᠷ᠎ᠡ ᠲᠥᠷᠥ ᠲᠠᠢ ᠲᠤᠰᠬᠠᠶ ᠮᠡᠷᠭᠡᠵᠢᠯᠲᠡᠨ ᠢ ᠤᠷᠢᠵᠤ ᠪᠣᠳᠠᠲᠤ ᠬᠦᠴᠦᠨ ᠢᠶᠠᠷ ᠴᠢᠩᠭ᠎ᠠ ᠵᠢᠭᠠᠨ ᠰᠤᠷᠭᠠᠯᠲᠠ ᠶᠢᠨ ᠪᠦᠯᠬᠦᠮ ᠢ ᠪᠦᠷᠢᠯᠳᠦᠭᠦᠯᠦᠨ᠂ ᠠᠶᠢᠮᠠᠭ ᠬᠤᠲᠠ ᠶᠢᠨ ᠭᠠᠵᠠᠷ ᠣᠷᠣᠨ ᠤ ᠤᠨᠴᠠᠯᠢᠭᠳᠤ ᠠᠵᠤ ᠦᠢᠯᠡᠰ ᠤᠨ ᠣᠨᠴᠠᠯᠢᠭ ᠪᠠ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠬᠡᠷᠡᠭᠴᠡᠭᠡ ᠱᠠᠭᠠᠷᠳᠠᠯᠭ᠎ᠠ ᠵᠢᠴᠢ ᠢᠨᠲ᠋ᠧᠷ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ ᠶᠢᠨ ᠳᠤᠲᠠᠭᠳᠠᠯ ᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠵᠢᠴᠢ ᠪᠣᠯᠪᠠᠰᠤᠷᠠᠯ ᠤᠨ ᠠᠭᠤᠯᠭ᠎ᠠ ᠶᠢ ᠪᠠᠶᠢᠳᠠᠯ ᠳᠤ ᠨᠢ ᠲᠣᠬᠢᠷᠠᠭᠤᠯᠤᠨ ᠲᠣᠭᠲᠠᠭᠠᠪᠠ᠃ ᠲᠤᠬᠠᠶ ᠶᠢᠨ ᠲᠠᠯᠠᠪᠤᠷ ᠲᠤ ᠵᠢᠯᠣᠭᠤᠳᠬᠤ ᠭᠤᠭᠴᠤᠭ᠎ᠠ ᠳᠤ᠂ ᠯᠧᠺᠲ᠋ᠣᠷ ᠠᠴᠠ ᠤᠯᠠᠭᠠᠨᠬᠠᠳᠠ ᠶᠢᠨ ᠠᠤᠬᠠᠨ ᠤ ᠨᠠᠷᠢᠮᠤ ᠶᠢᠨ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠬᠤ᠂ ᠬᠤᠩᠱᠠᠨ ᠲᠣᠭᠤᠷᠢᠭ ᠤᠨ ᠸᠧᠨ ᠵᠥᠩ ᠲᠣᠰᠬᠤᠨ ᠤ ᠭᠠᠯᠠᠭᠤ ᠶᠢᠨ ᠥᠨᠳᠡᠭᠡᠨ ᠤ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠵᠢᠴᠢ LOGO ᠵᠢᠷᠤᠭ ᠲᠥᠯᠥᠪᠯᠡᠭᠡ ᠵᠡᠷᠭᠡ ᠪᠣᠳᠠᠲᠤ ᠪᠣᠳᠠᠰ ᠪᠣᠳᠠᠲᠤ ᠬᠡᠷᠡᠭ ᠤᠨ ᠵᠢᠱᠢᠶ᠎ᠡ ᠳᠤ ᠴᠢᠭᠯᠡᠭᠦᠯᠦᠨ ᠵᠠᠳᠠᠯᠤᠨ ᠲᠠᠶᠢᠯᠪᠤᠷᠢᠯᠠᠯᠲᠠ ᠵᠢᠴᠢ ᠣᠨᠣᠯᠵᠢᠬᠤᠨ ᠤ ᠭᠠᠷᠭᠠᠯᠲᠠ ᠬᠢᠪᠡ︔ ᠪᠣᠯᠪᠠᠰᠤᠷᠠᠯ ᠤᠨ ᠭᠤᠭᠴᠤᠭ᠎ᠠ ᠳᠤ᠂ ᠯᠧᠺᠲ᠋ᠣᠷ ᠢᠨᠲ᠋ᠧᠷ ᠰᠦᠯᠵᠢᠶᠡᠨ ᠤ ᠵᠠᠷ ᠮᠡᠳᠡᠭᠡᠨ ᠤ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠬᠢᠭᠡᠳ ᠤᠷ᠎ᠠ ᠮᠡᠷᠭᠡᠵᠢᠯ᠂ ᠰᠢᠨ᠎ᠡ ᠵᠠᠭᠤᠴᠢᠯᠠᠭᠤᠷ ᠤᠨ ᠲᠠᠪᠴᠠᠩ ᠤᠨ ᠠᠵᠢᠯᠯᠠᠬᠤ ᠤᠷ᠎ᠠ ᠮᠡᠷᠭᠡᠵᠢᠯ ᠪᠠ ᠦᠢᠯᠡᠳᠬᠦᠨ ᠤ ᠨᠠᠷᠠᠲᠤ ᠲᠥᠷᠥᠯ ᠲᠡᠮᠳᠡᠭᠲᠦ ᠶᠢᠨ LOGO ᠵᠢᠴᠢ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ ᠶᠢᠨ ᠣᠨᠣᠯᠵᠢᠬᠤᠨ ᠵᠡᠷᠭᠡ ᠠᠭᠤᠯᠭ᠎ᠠ ᠳᠤ ᠴᠢᠭᠯᠡᠭᠦᠯᠦᠨ ᠲᠠᠶᠢᠯᠤᠮᠵᠢ ᠬᠢᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠯᠠᠨ ᠢᠶᠠᠷ ᠢᠶᠠᠨ ᠢᠨᠲ᠋ᠧᠷ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ ᠵᠢᠴᠢ ᠦᠢᠯᠡᠳᠬᠦᠨ ᠤ ᠲᠦᠷᠦᠯ ᠲᠡᠮᠳᠡᠭ ᠢ ᠡᠭᠦᠳᠬᠦ ᠳᠤ ᠬᠦᠰᠡᠯ ᠡᠷᠡᠮᠡᠯᠵᠡᠯ ᠲᠠᠯᠪᠢᠵᠤ ᠪᠠᠶᠢᠬᠤ ᠪᠠᠨ ᠢᠯᠡᠳᠬᠡᠪᠡ᠃

ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠨᠢ ᠨᠢᠭᠡᠳᠦᠭᠡᠷ ᠦᠷᠳᠡᠭᠡ ᠪᠣᠯᠤᠭᠰᠠᠨ ᠤ ᠬᠤᠪᠢ ᠳᠤ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭᠲᠦ ᠶᠢᠨ ᠭᠡᠷᠡᠴᠢᠯᠡᠯ ᠤᠨ ᠠᠵᠤ ᠠᠬᠤᠶᠢᠯᠠᠯ᠂ ᠭᠠᠵᠠᠷ ᠵᠦᠢ ᠶᠢᠨ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠤᠨ ᠠᠵᠤ ᠠᠬᠤᠶᠢᠯᠠᠯ᠂ ᠵᠠᠷ ᠮᠡᠳᠡᠭᠡᠨ ᠤ ᠠᠵᠤ ᠠᠬᠤᠶᠢᠯᠠᠯ᠂ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠠᠬᠤᠶᠢᠯᠠᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠡᠷᠡᠨ ᠤ ᠲᠠᠷᠢᠶᠠᠴᠢᠨ ᠵᠡᠷᠭᠡ 100 ᠭᠠᠷᠤᠢ ᠠᠵᠤ ᠠᠬᠤᠶᠢᠯᠠᠯ᠂ 140 ᠭᠠᠷᠤᠢ ᠬᠥᠮᠦᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠳᠤᠮᠳᠠ᠂ ᠬᠢᠴᠢᠶᠡᠯᠯᠡᠬᠦ ᠪᠠᠭᠰᠢ ᠣᠨᠣᠯ ᠤᠨ ᠲᠠᠶᠢᠯᠤᠮᠵᠢ ᠪᠠ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠤᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠰᠦᠯᠵᠢᠶᠡᠨ ᠤ ᠡᠵᠡᠩᠨᠡᠨ ᠪᠣᠷᠣᠯᠠᠭᠤᠯᠬᠤ ᠠᠵᠢᠯᠯᠠᠭᠠᠨ ᠤ ᠵᠢᠮ᠎ᠡ ᠶᠣᠰᠣ ᠶᠢ ᠭᠦᠨᠵᠡᠭᠡᠶ ᠣᠶᠢᠯᠠᠭᠠᠭᠤᠯᠵᠤ᠂ ᠣᠬᠤᠷ ᠸᠢᠳᠢᠤ᠋ ᠶᠢᠨ ᠡᠵᠡᠩᠨᠡᠯᠲᠡ ᠵᠢᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠡᠷᠡᠭᠯᠡᠭᠡᠨ ᠤ ᠤᠷ᠎ᠠ ᠮᠡᠷᠭᠡᠵᠢᠯ ᠢ ᠡᠵᠡᠮᠰᠢᠭᠦᠯᠵᠦ᠂ ᠠᠵᠤ ᠠᠬᠤᠶᠢᠯᠠᠯ ᠤᠨ ᠰᠦᠯᠵᠢᠶᠡᠨ ᠤ ᠡᠵᠡᠩᠨᠡᠨ ᠪᠣᠷᠣᠯᠠᠭᠤᠯᠬᠤ ᠲᠣᠭᠲᠠᠭᠠᠯ ᠳᠤ ᠨᠡᠶᠢᠴᠡᠬᠦ ᠦᠵᠡᠯ ᠤᠬᠠᠮᠰᠠᠷ ᠪᠠ ᠰᠦᠯᠵᠢᠶᠡᠨ ᠤ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢ ᠠᠰᠢᠭᠯᠠᠨ ᠤᠨᠴᠠᠯᠢᠬᠳᠤ ᠠᠵᠤ ᠦᠢᠯᠡᠰ ᠤᠨ ᠦᠢᠯᠡᠳᠬᠦᠨ ᠤ ᠢᠨᠲ᠋ᠧᠷ ᠰᠦᠯᠵᠢᠶᠡᠨ ᠤ ᠵᠠᠬ᠎ᠠ ᠳᠡᠯᠭᠡᠭᠦᠷ ᠢ ᠥᠷᠭᠡᠳᠬᠡᠬᠦ ᠴᠢᠳᠠᠪᠤᠷᠢ ᠶᠢ ᠪᠦᠲᠦᠮᠵᠢᠲᠡᠶ ᠪᠠᠷ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠦᠵᠢᠭᠦᠯᠬᠦ ᠪᠠ ᠠᠶᠢᠮᠠᠭ ᠬᠤᠲᠠ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠮᠠᠰᠢ ᠰᠠᠶᠢᠨ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃

 

ᠢᠷᠡᠯᠲᠡ᠄ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ