ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠡᠵᠡᠮᠳᠡᠬᠦ᠂ ᠬᠤᠯᠪᠣᠭᠠᠯᠠᠬᠤ᠂ ᠰᠤᠭᠤᠴᠢᠬᠤ᠂ ᠬᠥᠲᠥᠯᠬᠦ︾ ᠠᠵᠢᠯ ᠤᠨ ᠠᠷᠭ᠎ᠠ ᠶᠢ ᠬᠡᠷᠡᠭᠵᠢᠭᠦᠯᠵᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/7/10

    ᠡᠨᠡ ᠵᠢᠯ ᠠᠴᠠ ᠨᠠᠭᠠᠰᠢ᠂ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠬᠦᠷᠢᠶᠡᠨ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠦᠷᠢᠶᠡᠨ ᠳᠠᠬᠢ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠪᠡ᠃

    ᠨᠢᠭᠡ ᠳᠤ ᠤᠷᠢᠳᠠᠪᠠᠷ ᠲᠥᠯᠥᠪᠵᠢᠭᠦᠯᠦᠨ ᠬᠥᠳᠡᠯᠦᠯᠴᠡᠵᠦ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ ᠲᠣᠳᠣᠷᠬᠠᠶ ᠡᠵᠡᠮᠳᠡᠪᠡ᠃ ᠲᠡᠷᠡ ᠳᠠᠷᠤᠶ ᠳᠤᠨᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠣᠳᠠᠲᠠᠶ ᠡᠭᠦᠷᠭᠡ ᠶᠢ ᠵᠦᠢᠯ ᠳᠠᠷᠠᠭᠠᠯᠠᠨ ᠵᠠᠳᠠᠯᠤᠨ ᠨᠠᠶᠢᠳᠠᠪᠤᠷᠢᠵᠢᠭᠤᠯᠪᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠠᠷᠦ᠋ᠢᠬᠠᠨ ᠵᠣᠬᠢᠶᠠᠨ ᠪᠠᠶᠢᠭᠤᠯᠤᠨ ᠬᠥᠳᠡᠯᠦᠯᠴᠡᠵᠦ᠂ ᠪᠥᠬᠦ ᠬᠤᠲᠠ ᠶᠢᠨ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠳᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠵᠡᠷᠭᠡ ᠪᠠᠶᠢᠳᠠᠯ ᠢ ᠴᠡᠭᠴᠡᠯᠡᠨ ᠵᠠᠰᠠᠵᠤ᠂ ᠣᠲᠣ ᠨᠢᠭᠡᠨᠲᠡ ᠪᠥᠬᠦ ᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠡᠵᠡᠩᠨᠡᠯᠲᠡ ᠶᠢᠨ ᠭᠤᠤᠯ ᠴᠣᠭᠴᠠ ᠶᠢᠨ ᠰᠠᠭᠤᠷᠢ ᠲᠤᠭ᠎ᠠ ᠶᠢ ᠤᠶᠢᠯᠠᠭᠠᠨ ᠵᠢᠭᠰᠠᠭᠠᠬᠤ ᠠᠵᠢᠯ ᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠠᠮᠢᠶ᠎ᠠ ᠪᠥᠬᠦᠶ ᠦᠢᠯᠡᠳᠬᠦᠨ ᠡᠵᠡᠩᠨᠡᠬᠦ ᠭᠤᠤᠯ ᠴᠣᠭᠴᠠ 149 ᠡᠷᠦᠬᠡ᠂ ᠰᠡᠯᠪᠢᠨ ᠵᠠᠰᠠᠬᠤ ᠭᠤᠤᠯ ᠴᠣᠭᠴᠠ 194 ᠡᠷᠦᠬᠡ ᠪᠠᠶᠢᠵᠤ᠂ ᠠᠵᠢᠯ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃

    ᠬᠤᠶᠠᠷ ᠲᠤ ᠰᠡᠷᠭᠡᠶᠢᠯᠡᠨ ᠬᠠᠮᠠᠭᠠᠯᠠᠬᠤ ᠲᠣᠣᠷ ᠢ ᠰᠠᠶᠢᠲᠤᠷ ᠲᠠᠳᠠᠵᠤ᠂ ᠰᠠᠯᠠᠭ᠎ᠠ ᠮᠥᠴᠢᠷ ᠬᠤᠯᠪᠣᠭᠠᠯᠠᠨ ᠠᠶᠤᠯᠭᠠᠨ ᠰᠦᠷᠳᠡᠭᠦᠯᠬᠦ ᠶᠢ ᠴᠢᠩᠭᠠᠳᠬᠠᠪᠠ᠃ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠰᠡᠯᠪᠢᠨ ᠵᠠᠰᠠᠬᠤ ᠴᠡᠭ ᠤᠨ ᠭᠤᠤᠯ ᠴᠣᠭᠴᠠ ᠶᠢᠨ ᠬᠢᠷᠢ ᠬᠡᠮ ᠨᠢ ᠬᠠᠤᠯᠢ ᠶᠣᠰᠣᠨ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠬᠦ ᠦᠭᠡᠢ᠂ CCC ᠭᠡᠷᠡᠴᠢᠯᠡᠭᠡ ᠣᠯᠤᠭᠰᠠᠨ ᠦᠭᠡᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠣᠷᠣᠯᠠᠭᠤᠯᠬᠤ ᠵᠢᠴᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠨᠡᠮᠡᠵᠦ ᠤᠭᠰᠠᠷᠠᠬᠤ᠂ ᠥᠭᠡᠷᠡᠴᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠠᠵᠤ ᠠᠬᠤᠶᠢᠯᠠᠯ ᠢ ᠨᠡᠶᠢᠲᠡ 151 ᠡᠷᠦᠬᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠭᠦᠷ ᠪᠠ ᠳ᠋ᠢᠶᠠᠨ ᡂᠢ 145 ᠡᠷᠦᠬᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠶᠠᠨᠴᠢᠳ ᠤᠨ ᠳᠤᠭᠤᠯᠠᠭ᠎ᠠ 18 ᠡᠷᠦᠬᠡ ᠶᠢ ᠪᠠᠶᠢᠴᠠᠭᠠᠵᠤ᠂ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠦᠢᠯᠡ ᠠᠵᠢᠯᠯᠠᠭ᠎ᠠ ᠶᠢ 2 ᠬᠤᠪᠢ ᠵᠢᠷᠤᠮᠵᠢᠭᠤᠯᠵᠤ᠂ ᠲᠣᠬᠢᠷᠠᠭᠤᠯᠤᠨ ᠬᠦᠷᠭᠡᠬᠦ ᠲᠠᠪᠴᠠᠩ ᠤᠨ 155 ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠪᠠᠳᠠᠪᠠ᠃

    ᠭᠤᠷᠪᠠ ᠳᠤ ᠵᠠᠩᠭᠢᠯᠠᠭ᠎ᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠴᠢᠩᠭ᠎ᠠ ᠰᠤᠭᠤᠴᠢᠨ ᠪᠠᠶᠢᠴᠠᠭᠠᠵᠤ ᠬᠤᠷᠢᠭ᠎ᠠ ᠱᠤᠭᠤᠮ ᠢ ᠲᠣᠳᠣᠷᠬᠠᠶᠢᠯᠠᠪᠠ᠃ ᠪᠥᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠵᠢᠴᠢ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ ᠬᠡᠷᠡᠭᠵᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠪᠦᠬᠦᠯᠢ ᠲᠡᠷᠭᠡ᠂ ᠳᠤᠭᠤᠯᠠᠭ᠎ᠠ ᠵᠢᠴᠢ ᠳ᠋ᠢᠶᠠᠨ ᡂᠢ᠂ ᠴᠠᠬᠢᠯᠭᠠᠨ ᠴᠡᠨᠡᠭᠯᠡᠭᠦᠷ ᠵᠡᠷᠭᠡ ᠶᠢ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠲᠥᠷᠥᠯ ᠵᠦᠢᠯ ᠳᠤ ᠣᠷᠣᠭᠤᠯᠵᠤ᠂ ᠰᠤᠭᠤᠴᠢᠨ ᠪᠠᠶᠢᠴᠠᠭᠠᠵᠤ ᠬᠡᠮᠵᠢᠬᠦ ᠬᠠᠨᠳᠤᠯᠭᠠᠲᠤ ᠴᠢᠨᠠᠷ ᠢ ᠴᠢᠩᠭᠠᠷᠠᠭᠤᠯᠤᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠣᠲᠣ ᠪᠣᠯᠲᠠᠯ᠎ᠠ᠂ 13 ᠪᠦᠯᠦᠭ ᠤᠳᠠᠭ᠎ᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶ᠎ᠠ ᠪᠥᠬᠦᠶ ᠦᠢᠯᠡᠳᠬᠦᠨ ᠤ ᠥᠯᠢᠭᠡᠷ ᠠᠪᠬᠤ ᠠᠵᠢᠯ ᠢ ᠪᠡᠶᠡᠯᠡᠭᠦᠯᠵᠦ᠂ ᠪᠠᠷᠢᠮᠵᠢᠶ᠎ᠠ ᠳᠤ ᠨᠡᠶᠢᠴᠡᠬᠦ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠴᠠᠬᠢᠯᠭᠠᠨ ᠬᠤᠷᠢᠶᠠᠭᠤᠷ᠂ ᠴᠠᠬᠢᠯᠭᠠᠨ ᠴᠡᠨᠡᠭᠯᠡᠬᠦ ᠦᠢᠯᠡᠳᠬᠦᠨ ᠢ ᠪᠣᠷᠣᠯᠠᠭᠤᠯᠬᠤ ᠦᠢᠯᠡ ᠠᠵᠢᠯᠯᠠᠭ᠎ᠠ ᠣᠷᠣᠰᠢᠵᠤ ᠪᠠᠶᠢᠬᠤ ᠪᠣᠷᠣᠯᠠᠭᠤᠯᠬᠤ ᠨᠢᠭᠡᠴᠢ ᠳᠤ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠬᠢᠷᠢ ᠲᠡᠩᠴᠡᠬᠦ ᠥᠬᠡᠶ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠪᠡ︔ ᠣᠯᠵᠤ ᠮᠡᠳᠡᠭᠰᠡᠨ ᠶᠠᠰᠤ ᠴᠢᠨᠠᠷ ᠤᠨ ᠡᠮᠵᠡᠭ ᠲᠠᠢ ᠦᠢᠯᠡᠳᠬᠦᠨ ᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠤᠯᠢ ᠳᠤ ᠲᠣᠭᠲᠠᠭᠠᠭᠰᠠᠨ ᠡᠭᠦᠷᠭᠡ ᠶᠢ ᠨᠢ ᠭᠦᠢᠴᠡᠳᠬᠡᠯᠭᠡᠵᠦ᠂ ᠦᠢᠯᠡᠳᠬᠦᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃

    ᠲᠦᠷᠪᠡ ᠳᠤ ᠰᠠᠶᠢᠨ ᠤᠬᠠᠭᠤᠯᠭ᠎ᠠ ᠶᠢᠨ ᠴᠡᠷᠢᠭ ᠪᠤᠯᠵᠤ᠂ ᠠᠭᠤᠷ ᠠᠮᠢᠰᠬᠤᠯ ᠢ ᠶᠡᠬᠡᠪᠡᠷ ᠬᠦᠳᠦᠯᠦᠨ ᠵᠢᠯᠣᠭᠤᠳᠪᠠ᠃ ᠪᠥᠬᠦ ᠬᠤᠲᠠ ᠶᠢᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠠᠰᠢᠭᠯᠠᠨ ︽ᠪᠥᠬᠦ ᠬᠤᠲᠠ ᠶᠢᠨ ᠥᠷᠭᠡᠨ ᠣᠯᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠡᠷᠡᠭᠯᠡᠭᠴᠢᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ ᠲᠠᠷᠬᠠᠭᠠᠵᠤ᠂ ᠥᠷᠭᠡᠨ ᠣᠯᠠᠨ ᠬᠡᠷᠡᠭᠯᠡᠭᠴᠢᠳ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠲᠡᠭᠦᠨ ᠤ ᠳ᠋ᠢᠶᠠᠨ ᡂᠢ᠂ ᠴᠠᠬᠢᠯᠭᠠᠨ ᠴᠡᠨᠡᠭᠯᠡᠭᠦᠷ ᠢ ᠬᠤᠳᠠᠯᠳᠤᠨ ᠠᠪᠴᠤ ᠬᠡᠷᠡᠭᠯᠡᠬᠦ ᠳᠤ ᠠᠩᠬᠠᠷᠬᠤ ᠵᠦᠢᠯᠡᠰ ᠢ ᠰᠠᠨᠠᠭᠤᠯᠬᠤ ᠶᠢᠨ ᠬᠠᠮᠲᠤ ᠲᠢᠭ᠋ ᠲᠤᠭ ᠤᠨ ᠠᠯᠪᠠᠨ ᠤ ᠳᠠᠩᠰᠠᠨ ᠳ᠋ᠤᠭᠠᠷ ᠢᠶᠠᠷ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠴᠢᠳ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠠᠮᠢᠶ᠎ᠠ ᠪᠥᠬᠦᠶ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ᠂ CCC ᠭᠡᠷᠡᠴᠢᠯᠡᠭᠡ ᠶᠢᠨ ᠮᠡᠳᠡᠯᠭᠡ ᠶᠢ ᠤᠬᠠᠭᠤᠯᠵᠤ᠂ ᠪᠠᠷᠢᠮᠵᠢᠶ᠎ᠠ ᠠᠴᠠ ᠬᠡᠲᠦᠷᠡᠭᠰᠡᠨ ᠲᠡᠷᠭᠡ ᠬᠥᠰᠬᠡ ᠵᠢᠴᠢ ᠦᠢᠯᠡᠳᠬᠦᠨ ᠢ ᠬᠤᠳᠠᠯᠳᠤᠨ ᠠᠪᠬᠤ ᠶᠢ ᠲᠡᠪᠴᠢᠵᠦ᠂ ᠬᠡᠷᠡᠭᠯᠡᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ ᠣᠳᠣᠬᠠᠨ ᠳᠤ ᠨᠢᠭᠡᠨᠲᠡ ᠭᠤᠤᠯᠳᠠᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ 4 ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠬᠠᠭᠤᠳᠠᠰᠤ ᠶᠢ 2000 ᠭᠠᠷᠤᠶ ᠬᠤᠪᠢ ᠲᠠᠷᠬᠠᠭᠠᠪᠠ᠃

 

ᠢᠷᠡᠯᠲᠡ᠄ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ