ᠵᠢᠵᠢᠭᠬᠡᠨ ᠵᠢᠯ ᠤᠨ ᠮᠡᠳᠡᠭᠦᠯᠦᠯᠲᠡ ᠨᠢ ᠲᠣᠮᠣ ᠢᠲᠡᠭᠡᠮᠵᠢ ᠶᠢ ᠴᠣᠭᠴᠠᠯᠠᠪᠠ — ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢ ᠨᠡᠶᠢᠲᠡᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/10

    ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨ ᠤ ᠮᠡᠳᠡᠭᠦᠯᠦᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ 2023 ᠣᠨ ᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠮᠡᠳᠡᠭᠦᠯᠬᠦ ᠶᠣᠰᠣᠲᠠᠶ ᠠᠵᠤ ᠠᠬᠤᠶᠢᠯᠠᠯ 93774 ᠡᠷᠦᠬᠡ ᠪᠠᠶᠢᠵᠤ᠂ 85702 ᠡᠷᠦᠬᠡ ᠨᠢ ᠪᠣᠳᠠᠲᠠᠶ ᠮᠡᠳᠡᠭᠦᠯᠵᠦ᠂ ᠵᠢᠯ ᠤᠨ ᠮᠡᠳᠡᠭᠦᠯᠦᠯᠲᠡ ᠶᠢᠨ ᠨᠣᠷᠮ᠎ᠠ ᠨᠢ 91.39% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 2.01 ᠬᠤᠪᠢ ᠥᠨᠳᠥᠷ ᠪᠠᠶᠢᠵᠤ᠂ ᠪᠥᠬᠦ ᠣᠷᠣᠨ ᠤ ᠳᠤᠮᠳᠠᠴᠢ ᠣᠨ ᠤ ᠮᠡᠳᠡᠭᠦᠯᠦᠯᠲᠡ ᠶᠢᠨ ᠨᠣᠷᠮ᠎ᠠ 91.17% ᠠᠴᠠ ᠥᠨᠳᠥᠷ ᠪᠠᠶᠢᠵᠤ᠂ ᠵᠢᠱᠢᠭᠰᠡᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠣᠷᠳᠣᠰ ᠬᠤᠲᠠ ᠨᠢ ᠪᠥᠬᠦ ᠣᠷᠣᠨ ᠤ ᠦᠷᠭᠦᠯᠵᠢᠯᠡᠨ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠰᠠᠭᠤᠷᠢ ᠲᠤᠭ᠎ᠠ ᠶᠢᠨ ᠬᠤᠶᠠᠳᠤᠭᠠᠷ ᠶᠡᠭᠡ ᠠᠶᠢᠮᠠᠭ ᠬᠤᠲᠠ ᠪᠣᠯᠤᠭᠰᠠᠨ ᠤ ᠬᠤᠪᠢ ᠳᠤ᠂ ᠣᠨ ᠤ ᠮᠡᠳᠡᠭᠦᠯᠦᠯᠲᠡ ᠬᠢᠭᠰᠡᠨ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ ᠨᠢ ᠳᠡᠭᠡᠷ᠎ᠡ ᠨᠢᠭᠡ ᠵᠢᠯ ᠤᠨ ᠬᠢ ᠠᠴᠠ 13.7% ᠳᠤ ᠬᠦᠷᠦᠭᠰᠡᠨ ᠪᠠᠶᠢᠳᠠᠯ ᠳᠣᠤᠷ᠎ᠠ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠨᠣᠷᠮ᠎ᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠠᠪᠠᠭᠰᠠᠨ ᠨᠢ ᠦᠨᠡᠬᠡᠷ ᠬᠢᠯᠪᠠᠷ ᠪᠤᠰᠤ ᠶᠤᠮ᠃

    ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠨ ᠤ ᠮᠡᠳᠡᠭᠦᠯᠦᠯᠲᠡ ᠶᠢ ᠰᠠᠶᠢᠲᠤᠷ ᠬᠢᠬᠦ ᠳᠤ ᠤᠷᠢᠳᠴᠢᠯᠠᠨ ᠲᠥᠯᠥᠪᠵᠢᠭᠦᠯᠦᠨ ᠬᠥᠳᠡᠯᠦᠯᠴᠡᠪᠡ᠃ ᠡᠷᠲᠡ ᠠᠴᠠ ᠤᠬᠠᠭᠠᠯᠠᠵᠤ ᠡᠷᠲᠡ ᠠᠴᠠ ᠲᠣᠬᠢᠷᠠᠭᠤᠯᠬᠤ ᠶᠢ ᠪᠠᠷᠢᠮᠲᠠᠯᠠᠵᠤ᠂ ᠠᠵᠢᠯ ᠤᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠤᠨ ᠮᠡᠳᠡᠭᠦᠯᠦᠯᠲᠡ ᠶᠢᠨ ᠠᠵᠢᠯ ᠢ ᠪᠥᠬᠦ ᠲᠣᠪᠴᠢᠶ᠎ᠠ ᠶᠢᠨ ᠬᠤᠤᠰ ᠰᠠᠷ᠎ᠠ ᠶᠢᠨ ᠲᠣᠬᠢᠷᠠᠭᠤᠯᠤᠯᠲᠠ ᠶᠢᠨ ᠭᠤᠤᠯᠳᠠᠯᠭ᠎ᠠ ᠲᠠᠢ ᠠᠵᠢᠯ ᠳᠤ ᠣᠷᠣᠭᠤᠯᠤᠨ᠂ ᠡᠭᠦᠷᠭᠡ ᠬᠠᠷᠠᠯᠲᠠ ᠵᠢᠴᠢ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠲᠠ᠂ ᠬᠤᠰᠢᠭᠤ ︵ᠲᠣᠭᠤᠷᠢᠭ︶ ᠬᠤᠶᠠᠷ ᠱᠠᠲᠤᠨ ᠤ ᠬᠠᠮᠵᠢᠯᠴᠠᠭ᠎ᠠ ᠶᠢ ᠴᠢᠩᠭᠠᠳᠬᠠᠵᠤ᠂ ︽ᠪᠥᠬᠦ ᠲᠠᠯ᠎ᠠ ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠣᠶ ᠪᠣᠯᠭᠠᠵᠤ᠂ ︽ ᠴᠢᠳᠠᠯ ᠢᠶᠠᠨ ᠲᠥᠪᠯᠡᠷᠡᠭᠦᠯᠵᠦ᠂ ᠬᠦᠴᠦ ᠪᠠᠨ ᠬᠠᠮᠲᠤᠳᠬᠠᠬᠤ ︾ ᠠᠵᠢᠯ ᠤᠨ ᠪᠠᠶᠢᠳᠠᠯ ᠢ ᠪᠣᠶ ᠪᠣᠯᠭᠠᠪᠠ︔  ︽ᠣᠷᠳᠣ ᠬᠤᠭᠤᠴᠠᠭ᠎ᠠ ᠪᠠᠷ ᠵᠣᠭᠰᠣᠭᠠᠵᠤ ᠡᠵᠡᠩᠨᠡᠭᠰᠡᠨ ᠦᠭᠡᠢ ᠠᠵᠤ ᠠᠬᠤᠶᠢᠯᠠᠯ︾ ᠢ ᠢᠯᠭᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠠᠬᠢᠭᠤᠯᠵᠤ᠂ ︽ᠣᠷᠳᠣ ᠬᠤᠭᠤᠴᠠᠭ᠎ᠠ ᠪᠠᠷ ᠵᠣᠭᠰᠣᠭᠠᠵᠤ ᠡᠵᠡᠩᠨᠡᠭᠰᠡᠨ ᠦᠭᠡᠢ ᠠᠵᠤ ᠠᠬᠤᠶᠢᠯᠠᠯ ᠢ ᠢᠯᠭᠠᠷᠠᠭᠤᠯᠬᠤ ᠲᠤᠬᠠᠶ ᠠᠵᠢᠯ ᠤᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠬᠤ ᠶᠢᠨ ᠬᠠᠮᠲᠤ 2024 ᠣᠨ ᠤ 6 ᠳ᠋ᠤᠭᠠᠷ ᠰᠠᠷ᠎ᠠ ᠠᠴᠠ ᠡᠬᠢᠯᠡᠨ᠂ ᠪᠥᠬᠦ ᠬᠤᠲᠠ ᠶᠢᠨ ᠢᠯᠭᠠᠷᠠᠭᠤᠯᠬᠤ ᠠᠵᠢᠯ ᠤᠨ ︽ᠰᠠᠷ᠎ᠠ ᠳᠤ ᠳ᠋ᠦᠩᠨᠡᠵᠦ᠂ ᠰᠠᠷ᠎ᠠ ᠳᠤ ᠮᠡᠳᠡᠭᠦᠯᠦᠨ ᠬᠦᠷᠭᠡᠬᠦ︾ ᠳᠦᠷᠢᠮ ᠢ ᠬᠡᠷᠡᠭᠵᠢᠭᠦᠯᠵᠦ᠂ ᠬᠠᠤᠯᠢ ᠶᠣᠰᠣᠭᠠᠷ ᠬᠢᠨᠠᠨ ᠬᠠᠷᠭᠤᠭᠤᠯᠤᠨ ᠰᠢᠢᠳᠪᠦᠷᠢᠯᠡᠵᠦ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠦᠨᠡᠨ ᠪᠣᠳᠠᠲᠠᠶ ᠪᠠᠷ ᠡᠵᠡᠮᠰᠢᠵᠦ᠂ ᠠᠵᠤ ᠠᠬᠤᠶᠢᠯᠠᠯ ᠤᠨ ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠦᠨᠡᠨ ᠬᠦ ᠪᠠᠲᠤᠯᠠᠪᠠ᠃

    ᠬᠤᠶᠠᠷ ᠲᠤ ᠤᠬᠠᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠣᠨ ᠤ ᠮᠡᠳᠡᠭᠦᠯᠦᠯᠲᠡ ᠶᠢᠨ ︽ᠢᠲᠡᠭᠡᠮᠵᠢ ᠶᠢᠨ ᠬᠢᠴᠢᠶᠡᠯ︾ ᠢ ᠰᠠᠶᠢᠲᠤᠷ ᠣᠷᠣᠪᠠ᠃ ᠠᠮᠢᠳᠤᠯᠢᠭ ᠪᠥᠭᠡᠳ ᠰᠣᠨᠢᠷᠬᠠᠯᠲᠠᠶ ᠨᠤᠲᠤᠭ ᠤᠨ ᠬᠡᠯᠡᠨ ᠤ ᠪᠠ ᠨᠡᠶᠢᠲᠡᠯᠢᠭ ᠬᠡᠯᠡᠨ ᠤ ᠣᠨ ᠤ ᠮᠡᠳᠡᠭᠦᠯᠦᠯᠲᠡ ᠶᠢᠨ ᠤᠬᠠᠭᠤᠯᠭ᠎ᠠ ᠶᠢᠨ ᠣᠬᠤᠷ ᠸᠢᠳᠢᠣ᠋ 2 ᠬᠤᠭᠤᠴᠠᠭ᠎ᠠ ᠦᠢᠯᠡᠳᠴᠦ᠂ ︽ᠨᠢᠭᠡ ᠴᠤᠭᠯᠠᠷᠠᠯ᠂ ᠨᠢᠭᠡ ᠲᠣᠭᠤᠷᠢᠭ᠂ ᠨᠢᠭᠡ ᠤᠲᠠᠰᠤ᠂ ᠨᠢᠭᠡ ᠴᠢᠮᠡᠭᠡ᠂ ᠨᠢᠭᠡ ᠳᠡᠯᠭᠡᠴᠡ︾ ᠶᠢᠨ ᠲᠠᠪᠤ ᠶᠢ ᠨᠢᠭᠡ ᠴᠤᠭᠴᠠᠵᠢᠭᠤᠯᠤᠭᠰᠠᠨ ᠪᠣᠰᠤᠭ᠎ᠠ ᠴᠣᠭᠴᠠᠲᠤ ᠤᠬᠠᠭᠤᠯᠭ᠎ᠠ ᠶᠢᠨ ᠲᠣᠤᠷ ᠰᠦᠯᠵᠢᠶ᠎ᠡ ᠶᠢ ᠬᠡᠷᠡᠭᠯᠡᠨ᠂ ᠸᠢᠴᠠᠲ ᠤᠨ ᠠᠵᠢᠯ ᠤᠨ ᠴᠤᠭᠯᠠᠷᠠᠯ᠂ ᠨᠠᠶᠢᠵᠠ ᠶᠢᠨ ᠲᠣᠭᠤᠷᠢᠭ᠂ ᠤᠲᠠᠰᠤ᠂ ᠣᠬᠤᠷ ᠴᠢᠮᠡᠭᠡ ᠪᠠᠷ ᠮᠡᠳᠡᠭᠳᠡᠬᠦ᠂ ᠡᠯᠧᠺᠲᠷᠣᠨ ᠳᠡᠯᠭᠡᠴᠡ ᠵᠡᠷᠭᠡ ᠳᠤ ᠳᠠᠬᠢᠨ ᠳᠠᠪᠲᠠᠨ ᠣᠨ ᠤ ᠮᠡᠳᠡᠭᠦᠯᠦᠯᠲᠡ ᠶᠢᠨ ᠰᠠᠨᠠᠭᠤᠯᠤᠮᠵᠢ ᠬᠢᠵᠦ᠂ ᠣᠨ ᠤ ᠮᠡᠳᠡᠭᠦᠯᠦᠯᠲᠡ ᠶᠢᠨ ᠮᠡᠳᠡᠯᠭᠡ ᠶᠢ ᠤᠬᠠᠭᠤᠯᠤᠨ᠂ ᠣᠨ ᠤ ᠮᠡᠳᠡᠭᠦᠯᠦᠯᠲᠡ ᠶᠢᠨ ᠤᠬᠠᠭᠤᠯᠭ᠎ᠠ ᠶᠢᠨ ᠪᠦᠷᠬᠦᠴᠡ ᠶᠢᠨ ᠨᠣᠷᠮ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠴᠢᠯᠠᠨ ᠦᠢᠯᠡᠴᠢᠯᠡᠬᠦ᠂ ᠣᠨᠣᠪᠴᠢᠲᠠᠢ ᠦᠢᠯᠡᠴᠢᠯᠡᠬᠦ︾ ᠠᠵᠢᠯ ᠤᠨ ᠠᠷᠭ᠎ᠠ ᠬᠡᠯᠪᠡᠷᠢ ᠶᠣᠰᠣᠭᠠᠷ᠂ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠰᠤᠷᠪᠤᠯᠵᠢᠯᠠᠬᠤ᠂ ᠵᠠᠬ᠎ᠠ ᠳᠡᠯᠭᠡᠭᠦᠷ ᠢ ᠪᠠᠶᠢᠴᠠᠭᠠᠬᠤ᠂ ᠭᠡᠷ ᠲᠤᠨᠢ ᠬᠦᠷᠴᠦ ᠬᠠᠷᠢᠭᠤ ᠰᠤᠷᠪᠤᠯᠵᠢᠯᠠᠵᠤ ᠬᠠᠪᠰᠤᠷᠤᠨ ᠲᠡᠳᠬᠦᠬᠦ ᠵᠡᠷᠭᠡ ᠠᠵᠠ ᠲᠣᠬᠢᠶᠠᠯ ᠢ ᠠᠰᠢᠭᠯᠠᠵᠤ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢ ᠱᠠᠯᠠᠪᠳᠠᠭᠤᠯᠤᠨ ᠵᠢᠯᠣᠭᠤᠳᠪᠠ︔ ᠲᠤᠬᠠᠢ ᠶᠢᠨ ᠲᠠᠯᠠᠪᠠᠢ ᠶᠢᠨ ᠵᠢᠯᠣᠭᠤᠳᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠲᠥᠪᠯᠡᠷᠡᠭᠰᠡᠨ ᠬᠤᠳᠠᠯᠳᠤᠭᠠᠨ ᠤ ᠲᠣᠭᠤᠷᠢᠭ ᠲᠤ ︽ᠨᠢᠭᠡ ᠡᠷᠦᠬᠡ ᠶᠢ ᠵᠢᠯᠣᠭᠤᠳᠤᠨ ᠬᠠᠮᠵᠢᠯᠴᠠᠵᠤ᠂ ᠨᠢᠭᠡ ᠪᠦᠯᠦᠭ ᠤᠨ ᠬᠢᠨ ᠤ ᠣᠨ ᠤ ᠮᠡᠳᠡᠭᠦᠯᠦᠯᠲᠡ ᠶᠢ ᠳᠠᠶᠢᠴᠢᠯᠠᠬᠤ︾ ᠠᠷᠭ᠎ᠠ ᠶᠢ ᠠᠪᠴᠤ᠂ ᠣᠨ ᠤ ᠮᠡᠳᠡᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠠᠰᠠᠭᠤᠨ ᠯᠠᠪᠯᠠᠯᠲᠠ ᠶᠢ ᠬᠠᠷᠢᠭᠤᠯᠬᠤ ᠶᠢ ᠰᠠᠶᠢᠲᠤᠷ ᠬᠢᠵᠦ᠂ ᠭᠠᠳᠠᠭᠰᠢ ᠨᠡᠶᠢᠲᠡᠯᠡᠭᠰᠡᠨ ᠤᠲᠠᠰᠤ ᠶᠢᠨ ᠲᠠᠪᠴᠠᠩ ᠪᠠ ᠸᠢᠴᠠᠲ ᠤᠨ ᠠᠵᠢᠯ ᠤᠨ ᠴᠤᠭᠯᠠᠷᠠᠯ ᠳᠤ ᠲᠦᠰᠢᠭᠯᠡᠨ᠂ ᠬᠤᠯᠪᠣᠭᠠᠴᠢᠨ ᠢ ᠰᠠᠶᠢᠲᠤᠷ ᠪᠣᠯᠪᠠᠰᠤᠷᠠᠭᠤᠯᠵᠤ᠂ ᠣᠨ ᠤ ᠮᠡᠳᠡᠭᠦᠯᠦᠯᠲᠡ ᠶᠢ ᠬᠠᠪᠰᠤᠷᠤᠨ ᠵᠢᠯᠣᠭᠤᠳᠴᠤ ᠲᠣᠳᠣᠷᠬᠠᠶᠢᠯᠠᠬᠤ ᠪᠠ ᠬᠦᠴᠢᠷ ᠲᠦᠪᠡᠭᠲᠡᠢ ᠠᠰᠠᠭᠤᠳᠠᠯ ᠤᠨ ᠠᠰᠠᠭᠤᠨ ᠯᠠᠪᠯᠠᠯᠲᠠ ᠶᠢ ᠬᠠᠷᠢᠭᠤᠯᠬᠤ ᠠᠵᠢᠯ ᠢ ᠰᠠᠶᠢᠲᠤᠷ ᠬᠢᠪᠡ᠃

    ᠭᠤᠷᠪᠠ ᠳᠤ ᠨᠠᠷᠢᠯᠢᠭ ᠣᠨᠣᠪᠴᠢᠲᠠᠢ ᠪᠠᠷ ᠭᠤᠤᠯ ᠴᠣᠭᠴᠠ ᠲᠠᠢ ᠵᠣᠯᠭᠠᠭᠤᠯᠵᠤ᠂ ᠵᠢᠯ ᠤᠨ ᠮᠡᠳᠡᠭᠦᠯᠦᠯᠲᠡ ᠶᠢᠨ ᠰᠠᠶᠢᠨ ︽ᠦᠢᠯᠡᠴᠢᠯᠡᠭᠴᠢ︾ ᠪᠣᠯᠪᠠ᠃ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠤᠶᠠᠷ ᠵᠢᠯ ᠵᠢᠯ ᠤᠨ ᠮᠡᠳᠡᠭᠦᠯᠦᠯᠲᠡ ᠬᠢᠭᠰᠡᠨ ᠥᠬᠡᠶ ᠪᠠᠶᠢᠪᠠᠯ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠢᠯᠭᠠᠷᠠᠭᠤᠯᠤᠨ ᠲᠣᠳᠣᠯᠠᠵᠤ᠂ ᠨᠢᠭᠡ ᠵᠢᠯ ᠵᠢᠯ ᠤᠨ ᠮᠡᠳᠡᠭᠦᠯᠦᠯᠲᠡ ᠬᠢᠭᠰᠡᠨ ᠦᠭᠡᠢ ᠶᠢ ᠨᠢ ᠵᠢᠯ ᠤᠨ ᠮᠡᠳᠡᠭᠦᠯᠦᠯᠲᠡ ᠶᠢ ᠭᠤᠤᠯᠳᠠᠯᠭ᠎ᠠ ᠲᠠᠢ ᠠᠩᠬᠠᠷᠤᠨ ᠰᠢᠮᠳᠠᠭᠤᠯᠵᠤ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠳᠤ ︽ᠠᠰᠠᠷᠠᠭᠴᠢ ᠮᠠᠶ᠋ᠢᠭ︾ ᠤᠨ ᠣᠳᠠᠰᠣ ᠪᠠᠷ ᠵᠢᠯᠣᠭᠤᠳᠬᠤ ᠦᠢᠯᠡᠴᠢᠯᠡᠭᠡ ᠬᠠᠩᠭᠠᠵᠤ᠂ ᠵᠢᠯ ᠤᠨ ᠮᠡᠳᠡᠭᠦᠯᠦᠯᠲᠡ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠭᠡᠷ ᠢᠷᠡᠭᠰᠡᠨ ᠢ ᠨᠢ᠂ ︽ᠤᠴᠢᠷ ᠦᠭᠡᠢ ᠪᠣᠯ ᠬᠠᠷᠰᠢᠯᠠᠬᠤ ᠦᠭᠡᠢ︾︔ ᠴᠠᠭ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠪᠦᠬᠦ ᠬᠤᠲᠠ ᠶᠢᠨ ᠬᠡᠪᠴᠢᠶᠡᠨ ᠳᠤ ᠣᠨ ᠤ ᠮᠡᠳᠡᠭᠦᠯᠦᠯᠲᠡ ᠶᠢᠨ ᠮᠡᠳᠡᠭᠡ ᠵᠠᠩᠭᠢ ᠶᠢ ᠬᠠᠷᠠᠬᠠᠨ ᠮᠡᠳᠡᠭᠦᠯᠦᠨ ᠬᠦᠷᠭᠡᠭᠡ ᠦᠭᠡᠢ ᠠᠵᠤ ᠠᠬᠤᠶᠢᠯᠠᠯ ᠢ ᠭᠠᠷᠭᠠᠭᠤᠯᠤᠨ ᠰᠣᠩᠭᠤᠵᠤ᠂ ᠵᠢᠯ ᠤᠨ ᠮᠡᠳᠡᠭᠦᠯᠦᠯᠲᠡ ᠬᠢᠭᠰᠡᠨ ᠦᠭᠡᠢ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠬᠤᠯᠪᠣᠭᠠᠴᠢᠨ ᠳᠤ ᠣᠬᠤᠷ ᠴᠢᠮᠡᠭᠡ ᠶᠠᠪᠤᠭᠤᠯᠤᠨ ᠰᠠᠨᠠᠭᠤᠯᠵᠤ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠬᠢᠬᠦ ᠶᠢ ᠲᠠᠰᠤᠷᠠᠯᠲᠠ ᠦᠭᠡᠢ ᠰᠢᠮᠳᠠᠭᠤᠯᠵᠤ᠂ ᠡᠯ᠎ᠡ ᠲᠥᠷᠥᠯ ᠤᠨ ᠵᠢᠯ ᠤᠨ ᠮᠡᠳᠡᠭᠦᠯᠦᠯᠲᠡ ᠶᠢᠨ ᠣᠬᠤᠷ ᠴᠢᠮᠡᠭᠡ ᠶᠢ 28 ᠲᠦᠮᠡᠨ ᠵᠤᠷᠪᠤᠰ ᠤᠳᠠᠭ᠎ᠠ ᠶᠠᠪᠤᠭᠤᠯᠪᠠ︔ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠢᠲᠡᠭᠡᠮᠵᠢ ᠶᠢ ᠵᠠᠰᠠᠨ ᠰᠡᠷᠭᠦᠭᠡᠬᠦ ᠶᠢ ᠨᠠᠷᠢᠯᠢᠭ ᠣᠨᠣᠪᠴᠢᠲᠠᠢ ᠪᠠᠷ ᠵᠢᠯᠣᠭᠤᠳᠴᠤ᠂ ᠣᠨ ᠤ ᠮᠡᠳᠡᠭᠦᠯᠦᠯᠲᠡ ᠶᠢᠨ ᠠᠵᠢᠯ ᠬᠢᠭᠡᠳ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠰᠡᠷᠭᠦᠭᠡᠯᠲᠡ ᠵᠡᠷᠭᠡ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠲᠠᠢ ᠠᠭᠤᠰᠤᠯᠴᠠᠭᠤᠯᠵᠤ᠂ ᠵᠢᠭᠠᠨ ᠵᠢᠯᠣᠭᠤᠳᠬᠤ ᠶᠢ ᠣᠨᠣᠪᠴᠢᠲᠠᠢ ᠪᠠᠷ ᠵᠣᠯᠭᠠᠭᠤᠯᠵᠤ᠂ ᠵᠢᠯ ᠤᠨ ᠮᠡᠳᠡᠭᠦᠯᠦᠯᠲᠡ ᠶᠢᠨ ᠦᠷ᠎ᠡ ᠪᠦᠲᠦᠮᠵᠢ ᠶᠢ ᠬᠦᠴᠦᠲᠡᠢ ᠳᠡᠭᠡᠭᠰᠢᠯᠡᠭᠦᠯᠦᠨ᠂ 2024 ᠣᠨ ᠠᠴᠠ ᠨᠠᠭᠠᠰᠢ᠂ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ ᠰᠦᠯᠵᠢᠶᠡᠨ ᠳᠡᠭᠡᠷᠡᠬᠢ ᠢᠲᠡᠭᠡᠮᠵᠢ ᠶᠢ 580 ᠬᠤᠪᠢ ᠰᠡᠷᠭᠦᠭᠡᠵᠦ᠂ ᠣᠯᠠᠨ ᠲᠦᠮᠡᠨ ᠤ ᠠᠰᠠᠭᠤᠨ ᠯᠠᠪᠯᠠᠬᠤ ᠶᠢ 6500 ᠭᠠᠷᠤᠶ ᠤᠳᠠᠭ᠎ᠠ ᠬᠦᠯᠢᠶᠡᠨ ᠠᠪᠤᠪᠠ᠃

    ᠲᠦᠷᠪᠡ ᠳᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠶᠢ ᠴᠢᠩᠭᠠᠳᠬᠠᠵᠤ᠂ ᠣᠨ ᠤ ᠮᠡᠳᠡᠭᠦᠯᠦᠯᠲᠡ ᠶᠢᠨ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠪᠠ᠃ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠲᠠᠪᠴᠠᠩ ᠳᠤ ᠲᠦᠰᠢᠭᠯᠡᠨ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠠ ᠣᠨ ᠤ ᠮᠡᠳᠡᠭᠦᠯᠦᠯᠲᠡ ᠳᠠᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠮᠲᠤ ᠪᠠᠷ ᠭᠥᠷᠳᠡᠵᠦ᠂ ᠢᠲᠡᠭᠡᠮᠵᠢ ᠪᠠᠷ ᠰᠠᠶᠢᠨ ᠡᠯ᠎ᠡ ᠲᠥᠷᠥᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠢᠲᠡᠭᠡᠮᠵᠢ ᠶᠢ ᠲᠦᠰᠢᠭᠯᠡᠬᠦ᠂ ᠪᠠᠷᠢᠴᠠᠭᠠᠯᠠᠬᠤ ᠥᠬᠡᠶ᠂ ᠳᠠᠭᠠᠭᠠᠯᠲᠠ ᠥᠬᠡᠶ᠂ ᠰᠦᠯᠵᠢᠶᠡᠨ ᠳᠡᠭᠡᠷ᠎ᠡ ᠭᠦᠢᠴᠡᠳᠬᠡᠬᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠤᠰᠬᠠᠶᠢᠯᠠᠨ ᠳᠡᠮᠵᠢᠬᠦ ᠮᠥᠩᠭᠦᠨ ᠭᠦᠢᠯᠭᠡᠭᠡᠨ ᠤ ᠦᠢᠯᠡᠳᠬᠦᠨ ᠢ ᠬᠠᠩᠭᠠᠪᠠ᠃ ᠣᠲᠣ ᠪᠣᠯᠲᠠᠯ᠎ᠠ᠂ ᠪᠥᠬᠦ ᠬᠤᠲᠠ ᠳᠤ 590 ᠬᠤᠪᠢ ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ ᠲᠠᠯᠪᠢᠵᠤ᠂ 15687 ᠲᠦᠮᠡᠨ ᠲᠥᠭᠦᠷᠢᠭ ᠤᠨ ᠵᠢᠭᠡᠯᠡᠯᠭᠡ ᠣᠯᠭᠤᠪᠠ᠃ ᠪᠥᠬᠦ ᠬᠤᠲᠠ ᠶᠢᠨ ᠨᠢᠭᠡᠨᠲᠡ ᠴᠠᠭ ᠲᠤᠬᠠᠶ ᠳᠤᠨᠢ ᠣᠨ ᠤ ᠮᠡᠳᠡᠭᠦᠯᠦᠯᠲᠡ ᠪᠠᠨ ᠬᠢᠭᠰᠡᠨ ᠬᠡᠪ ᠤᠨ ᠶᠣᠰᠣᠭᠠᠷ ᠡᠵᠡᠩᠨᠡᠵᠦ ᠪᠠᠶᠢᠭ᠎ᠠ 10 ᠭᠠᠷᠤᠶ ᠲᠦᠮᠡᠨ ᠡᠷᠦᠬᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ︽ᠬᠤᠳᠠᠯᠳᠤᠭᠠᠴᠢᠨ ᠢ ᠳᠤᠯᠠᠭᠠᠯᠠᠬᠤ ᠳᠠᠭᠠᠳᠬᠠᠯ︾ ᠬᠤᠳᠠᠯᠳᠤᠨ ᠠᠪᠴᠤ ᠥᠭᠴᠦ᠂ ᠲᠡᠳᠡᠨ ᠤ ᠡᠵᠡᠩᠨᠡᠯᠲᠡ ᠨᠢ ᠲᠠᠰᠤᠷᠠᠭᠰᠠᠨ ᠬᠤᠬᠢᠷᠠᠯ᠂ ᠡᠵᠡᠩᠨᠡᠯᠲᠡ ᠶᠢᠨ ᠡᠳ᠋ ᠬᠥᠷᠥᠩᠭᠡ ᠶᠢᠨ ᠬᠤᠬᠢᠷᠠᠯ᠂ ᠠᠵᠢᠯᠯᠠᠵᠤ ᠪᠠᠶᠢᠭ᠎ᠠ ᠬᠥᠮᠦᠰ ᠤᠨ ᠦᠬᠦᠯ ᠰᠢᠷᠬᠠᠲᠤᠯ ᠵᠢᠴᠢ ᠡᠳ᠋ ᠬᠥᠷᠥᠩᠭᠡ ᠶᠢᠨ ᠬᠤᠬᠢᠷᠠᠯ ᠵᠡᠷᠭᠡ 4 ᠵᠦᠢᠯ ᠤᠨ ᠠᠭᠤᠯᠭ᠎ᠠ ᠶᠢ ᠪᠠᠲᠤᠯᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ