ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠮᠵᠢᠯᠲᠠ ᠪᠦᠲᠦᠮᠵᠢ ᠶᠢ ᠠᠬᠢᠭᠤᠯᠪᠠ
ᠨᠡᠶᠢᠲᠡᠯᠡᠭᠰᠡᠨ ᠴᠠᠭ᠄
2024/7/10

    7 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠢᠩ ᠶᠦᠨ ᠹᠸᠢ ︽ 2024 ᠣᠨ ᠤ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ︾ ᠶᠢᠨ ᠪᠥᠬᠦ ᠰᠤᠷᠤᠭᠴᠢᠳ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃


1.png


    ᠨᠠᠮ ᠤᠨ ᠬᠢᠴᠢᠶᠡᠯ ᠨᠢ ︽ ᠵᠠᠬ᠎ᠠ ᠳᠡᠯᠭᠡᠭᠦᠷ  ᠶᠢᠨ ᠲᠥᠪ ᠶᠣᠰᠣ ᠶᠢ ᠡᠷᠬᠢᠮᠯᠡᠵᠦ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ︾  ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠠᠭᠤᠯᠭ᠎ᠠ ᠶᠢ ᠰᠤᠷᠤᠯᠴᠠᠨ ᠤᠯᠠᠮᠵᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠳᠣᠬᠢ ᠪᠠᠶᠢᠳᠠᠯ ᠵᠢᠴᠢ ᠮᠠᠨ ᠤ ᠣᠷᠣᠨ ᠤ ᠢᠳᠡᠭᠡᠨ ᠤ ᠠᠮᠤᠷ ᠲᠦᠪᠰᠢᠨ ᠤ ᠶᠡᠷᠦᠩᠬᠡᠶ ᠪᠠᠶᠢᠳᠠᠯ ᠪᠠ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠠᠰᠠᠭᠤᠳᠠᠯ ᠵᠡᠷᠭᠡ ᠶᠢ ᠵᠠᠳᠠᠯᠤᠭᠰᠠᠨ ᠪᠥᠭᠡᠳ ᠣᠶᠢᠷ᠎ᠠ ᠶᠢᠨ ᠬᠤᠭᠤᠴᠠᠭ᠎ᠠ ᠵᠢᠴᠢ ᠲᠠᠷᠠᠭᠠᠴᠢ ᠶᠢᠨ ᠱᠠᠲᠤᠨ ᠤ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠦᠴᠦᠯᠡᠬᠦ ᠴᠡᠭ ᠵᠢᠴᠢ ᠭᠤᠤᠯᠳᠠᠯᠭ᠎ᠠ  ᠲᠠᠢ ᠲᠠᠯ᠎ᠠ ᠪᠠᠷ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠠᠢ ᠰᠠᠨᠠᠯ ᠢᠶᠠᠨ ᠰᠣᠯᠢᠯᠴᠠᠪᠠ᠃


2.png


    ᠨᠠᠮ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠨᠢᠩ ᠶᠦᠨ ᠹᠸᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠣᠯᠪᠠᠰᠤᠷᠠᠯ ᠤᠨ ᠠᠩᠭᠢ ᠶᠢᠨ ᠪᠥᠬᠦ ᠠᠩᠭᠢ ᠶᠢᠨ ᠵᠥᠪᠯᠡᠯ᠂ ᠰᠤᠷᠤᠯᠴᠠᠬᠤ ᠳᠤᠭᠤᠶᠢᠯᠠᠩ ᠤᠨ ᠳᠠᠷᠤᠭ᠎ᠠ ᠪᠣᠯᠤᠨ ᠡᠯ᠎ᠡ ᠠᠶᠢᠮᠠᠭ ᠬᠤᠲᠠ ᠶᠢᠨ ᠬᠤᠯᠪᠣᠭᠠᠴᠢᠨ ᠶᠠᠷᠢᠯᠴᠠᠬᠤ ᠬᠤᠷᠠᠯ ᠳᠤ ᠣᠷᠣᠯᠴᠠᠪᠠ᠃ ᠣᠯᠠᠨ ᠢᠶᠠᠷ ᠢᠶᠠᠨ ᠪᠣᠯᠪᠠᠰᠤᠷᠠᠯ ᠤᠨ ᠲᠥᠷᠥᠭᠳᠡᠯ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠬᠢᠨ ᠨᠠᠩ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠥᠬᠦ ᠣᠷᠣᠨ ᠤ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃


3.png


    ᠨᠠᠮ ᠤᠨ ᠬᠢᠴᠢᠶᠡᠯ ᠵᠢᠴᠢ ᠶᠠᠷᠢᠯᠴᠠᠬᠤ ᠬᠤᠷᠠᠯ ᠤᠨ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠵᠢᠯᠣᠭᠤᠳᠤᠮᠵᠢ ᠪᠣᠯᠭᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠪᠠᠨ ᠴᠢᠷᠮᠠᠶᠢᠨ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠥᠬᠦ ᠣᠷᠣᠨ ᠤ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ ᠪᠣᠯᠭᠠᠨ᠎ᠠ ᠭᠡᠵᠡᠶ ᠃

 

ᠢᠷᠡᠯᠲᠡ᠄ ᠣᠨᠴᠠᠭᠠᠶ ᠢᠳᠡᠭᠡᠨ ᠤ ᠭᠠᠵᠠᠷ