ᠪᠥᠬᠦ ᠣᠷᠣᠨ ᠤ ᠢᠨᠲ᠋ᠧᠷ ᠰᠦᠯᠵᠢᠶᠡᠨ ᠤ ᠵᠠᠷ ᠮᠡᠳᠡᠭᠡ ᠶᠢᠨ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠮᠵᠢ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠰᠢᠯᠢ ᠶᠢᠨ ᠭᠤᠣᠯ ᠳᠤ ᠣᠷᠣᠪᠠ
ᠨᠡᠶᠢᠲᠡᠯᠡᠭᠰᠡᠨ ᠴᠠᠭ᠄
2024/7/1

    6 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠤᠭᠤᠨ ᠬᠥᠬᠡ ᠬᠤᠰᠢᠭᠤᠨ ᠤ ᠪᠢᠰᠢᠯᠠᠭ ᠵᠣᠴᠢᠳ ᠤᠨ ᠲᠢᠩᠬᠢᠮ ᠳᠤ ᠢᠨᠲ᠋ᠧᠷ ᠰᠦᠯᠵᠢᠶᠡᠨ ᠤ ᠵᠠᠷ ᠮᠡᠳᠡᠭᠡ ᠶᠢᠨ ᠵᠢᠯᠣᠭᠤᠳᠣᠯᠭ᠎ᠠ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃

ᠲᠣᠰ ᠤᠳᠠᠭᠠᠨ ᠤ ᠪᠣᠯᠪᠠᠰᠤᠷᠠᠯ ᠨᠢ ᠭᠠᠩ ᠤᠨ ᠬᠤᠷ᠎ᠠ ᠮᠡᠲᠦ᠂ ᠰᠢᠯᠢ ᠶᠢᠨ ᠭᠤᠤᠯ ᠠᠶᠢᠮᠠᠭ ᠤᠨ ᠴᠠᠭᠠᠨ ᠢᠳᠡᠭᠡᠨ ᠤ ᠠᠵᠤ ᠠᠬᠤᠶᠢᠯᠠᠯᠲᠠᠳ ᠲᠤ ᠳᠡᠯᠡᠬᠡᠢ ᠳ᠋ᠠᠬᠢᠨ ᠳᠤ ᠨᠡᠪᠲᠡᠷᠡᠬᠦ‍ ᠨᠢᠭᠡ ᠴᠣᠩᠬᠤ ᠶᠢ ᠨᠡᠭᠡᠭᠡᠵᠦ ᠥᠭᠪᠡ᠃ ᠪᠣᠯᠪᠠᠰᠤᠷᠠᠯ ᠤᠨ ᠪᠠᠭᠰᠢ ᠠᠴᠠ ᠰᠤᠷᠤᠭᠴᠢᠳ ᠲᠤ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠪᠣᠯᠤᠨ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢ ᠲᠠᠨᠢᠯᠴᠠᠭᠤᠯᠵᠤ᠂ ᠣᠯᠠᠨ ᠳᠤ ᠡᠯᠧᠺᠲᠷᠣᠨ ᠬᠤᠳᠠᠯᠳᠤᠭᠠᠨ ᠤ ᠤᠯᠠᠮᠵᠢᠯᠠᠯᠲᠤ ᠴᠠᠭᠠᠨ ᠢᠳᠡᠭᠡᠨ ᠤ ᠪᠣᠷᠣᠯᠠᠭᠤᠯᠤᠯᠲᠠ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠶ ᠲᠠᠨᠢᠭᠤᠯᠪᠠ᠃ ᠳᠠᠷᠠᠭ᠎ᠠ ᠨᠢ ᠪᠠᠰᠠ ᠰᠦᠯᠵᠢᠶᠡᠨ ᠤ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠪᠣᠯᠤᠨ ᠤᠷ᠎ᠠ ᠮᠡᠷᠭᠡᠵᠢᠯ ᠤᠨ ᠲᠣᠭᠤᠷᠢᠨ ᠳᠤ᠂ ᠰᠦᠯᠵᠢᠶᠡᠨ ᠤ ᠳᠡᠯᠭᠡᠭᠦᠷ ᠤᠨ ᠡᠵᠡᠩᠨᠡᠯᠲᠡ ᠶᠢᠨ ᠤᠷ᠎ᠠ ᠮᠡᠷᠭᠡᠵᠢᠯ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠳᠡᠯᠭᠡᠷᠡᠭᠦᠯᠦᠯᠲᠡ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠴᠠᠭᠠᠨ ᠢᠳᠡᠭᠡᠨ ᠤ ᠠᠵᠤ ᠠᠬᠤᠶᠢᠯᠠᠯ ᠤᠨ ᠬᠠᠩᠭᠠᠭᠰᠠᠨ ᠦᠢᠯᠡᠳᠬᠦᠨ ᠤ ᠪᠣᠭᠤᠳᠠᠯ ᠪᠠᠭᠯᠠᠭ᠎ᠠ ᠲᠠᠢ ᠤᠶᠠᠯᠳᠤᠭᠤᠯᠵᠤ᠂ ᠬᠥᠮᠦᠰ ᠤᠨ ᠠᠩᠬᠠᠷᠤᠯ ᠢ ᠲᠠᠲᠠᠬᠤ ᠪᠣᠭᠤᠳᠠᠯ ᠪᠠᠭᠯᠠᠭ᠎ᠠ ᠶᠢ ᠬᠡᠷᠬᠢᠨ ᠵᠢᠷᠤᠵᠤ ᠲᠥᠯᠥᠪᠯᠡᠬᠦ ᠂ ᠦᠢᠯᠡᠳᠬᠦᠨ ᠤ ᠪᠣᠷᠣᠯᠠᠭᠤᠯᠭ᠎ᠠ ᠶᠢ ᠬᠡᠷᠬᠢᠨ ᠳᠡᠭᠡᠭᠰᠢᠯᠡᠭᠦᠯᠬᠦ ᠲᠤᠬᠠᠢ ᠰᠤᠷᠤᠭᠴᠢᠳ ᠢ ᠵᠢᠯᠣᠭᠤᠳᠪᠠ᠃

    ᠰᠢᠯᠤᠭᠤᠨ ᠬᠥᠬᠡ ᠬᠤᠰᠢᠭᠤᠨ ᠤ ᠴᠠᠩ ᠬᠤᠩ ᠰᠦ ᠶᠢᠨ ᠪᠦᠲᠦᠭᠡᠭᠳᠡᠬᠦᠨ ᠤ ᠦᠢᠯᠡᠳᠪᠦᠷᠢ ᠪᠣᠯ 1954 ᠣᠨ ᠳᠤ ᠪᠠᠶᠢᠭᠤᠯᠤᠭᠳᠠᠵᠠᠶ᠂ ᠮᠠᠲ᠋ᠧᠷᠢᠶᠠᠯ ᠰᠤᠳᠤᠯᠤᠨ ᠨᠡᠭᠡᠭᠡᠬᠦ᠂ ᠪᠦᠲᠦᠭᠡᠭᠳᠡᠬᠦᠨ ᠡᠳ᠋ᠰᠢᠭᠦᠯᠦᠨ ᠦᠢᠯᠡᠳᠬᠦ ᠪᠠ ᠪᠣᠷᠣᠯᠠᠭᠤᠯᠬᠤ ᠶᠡᠷᠦᠩᠬᠡᠶᠢᠯᠡᠭᠰᠡᠨ ᠴᠠᠭᠠᠨ ᠢᠳᠡᠭᠡᠨ ᠤ ᠠᠵᠤ ᠠᠬᠤᠶᠢᠯᠠᠯ ᠪᠠᠶᠢᠵᠤ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠬᠦ ᠶᠢᠨ ᠲᠥᠯᠥᠭᠡ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠠᠷ ᠢᠳᠡᠪᠬᠢᠲᠡᠶ ᠲᠤᠷᠰᠢᠵᠤ᠂ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠶᠢᠨ ᠲᠠᠰᠤᠭ ᠨᠢ ᠨᠢᠭᠡ ᠰᠠᠷ᠎ᠠ ᠰᠢᠬᠠᠮ ᠠᠵᠢᠯᠯᠠᠵᠠᠢ᠂ ᠭᠡᠪᠡᠴᠦ ᠦᠷ᠎ᠡ ᠪᠦᠲᠦᠮᠵᠢ ᠨᠢ ᠰᠠᠶᠢᠨ ᠪᠢᠰᠢ᠃ ᠰᠢᠭᠤᠳ ᠨᠡᠪᠲᠡᠷᠡᠭᠦᠯᠭᠡ ᠶᠢ ᠵᠢᠯᠣᠭᠤᠳᠬᠤ ᠭᠤᠭᠴᠤᠭ᠎ᠠ ᠳᠤ᠂ ᠪᠣᠯᠪᠠᠰᠤᠷᠠᠯ ᠤᠨ ᠪᠠᠭᠰᠢ ᠨᠠᠷ ᠴᠠᠩ ᠬᠤᠩ ᠰᠦ ᠶᠢᠨ ᠪᠦᠲᠦᠭᠡᠭᠳᠡᠬᠦᠨ ᠦᠢᠯᠡᠳᠪᠦᠷᠢ ᠳᠤ ᠬᠦᠷᠴᠦ᠂ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠶᠢᠨ ᠲᠠᠰᠤᠭ ᠤᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠰᠢᠭᠤᠳ ᠨᠡᠪᠲᠡᠷᠡᠭᠦᠯᠭᠡ ᠶᠢᠨ ᠲᠠᠰᠤᠭ ᠤᠨ ᠤᠷᠤᠰᠬᠠᠯ ᠢ ᠲᠠᠲᠠᠬᠤ᠂ ︽ᠬᠠᠯᠠᠮᠰᠢᠯ ᠴᠡᠭ︾ ᠡᠭᠦᠰᠬᠡᠬᠦ᠂ ᠰᠢᠭᠤᠳ ᠨᠡᠪᠲᠡᠷᠡᠭᠦᠯᠭᠡ ᠶᠢᠨ ᠳᠠᠩᠰᠠᠨ ᠤ ᠨᠣᠮᠧᠷ ᠢ ᠡᠵᠡᠩᠨᠡᠬᠦ᠂ ᠰᠢᠭᠤᠳ ᠨᠡᠪᠲᠡᠷᠡᠭᠦᠯᠦᠭᠴᠢ ᠶᠢᠨ ᠲᠦᠷᠢ ᠲᠥᠷᠬᠦ ᠪᠣᠯᠤᠨ ᠰᠢᠭᠤᠳ ᠨᠡᠪᠲᠡᠷᠡᠭᠦᠯᠬᠦ ᠦᠶ᠎ᠡ ᠶᠢᠨ ᠦᠭᠡ ᠬᠡᠯᠡᠬᠦ ᠮᠡᠷᠭᠡᠵᠢᠯ ᠤᠨ ᠬᠡᠷᠡᠭᠯᠡᠯᠲᠡ ᠶᠢ ᠨᠠᠷᠢᠨ ᠨᠢᠭᠲᠠ ᠵᠢᠯᠣᠭᠤᠳᠴᠤ᠂ ᠲᠤᠰ ᠠᠵᠤ ᠠᠬᠤᠶᠢᠯᠠᠯ ᠢ ᠬᠠᠪᠰᠤᠷᠤᠨ ᠰᠢᠨ᠎ᠡ ᠰᠡᠳᠬᠢᠴᠡ ᠪᠠ ᠢᠲᠡᠭᠡᠯ ᠢ ᠣᠯᠭᠤᠵᠠᠢ᠃

 

ᠢᠷᠡᠯᠲᠡ᠄ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ