ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/7/11

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᡁᠢ ᠬᠤᠩ ︽ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ︾ ᠲᠤᠰᠬᠠᠶ ᠰᠡᠳᠦᠪᠲᠦ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠲᠡ ᠶᠢ ᠠᠬᠢᠭᠤᠯᠬᠤ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠭᠠᠵᠠᠷ᠂ ᠠᠵᠢᠯᠲᠠᠨ ᠤ ᠶᠠᠪᠤᠳᠠᠯ ᠤᠨ ᠭᠠᠵᠠᠷ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠲᠥᠪ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠲᠤᠰᠬᠠᠢ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠡᠷᠬᠢᠯᠡᠬᠦ ᠭᠠᠵᠠᠷ ᠤᠨ ᠪᠥᠬᠦ ᠺᠠᠳ᠋ᠷ ᠠᠵᠢᠯᠲᠠᠨ ᠠᠵᠢᠯᠴᠢᠨ ᠣᠷᠣᠯᠴᠠᠪᠠ᠃

    ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠨᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠳᠤ ᠵᠠᠰᠠᠪᠤᠷᠢ ᠣᠷᠣᠭᠤᠯᠤᠭᠰᠠᠨ ᠭᠤᠣᠯ ᠵᠤᠷᠢᠯᠳᠠᠳᠤ ᠴᠢᠬᠤᠯᠠ ᠠᠭᠤᠯᠭ᠎ᠠ ᠶᠢᠨ ᠲᠣᠭᠤᠷᠢᠨ ᠳᠤ᠂ ︽ᠵᠢᠷᠭᠤᠭᠠᠨ ᠰᠠᠬᠢᠯᠭ᠎ᠠ ᠪᠠᠲᠤ︾ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠬᠥᠭᠵᠢᠯᠲᠡ ᠶᠢ ᠠᠬᠢᠭᠤᠯᠬᠤ ᠵᠡᠷᠭᠡ ᠲᠦᠷᠪᠡᠨ ᠲᠠᠯ᠎ᠠ ᠪᠠᠷ ᠲᠠᠶᠢᠯᠪᠤᠷᠢᠯᠠᠨ ᠵᠢᠭᠠᠵᠤ᠂ ᠨᠠᠮ ᠤᠨ ᠭᠡᠰᠢᠭᠦᠨ ᠺᠠᠳ᠋ᠷᠴᠤᠳ ᠢ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠪᠣᠯᠬᠤ ᠦᠭᠡᠢ ᠭᠡᠳᠡᠭ ᠢ ᠲᠣᠳᠣᠷᠬᠠᠢ ᠣᠶᠢᠯᠠᠭᠠᠬᠤ ᠶᠢ ᠱᠠᠭᠠᠷᠳᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠬᠦ ᠦᠯᠦ ᠮᠡᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠱᠠᠭᠠᠷᠳᠠᠪᠠ᠃ ᠰᠢᠨ᠎ᠡ ᠪᠠᠶᠢᠳᠠᠯ ᠳᠣᠣᠷᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠭᠤᠣᠯᠳᠠᠯᠭ᠎ᠠ ᠶᠢ ᠰᠠᠶᠢᠲᠤᠷ ᠡᠵᠡᠮᠳᠡᠵᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠡᠮᠡᠴᠡᠬᠦ ᠬᠠᠷᠠᠯᠲᠠ ᠶᠢ ᠲᠣᠭᠲᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢᠨ ᠲᠣᠭᠤᠷᠢᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠣᠳᠣᠬᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠵᠢᠴᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠯ᠎ᠡ ᠵᠦᠢᠯ ᠤᠨ ᠬᠢᠨᠠᠨ ᠰᠢᠯᠭᠠᠬᠤ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠦᠨᠡᠨ ᠬᠦ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠬᠤ ᠲᠦᠪ